ᠮᠠᠨ ᠤ ᠬᠤᠲᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/2/21
      ᠬᠠᠪᠤᠷ ᠤᠨ ᠡᠬᠢᠨ ᠳᠤ᠂ ᠮᠠᠨ ᠤ ᠬᠤᠲᠠ ᠡᠷᠲᠡ ᠠᠴᠠ ᠠᠷᠭ᠎ᠠ ᠰᠦᠪᠡᠭᠴᠢᠯᠡᠵᠦ᠂ ᠡᠷᠲᠡ ᠠᠴᠠ ᠭᠠᠷ ᠬᠥᠳᠡᠯᠵᠦ᠂ ᠦᠷ᠎ᠡ᠂ ᠬᠢᠮᠢ ᠶᠢᠨ ᠪᠣᠷᠳᠣᠭᠤᠷ᠂ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨ ᠬᠦ ᠪᠠᠲᠤᠯᠠᠪᠠ᠃       ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠬᠤᠲᠠ ᠶᠢᠨ ᠭᠤᠣᠯ ᠪᠣᠯᠬᠤ ᠲᠠᠷᠢᠮᠠᠯ ᠤᠨ ᠦᠷ᠎ᠡ ᠶᠢᠨ ᠬᠡᠷᠡᠭᠰᠡᠬᠦ ᠬᠡᠮᠵᠢᠶ᠎ᠡ 5540 ᠲᠦᠮᠡᠨ ᠵᠢᠩ ᠪᠠᠶᠢᠵᠤ᠂ ᠡᠭᠦᠨ ᠳᠤ ᠪᠤᠭᠤᠳᠠᠢ ᠶᠢᠨ ᠦᠷ᠎ᠡ 2750 ᠲᠦᠮᠡᠨ ᠵᠢᠩ᠂ ᠡᠷᠳᠡᠨᠢ ᠰᠢᠰᠢ ᠶᠢᠨ ᠦᠷ᠎ᠡ 2430 ᠲᠦᠮᠡᠨ ᠵᠢᠩ᠂ ᠨᠠᠷᠠᠨ ᠬᠤᠸᠠᠷ ᠤᠨ ᠦᠷ᠎ᠡ 360 ᠲᠦᠮᠡᠨ ᠵᠢᠩ ᠪᠠᠶᠢᠵᠤ᠂ ᠣᠳᠣ ᠨᠢᠭᠡᠨᠲᠡ 2491.4 ᠲᠦᠮᠡᠨ ᠵᠢᠩ ᠨᠥᠭᠡᠴᠡᠯᠡᠵᠦ ᠪᠠᠶᠢᠨ᠎ᠠ᠃ ᠬᠢᠮᠢ ᠶᠢᠨ ᠪᠣᠷᠳᠣᠭᠤᠷ ᠤᠨ ᠶᠡᠷᠦᠩᠬᠡᠢ ᠬᠡᠷᠡᠭᠴᠡᠭᠡᠨ ᠤ ᠬᠡᠮᠵᠢᠶ᠎ᠡ ᠨᠢ 36 ᠲᠦᠮᠡᠨ ᠲᠣᠨ ︵ᠴᠡᠪᠡᠷ ᠬᠡᠮᠵᠢᠶ᠎ᠡ ᠪᠠᠷ ᠨᠤᠭᠤᠯᠤᠨ ᠪᠣᠳᠣᠬᠤ︶᠂ ᠡᠭᠦᠨ ᠤ ᠳᠣᠲᠣᠷ᠎ᠠ ᠦᠷ᠎ᠡ ᠶᠢᠨ ᠪᠣᠷᠳᠣᠭᠤᠷ ᠢ 25 ᠲᠦᠮᠡᠨ ᠲᠣᠨ ︵ᠬᠤᠶᠠᠷ ᠠᠮᠮᠣᠨᠢ 10.6 ᠲᠦᠮᠡᠨ ᠲᠣᠨ᠂ ᠰᠢᠭᠡᠰᠦᠯᠢᠭ ᠡᠳ᠋ ᠢ 4.6 ᠲᠦᠮᠡᠨ ᠲᠣᠨ᠂ ᠨᠡᠶᠢᠯᠡᠮᠡᠯ ᠪᠣᠷᠳᠣᠭᠤᠷ ᠢ 7.9 ᠲᠦᠮᠡᠨ ᠲᠣᠨ᠂ ᠺᠠᠯᠢ ᠶᠢᠨ ᠪᠣᠷᠳᠣᠭᠤᠷ ᠢ 1.9 ᠲᠦᠮᠡᠨ ᠲᠣᠨ︶᠂ ᠣᠳᠣ ᠨᠢᠭᠡᠨᠲᠡ 17.66 ᠲᠦᠮᠡᠨ ᠲᠣᠨ ᠨᠥᠭᠡᠴᠡᠯᠡᠵᠦ ᠪᠠᠶᠢᠨ᠎ᠠ᠃ ᠰᠦᠯᠢᠶᠣᠣ ᠪᠦᠷᠬᠦᠪᠴᠢ ᠶᠢᠨ ᠬᠡᠷᠡᠭᠰᠡᠬᠦ ᠬᠡᠮᠵᠢᠶ᠎ᠡ ᠨᠢ 3.3 ᠲᠦᠮᠡᠨ ᠲᠣᠨ ᠪᠠᠶᠢᠵᠤ᠂ ᠣᠳᠣ ᠨᠢᠭᠡᠨᠲᠡ 0.5 ᠲᠦᠮᠡᠨ ᠲᠣᠨ ᠨᠥᠭᠡᠴᠡᠯᠡᠵᠦ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ