ᠲᠦᠷᠦᠭᠦᠬᠡᠨ᠂ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠥᠪ ᠠᠴᠠ ᠣᠶᠢᠯᠠᠭᠠᠭᠰᠠᠨ ᠢᠶᠠᠷ᠂ 1 - 10 ᠰᠠᠷ᠎ᠠ ᠳᠤ᠂ ᠮᠠᠨ ᠤ ᠬᠤᠲᠠ | ᠤᠯᠤᠰ ᠤᠨ ᠳᠣᠲᠣᠭᠠᠳᠤ ᠶᠢᠨ ᠪᠠ ᠣᠷᠣᠨ ᠤ ᠭᠠᠳᠠᠨ᠎ᠠ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 225.4 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ | ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢᠨ 100.2% ᠢ ᠪᠡᠶᠡᠯᠡᠭᠦᠯᠵᠦ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ | 21.5 ᠵᠠᠭᠤᠨ ᠤ ᠴᠡᠭ ᠥᠨᠳᠥᠷ ᠪᠣᠯᠭᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠬᠤᠶᠠᠷ ᠰᠠᠷ᠎ᠠ ᠤᠷᠢᠳᠴᠢᠯᠠᠨ | ᠪᠡᠶᠡᠯᠡᠭᠦᠯᠵᠦ᠂ ᠪᠥᠬᠦ ᠣᠷᠣᠨ ᠤ ᠪᠥᠬᠦ ᠵᠢᠯ ᠤᠨ ᠬᠠᠷᠠᠯᠲᠠ ᠡᠭᠦᠷᠭᠡ ᠪᠠᠨ ᠤᠷᠢᠳᠠᠪᠠᠷ ᠪᠡᠶᠡᠯᠡᠭᠦᠯᠦᠭᠰᠡᠨ ᠠᠶᠢᠮᠠᠭ ᠬᠤᠲᠠ ᠪᠣᠯᠪᠠ᠃ | ᠡᠨᠡ ᠵᠢᠯ ᠠᠴᠠ ᠨᠠᠰᠢ᠂ ᠮᠠᠨ ᠤ ᠬᠤᠲᠠ ᠰᠢᠯᠭᠠᠯᠲᠠ ᠲᠤᠰᠢᠶᠠᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠥᠬᠦ ᠵᠢᠯ ᠳᠤ ᠪᠠᠯᠠ ᠮᠥᠩᠭᠦ ᠶᠢᠨ ᠬᠠᠷᠠᠯᠲᠠ | ᠡᠭᠦᠷᠭᠡ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠳᠤ ᠪᠥᠬᠦ ᠡᠯᠧᠮᠧᠨ᠋ᠲ ᠤᠨ ᠪᠠᠲᠤᠯᠠᠭ᠎ᠠ ᠬᠠᠩᠭᠠᠵᠤ᠂ ᠬᠠᠭᠤᠴᠢᠨ | ᠠᠵᠤ ᠠᠬᠤᠶᠢᠯᠠᠯ ᠤᠨ ᠳᠠᠬᠢᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠳᠡᠮᠵᠢᠨ ︽ᠬᠠᠭᠤᠴᠢᠨ ᠮᠣᠳᠣ ᠶᠢ ᠰᠢᠨ᠎ᠡ ᠪᠠᠷ ᠰᠣᠶᠣᠭᠠᠯᠠᠬᠤ︾ ᠶᠢ ᠠᠬᠢᠭᠤᠯᠵᠤ᠂ ᠰᠢᠨ᠎ᠡ | ᠲᠥᠷᠥᠯ ᠵᠦᠢᠯ ᠢ ᠣᠷᠣᠭᠤᠯᠤᠨ ᠠᠪᠴᠢᠷᠠᠵᠤ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠣᠶ ᠪᠣᠯᠭᠠᠵᠤ ︽ᠰᠢᠨ᠎ᠡ ᠮᠣᠳᠣ ᠶᠢ ᠪᠣᠶ ᠪᠣᠯᠭᠠᠵᠤ ᠰᠢᠨ᠎ᠡ ᠴᠡᠴᠡᠭ ᠢ ᠨᠡᠭᠡᠭᠡᠬᠦ︾ | ᠶᠢ ᠪᠡᠶᠡᠯᠡᠭᠦᠯᠪᠡ᠃ 6 ᠳ᠋ᠤᠭᠠᠷ ᠰᠠᠷ᠎ᠠ ᠠᠴᠠ ᠨᠠᠰᠢ᠂ ᠪᠥᠬᠦ ᠬᠤᠲᠠ ᠶᠢᠨ ᠣᠷᠣᠭᠤᠯᠤᠨ ᠠᠪᠴᠢᠷᠠᠭᠰᠠᠨ ᠪᠠᠯᠠ ᠮᠥᠩᠭᠦ ᠶᠢᠨ ᠨᠡᠮᠡᠭᠳᠡᠯ ᠤᠨ ᠬᠤᠷᠳᠤᠴᠠ ᠨᠢ ᠪᠥᠬᠦ | ᠣᠷᠣᠨ ᠤ ᠡᠮᠦᠨ᠎ᠡ ᠬᠤᠶᠠᠷ ᠪᠠᠶᠢᠷᠢ ᠳᠤ ᠦᠷᠭᠦᠯᠵᠢᠯᠡᠨ ᠵᠢᠭᠰᠠᠭᠠᠭᠳᠠᠪᠠ᠃ | |