ᠵᠠᠰᠠᠭ ᠤᠨ ᠣᠷᠳᠣᠨ ᠤ ᠠᠵᠢᠯ ᠤᠨ ᠢᠯᠡᠳᠬᠡᠯ | | —2024 ᠣᠨ ᠤ 1 ᠰᠠᠷ᠎ᠠ ᠶᠢᠨ 16 ᠤ ᠡᠳᠦᠷ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ | | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠫᠢᠩ | | | ᠲᠥᠯᠥᠭᠡᠯᠡᠭᠴᠢᠳ ᠠ᠋᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠬᠢᠯᠡᠯᠲᠡ ᠶᠢᠨ ᠵᠢᠯ ᠪᠣᠯᠬᠤ ᠪᠥᠭᠡᠳ ᠪᠠᠶᠠᠨᠨᠠᠭᠤᠷ ᠤᠨ ᠬᠥᠭᠵᠢᠯᠲᠡ ᠶᠢᠨ ᠲᠡᠦᠬᠡᠨ ᠳᠡᠭᠡᠷᠡᠬᠢ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠪᠡᠯᠭᠡ ᠲᠡᠮᠳᠡᠭ ᠤᠨ | ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠰᠢ ᠶᠢᠨ ᠫᠢᠩ ᠶᠡᠷᠦᠩᠬᠡᠢ ᠱᠦᠵᠢ ᠮᠠᠨ ᠤ ᠬᠤᠲᠠ ᠳᠤ ᠰᠠᠭᠠᠲᠠᠵᠤ ᠰᠢᠨᠵᠢᠯᠡᠨ ᠪᠠᠶᠢᠴᠠᠭᠠᠵᠤ ᠴᠦᠯᠯᠡᠷᠬᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠢᠳᠡᠨ ᠳᠤ ᠲᠤᠩ ᠶᠡᠭᠡ ᠤᠯᠤᠰ ᠲᠦᠷᠦ ᠶᠢᠨ ᠬᠠᠯᠠᠮᠵᠢᠯᠠᠯ | ᠪᠣᠯᠣᠨ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠤᠷᠤᠭᠰᠢᠯᠠᠯᠲᠠ ᠶᠢᠨ | ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠴᠣ | ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠪᠦᠬᠦ ᠬᠤᠳᠠ ᠶᠢᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ︽ᠲᠠᠪᠤᠨ ᠥᠨᠳᠥᠷ ᠲᠠᠪᠤᠨ ᠣᠷᠣᠨ︾ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ | ᠡᠯ᠎ᠡ ᠵᠦᠢᠯ ᠤᠨ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ᠃ | ᠨᠢᠭᠡ ᠳᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠠᠭᠠᠤ ᠳᠤ ᠰᠠᠶᠢᠵᠢᠷᠠᠪᠠ᠃ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ | 138 ᠵᠤᠷᠪᠤᠰ ᠢ ᠲᠣᠭᠲᠠᠭᠠᠨ ᠨᠡᠶᠢᠲᠡᠯᠡᠵᠦ᠂ 37.13 ᠳ᠋ᠦᠩᠰᠢᠭᠤᠷ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ | 194 ᠴᠢᠬᠤᠯᠠ ᠶᠡᠭᠡ ᠲᠥᠷᠥᠯ ᠵᠦᠢᠯ ᠳᠤ 407.99 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 27.5% ᠪᠠᠷ ᠨᠡᠮᠡᠭᠳᠡᠪᠡ᠃ | ᠵᠢᠱᠢᠯᠲᠡ ᠪᠠᠷ 280 ᠳ᠋ᠦᠩᠰᠢᠭᠤᠷ ᠲᠥᠭᠦᠷᠢᠭ ᠣᠷᠴᠢᠮ ᠤᠨ ᠪᠠᠶᠢᠷᠢᠨ ᠳᠤ ᠣᠷᠣᠭᠰᠠᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ 58.6% ᠪᠠᠷ | ᠨᠡᠮᠡᠭᠳᠡᠪᠡ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠵᠦᠭᠰᠢᠷᠡᠭᠦᠯᠬᠦ ᠣᠨ ᠤ ᠬᠠᠷᠠᠯᠲᠠ ᠪᠠᠨ ᠪᠡᠶᠡᠯᠡᠭᠦᠯᠵᠦ᠂ ᠲᠡᠦᠬᠡ ᠶᠢᠨ ᠦᠯᠡᠳᠡᠭᠳᠡᠯ | ᠥᠷᠢᠲᠦᠭᠰᠡᠨ ᠪᠡᠯᠡ ᠮᠥᠩᠭᠦ ᠶᠢ145.88 ᠳ᠋ᠦᠩᠰᠢᠭᠤᠷ ᠲᠥᠭᠦᠷᠢᠭ ᠲᠥᠯᠥᠪᠡ᠃ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ᠂ ᠲᠤᠰᠢᠶᠠᠬᠤ ᠭᠠᠶᠢᠯᠢ ᠶᠢᠨ ᠰᠦᠢᠳᠬᠡᠯ ᠨᠢ ᠴᠥᠮ ᠶᠡᠭᠡ ᠬᠡᠮᠵᠢᠶ᠎ᠡ ᠪᠠᠷ | ᠨᠡᠮᠡᠭᠳᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠭᠰᠢᠭᠦᠷᠢ᠂ ᠭᠡᠷ ᠪᠠᠶᠢᠰᠢᠩ ᠭᠠᠵᠠᠷ ᠰᠢᠷᠣᠢ ᠶᠢᠨ ᠠᠵᠤ | ᠠᠬᠤᠶᠢᠯᠠᠯ ᠤᠨ ᠭᠡᠷ᠎ᠡ ᠶᠢ ᠭᠦᠢᠴᠡᠳᠬᠡᠬᠦ ᠲᠦᠭᠰᠢᠭᠦᠷᠢ ᠶᠢ ᠯᠠᠪᠳᠠᠭᠤᠨ ᠬᠢᠴᠢᠶᠡᠩᠭᠦᠢ ᠰᠢᠢᠳᠪᠦᠷᠢᠯᠡᠪᠡ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ︾ | ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ 5876 ᠮᠦ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ | ᠰᠢᠢᠳᠪᠦᠷᠢᠯᠡᠵᠦ᠂ 1058 ᠮᠦ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠵᠡᠢ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ | ᠣᠷᠣᠯᠭ᠎ᠠ ᠵᠠᠷᠤᠯᠭ᠎ᠠ 80.15 ᠳ᠋ᠦᠩᠰᠢᠭᠤᠷ ᠲᠥᠭᠦᠷᠢᠭ᠂ 364.73 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2022 ᠣᠨ ᠳᠤ 30.9%᠂ 14. | 5% ᠨᠡᠮᠡᠭᠳᠡᠭᠰᠡᠨ ᠰᠠᠭᠤᠷᠢᠨ ᠳᠡᠭᠡᠷ᠎ᠡ ᠳᠠᠬᠢᠨ 3.4%᠂ 18.7% ᠪᠠᠷ ᠨᠡᠮᠡᠭᠳᠡᠪᠡ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 7% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 11.4 % ᠣᠷᠴᠢᠮ | ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 24% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ ᠶᠢ 7% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ ᠲᠣᠰ ᠲᠣᠰ 6% ᠪᠠ 8% ᠣᠷᠴᠢᠮ ᠨᠡᠮᠡᠭᠳᠡᠭᠦᠯᠪᠡ᠃ | ᠬᠤᠶᠠᠷ ᠲᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠠᠯᠬᠤᠴᠠ ᠶᠢ ᠲᠦᠷᠭᠡᠳᠬᠡᠪᠡ᠃ ᠪᠦᠬᠦᠶᠢᠯᠡ ᠤᠰᠤᠯᠠᠯᠲᠠ ᠶᠢᠨ ᠣᠷᠣᠨ ᠳᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠯᠤᠰ ᠤᠨ ᠲᠤᠷᠰᠢᠯᠲᠠ ᠶᠢᠨ ᠣᠷᠣᠨ ᠵᠥᠪᠰᠢᠶᠡᠷᠡᠭᠳᠡᠨ ᠬᠡᠷᠡᠭᠵᠢᠭᠦᠯᠵᠦ᠂ | ᠵᠢᠯ ᠤᠨ ᠳᠣᠲᠣᠷ᠎ᠠ 93 ᠲᠦᠮᠡᠨ ᠮᠦ ᠪᠠᠶᠢᠭᠤᠯᠵᠤ ᠳᠠᠭᠤᠰᠬᠠᠪᠠ᠃ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠤᠨ ᠴᠤᠭᠯᠠᠭᠠᠨ ᠢ ᠡᠷᠭᠢᠯᠡᠵᠦ᠂ ︽ᠨᠢᠭᠡ ᠬᠦᠷᠢᠶᠡᠯᠡᠩ ᠲᠤᠯᠤᠭᠠᠨ ᠲᠥᠪ︾ ᠢ ᠪᠠᠶᠢᠭᠤᠯᠬᠤ ᠶᠢᠨ ᠬᠠᠮᠲᠤ | ᠪᠣᠳᠠᠲᠤ ᠴᠣᠭᠴᠠᠵᠢᠭᠤᠯᠤᠨ ᠠᠵᠢᠯᠯᠠᠭᠤᠯᠪᠠ᠃ ᠠᠮᠤ ᠪᠤᠳᠠᠭ᠎ᠠ᠂ ᠮᠢᠬᠠᠨ ᠤ ᠵᠦᠢᠯ᠂ ᠦᠨᠢᠶᠡᠨ ᠰᠦ ᠶᠢᠨ ᠭᠠᠷᠤᠯᠲᠠ ᠲᠣᠰ ᠲᠣᠰ 58.89 ᠳ᠋ᠦᠩᠰᠢᠭᠤᠷ ᠵᠢᠩ᠂ | 51.04 ᠲᠦᠮᠡᠨ ᠲᠣᠨ᠂ 134.95 ᠲᠦᠮᠡᠨ ᠲᠣᠨ ᠳᠤ ᠬᠦᠷᠴᠦ᠂ ᠪᠤᠭᠤᠳᠠᠢ᠂ ᠨᠡᠷᠡᠨ ᠬᠤᠸᠠᠷ ᠤᠨ ᠲᠠᠯᠠᠪᠠᠶ ᠨᠢᠭᠡᠴᠢ ᠶᠢᠨ ᠤᠨᠠᠯᠲᠠ ᠨᠢ ᠪᠦᠬᠦ ᠣᠷᠣᠨ ᠤ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠮᠠᠨ ᠤ ᠬᠤᠲᠠ ︽ᠳᠤᠮᠳᠠᠳᠤ ᠤᠯᠤᠰ ᠤᠨ ᠬᠤᠨᠢᠨ ᠤ ᠬᠤᠲᠠ︾ ︽ᠳᠤᠮᠳᠠᠳᠤ ᠤᠯᠤᠰ ᠤᠨ ᠡᠯᠡᠰᠦᠨ ᠴᠥᠯ ᠤᠨ | ᠣᠷᠭᠠᠨᠢᠭ ᠰᠦ ᠶᠢᠨ ᠰᠠᠭᠤᠷᠢᠨ ᠭᠠᠵᠠᠷ︾ ᠤᠨ ᠴᠣᠯᠠ ᠭᠥᠷᠳᠡᠪᠡ᠃ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠨᠡᠶᠢᠲᠡ 22 ᠠᠵᠤ ᠠᠬᠤᠶᠢᠯᠠᠯ᠂ 132 ᠵᠦᠢᠯ ᠤᠨ ᠦᠢᠯᠡᠳᠬᠦᠨ ᠳᠤ ᠡᠷᠬᠡ ᠣᠯᠭᠤᠪᠠ᠃ ᠤᠯᠤᠰ ᠤᠨ ᠲᠠᠰ ᠤᠨ ᠪᠣᠬᠢᠷᠲᠤᠯ | ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ 1᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 20 ᠰᠢᠨ᠎ᠡ ᠪᠠᠷ | ᠨᠡᠮᠡᠭᠳᠡᠭᠦᠯᠦᠨ᠂ ᠵᠢᠱᠢᠯᠲᠡ ᠪᠠᠷ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠤᠨ ᠨᠡᠮᠡᠭᠳᠡᠯ ᠥᠷᠲᠡᠭ 12.4% ᠨᠡᠮᠡᠭᠳᠡᠪᠡ᠃ ᠤᠯᠠᠭᠠᠨᠪᠤᠬ᠎ᠠ ᠶᠢᠨ | ᠡᠯᠡᠰᠦᠨ ᠴᠦᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠵᠥᠪᠰᠢᠶᠡᠷᠡᠭᠳᠡᠨ ᠪᠠᠶᠢᠭᠤᠯᠤᠭᠳᠠᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠲᠣᠣᠷ ᠲᠤ | ᠨᠡᠶᠢᠯᠡᠭᠦᠯᠦᠭᠰᠡᠨ ᠬᠡᠮᠵᠢᠶ᠎ᠡ 397.77 ᠲᠦᠮᠡᠨ ᠺᠢᠯᠣᠸᠠᠲ ᠬᠦᠷᠪᠡ᠃ 4A ᠳᠡᠰ ᠤᠨ ᠦᠵᠡᠮᠵᠢ ᠶᠢᠨ ᠣᠷᠣᠨ ᠢ 2 ᠰᠢᠨ᠎ᠡ ᠪᠠᠷ ᠨᠡᠮᠡᠭᠳᠡᠭᠦᠯᠵᠦ᠂ ᠬᠠᠲᠤᠨ | ᠭᠤᠣᠯ ᠤᠨ ᠲᠣᠬᠤᠢ ᠶᠠᠪᠠᠭᠠᠨ ᠵᠡᠭᠡᠯᠢ ᠤᠯᠤᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠰᠣᠩᠭᠤᠭᠳᠠᠪᠠ᠃ ᠪᠣᠭᠤᠮᠲᠠ ᠶᠢᠨ ᠶᠡᠷᠦᠩᠬᠡᠢ | ᠵᠠᠬᠢᠷᠭ᠎ᠠ ᠶᠢᠨ ᠵᠥᠪᠰᠢᠶᠡᠷᠡᠭᠰᠡᠨ ᠦᠷ᠎ᠡ ᠴᠥᠮ᠎ᠡ ᠶᠢᠨ ᠲᠦᠷᠦᠯ ᠤᠨ ᠦᠢᠯᠡᠳᠬᠦᠨ ᠤ ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠤᠨ | ᠦᠨᠡᠯᠡᠬᠦ ᠰᠠᠭᠤᠷᠢᠨ ᠭᠠᠵᠠᠷ᠂ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ | ᠣᠷᠣᠭᠤᠯᠪᠠ᠃ | ᠭᠤᠷᠪᠠ ᠳᠤ᠂ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠰᠤᠳᠤᠯᠭᠠᠨ ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ | ᠮᠠᠨ ᠤ ᠬᠤᠲᠠ ᠳᠤ ᠨᠤᠲᠤᠭᠰᠢᠵᠤ᠂ 56.29 ᠲᠦᠮᠡᠨ ᠮᠦ ᠶᠢᠨ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠤᠯᠠᠭᠠᠨᠰᠤᠬᠠᠢ ᠨᠠᠭᠤᠷ ᠤᠯᠤᠰ ᠤᠨ ᠴᠢᠬᠤᠯᠠ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ᠃ ᠤᠯᠠᠭᠠᠨᠰᠤᠬᠠᠢ ᠨᠠᠭᠤᠷ ᠤᠨ | ᠰᠠᠪᠠ ᠭᠠᠵᠠᠷ ᠤᠨ ᠠᠭᠤᠯᠠ ᠤᠰᠤ ᠣᠶ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢᠨ | ᠲᠤᠷᠰᠢᠯᠲᠠ ᠶᠢᠨ ᠢᠨᠵᠧᠨᠧᠷᠢᠩ ᠶᠡᠷᠦᠩᠬᠡᠢ ᠰᠢᠯᠭᠠᠨ ᠪᠠᠶᠢᠴᠠᠭᠠᠯᠲᠠ ᠶᠢ ᠥᠩᠭᠡᠷᠡᠭᠦᠯᠵᠦ᠂ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ | ᠵᠠᠩᠭᠢᠯᠠᠭ᠎ᠠ ᠶᠢᠨ ᠮᠡᠷᠭᠡᠵᠢᠯ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠵᠠᠰᠠᠨ ᠰᠡᠷᠭᠦᠭᠡᠵᠦ | ᠰᠢᠨ᠎ᠡ ᠶᠢ ᠡᠭᠦᠳᠬᠦ ᠬᠡᠷᠡᠭᠯᠡᠭᠡᠨ ᠤ ᠮᠡᠷᠭᠡᠵᠢᠯ ᠤᠨ ᠨᠡᠷᠡᠰ ᠤᠨ ᠵᠢᠭᠰᠠᠭᠠᠯᠲᠠ ᠳᠤ ᠣᠷᠣᠵᠤ᠂ ᠤᠯᠠᠭᠠᠨᠪᠤᠬ᠎ᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠪᠦᠬᠦ ᠤᠯᠤᠰ ᠤᠨ ᠠᠭᠤᠯᠠ ᠤᠰᠤ ᠣᠶ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠤᠨ ᠲᠦᠷᠦᠭᠦᠸ ᠪᠦᠯᠦᠭ ᠤᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠳᠤ ᠣᠷᠣᠪᠠ᠃ ᠪᠦᠬᠦ ᠵᠢᠯ ᠳᠤ 1.43 | ᠳ᠋ᠦᠩᠰᠢᠭᠤᠷ ᠺᠦᠪ ᠮᠧᠲᠷ ᠤᠨ ᠲᠠᠷᠢᠶᠠᠯᠠᠩ ᠤᠨ ᠤᠰᠤ ᠠᠷᠪᠢᠯᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠦᠬᠦ ᠤᠯᠤᠰ ᠤᠨ ᠤᠰᠤ ᠠᠷᠪᠢᠯᠠᠬᠤ | ᠬᠡᠯᠪᠡᠷᠢ ᠶᠢᠨ ᠵᠢᠱᠢᠶ᠎ᠡ ᠦᠵᠡᠭᠦᠯᠬᠦ ᠤᠰᠤᠯᠠᠯᠲᠠ ᠵᠢᠨᠣᠷᠣᠨ ᠢᠶᠠᠷ ᠦᠨᠡᠯᠡᠭᠳᠡᠵᠦ᠂ ᠲᠠᠷᠢᠶᠠᠯᠠᠩ ᠤᠨ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠯᠪᠠᠨ ᠭᠡᠷ ᠠᠴᠠ ᠨᠠᠶᠢᠷᠠᠭᠤᠯᠤᠨ ᠲᠠᠷᠬᠠᠭᠠᠵᠤ | ᠲᠠᠨᠢᠯᠴᠠᠭᠤᠯᠪᠠ᠃ ᠠᠭᠠᠷ ᠤᠨ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 90.8% ᠳᠤ ᠬᠦᠷᠴᠦ᠂ ᠭᠠᠵᠠᠷ ᠳᠡᠭᠡᠷᠡᠬᠢ ᠤᠰᠤᠨ ᠤ ᠤᠯᠤᠰ ᠤᠨ | ᠡᠵᠡᠮᠳᠡᠯ ᠤᠨ ᠣᠭᠲᠣᠯᠣᠭᠠᠰᠤ ᠶᠢᠨ ᠤᠰᠤᠨ ᠤ ᠴᠢᠨᠠᠷ ᠲᠣᠭᠲᠠᠭᠤᠨ ᠢᠶᠠᠷ ᠪᠠᠷᠢᠮᠵᠢᠶ᠎ᠠ ᠳᠤ ᠬᠥᠷᠪᠡ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠪᠡ᠃ | ᠳᠥᠷᠪᠡ ᠳᠤ᠂ ᠥᠭᠡᠷᠡᠴᠢᠯᠡᠯᠲᠡ ᠨᠡᠭᠡᠭᠡᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ 181 ᠵᠤᠷᠪᠤᠰ ᠪᠠ ᠮᠠᠨ ᠤ ᠬᠤᠲᠠ ᠶᠢᠨ 183 ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠨᠢᠭᠡ ᠰᠦᠯᠵᠢᠶ᠎ᠡ ᠪᠠᠷ | ᠨᠡᠶᠢᠳᠡᠮ ᠰᠢᠢᠳᠪᠦᠷᠢᠯᠡᠬᠦ︾ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠶᠡᠷᠦᠩᠬᠡᠶᠢᠯᠡᠭᠰᠡᠨ ᠨᠢᠭᠡ ᠴᠣᠩᠬᠤ ︾ ᠶᠢᠨ ᠭᠥᠯᠢᠶᠡᠨ ᠠᠪᠴᠤ ᠰᠢᠢᠳᠪᠦᠷᠢᠯᠡᠬᠦ | ᠨᠣᠷᠮ᠎ᠠ 84.5% ᠳᠤ ᠬᠥᠷᠪᠡ᠃ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ︽ᠦᠨᠡᠮᠯᠡᠯ ᠬᠡᠷᠡᠭᠯᠡᠬᠦ ᠦᠭᠡᠢ ᠪᠠᠷ ᠰᠢᠢᠳᠪᠦᠷᠢᠯᠡᠬᠦ︾ ᠵᠠᠰᠠᠭ ᠤᠨ | ᠶᠠᠪᠤᠳᠠᠯ ᠤᠨ ᠦᠢᠯᠡᠴᠢᠯᠡᠭᠡ ᠲᠤᠰ ᠲᠤᠰ 275᠂ 658 ᠳᠤ ᠬᠦᠷᠴᠦ᠂ ︽ᠨᠢᠭᠡ ᠤᠴᠢᠷ ᠢ ᠨᠢᠭᠡ ᠤᠳᠠᠭ᠎ᠠ ᠳᠤ ᠰᠢᠢᠳᠪᠦᠷᠢᠯᠡᠬᠦ︾ ᠡᠷᠴᠢᠮᠵᠢᠭᠦᠯᠦᠭᠰᠡᠨ | ᠦᠢᠯᠡᠴᠢᠯᠡᠭᠡ ᠶᠢ 323 ᠳᠤ ᠬᠦᠷᠦᠭᠦᠯᠵᠦ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ 866 ᠪᠠᠶᠢᠭᠤᠯᠪᠠ᠃ ᠪᠥᠬᠦ | ᠬᠤᠲᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 3.25 ᠲᠦᠮᠡᠨ ᠡᠷᠦᠬᠡ ᠰᠢᠨ᠎ᠡ ᠪᠠᠷ ᠪᠠᠶᠢᠭᠤᠯᠵᠤ᠂ 35.0% ᠢᠶᠠᠷ ᠨᠡᠮᠡᠭᠳᠡᠪᠡ᠃ ᠭᠠᠭᠴᠠᠮᠣᠳᠤ | ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3785.67 ᠲᠦᠮᠡᠨ ᠲᠣᠨ ᠳᠤ | ᠬᠦᠷᠴᠦ᠂ 98.5% ᠪᠠᠷ ᠨᠡᠮᠡᠭᠳᠡᠵᠦ᠂ AGV ᠶᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠦᠷᠦᠯ ᠵᠦᠢᠯ ᠪᠦᠬᠦ ᠤᠯᠤᠰ ᠤᠨ ᠤᠯᠠᠨ | ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠡᠭᠦᠳᠦᠨ ᠪᠠᠶᠢᠭᠤᠯᠬᠤ ᠲᠦᠷᠦᠯ ᠵᠦᠢᠯ ᠳᠤ ᠰᠣᠩᠭᠤᠭᠳᠠᠪᠠ᠃ ᠪᠦᠬᠦ | ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠥᠷᠲᠡᠭ 437.10 ᠳ᠋ᠦᠩᠰᠢᠭᠤᠷ ᠲᠥᠭᠦᠷᠢᠭ ᠲᠤ ᠬᠦᠷᠴᠦ᠂ 22. | 2% ᠢᠶᠠᠷ ᠨᠡᠮᠡᠭᠳᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠥᠷᠲᠡᠭ 65.48 ᠳ᠋ᠦᠩᠰᠢᠭᠤᠷ ᠲᠥᠭᠦᠷᠢᠭ ᠲᠤ ᠬᠦᠷᠴᠦ᠂ 31. | 4% ᠪᠠᠷ ᠨᠡᠮᠡᠭᠳᠡᠵᠦ᠂ 15 ᠵᠢᠯ ᠳᠠᠷᠠᠭᠠᠯᠠᠨ ᠪᠦᠬᠦ ᠣᠷᠣᠨ ᠤ ᠨᠢᠭᠡᠳᠦᠭᠡᠷ ᠲᠤ ᠣᠷᠣᠪᠠ᠃ | ᠲᠠᠪᠤ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ | ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ 380 ᠵᠦᠢᠯ ᠤᠨ ᠴᠢᠨᠠᠷ ᠰᠠᠶᠢᠲᠠᠢ ᠮᠠᠯ ᠲᠠᠷᠢᠶᠠᠯᠠᠩ ᠤᠨ ᠪᠦᠲᠦᠭᠡᠭᠳᠡᠬᠦᠨ ᠨᠡᠶᠢᠰᠯᠡᠯ ᠤᠨ | ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠲᠤ ᠪᠣᠷᠣᠯᠠᠭᠤᠯᠤᠭᠳᠠᠪᠠ᠃ ᠪᠠᠴᠢᠮ ᠳᠤᠲᠠᠭᠳᠠᠵᠤ ᠪᠠᠶᠢᠭ᠎ᠠ ᠳᠡᠭᠡᠳᠦ ᠴᠢᠳᠠᠪᠤᠷᠢᠲᠠᠨ ᠢ 124 ᠤᠷᠢᠨ ᠣᠷᠣᠭᠤᠯᠤᠨ | ᠠᠪᠴᠢᠷᠠᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.6% ᠳᠤ ᠬᠢᠵᠠᠭᠠᠷᠯᠠᠪᠠ᠃ ᠳᠤᠮᠳᠠᠳᠤ ᠪᠠᠭ᠎ᠠ ᠰᠤᠷᠭᠠᠭᠤᠯᠢ | ᠬᠡᠦᠬᠡᠳ ᠤᠨ ᠴᠡᠴᠡᠷᠯᠢᠭ ᠢ 13 ᠰᠢᠨ᠎ᠡ ᠪᠠᠷ ᠪᠠᠶᠢᠭᠤᠯᠵᠤ᠂ ᠦᠷᠭᠦᠯᠵᠢᠯᠡᠨ ᠪᠠᠶᠢᠭᠤᠯᠵᠤ᠂ ᠡᠷᠳᠡᠮ ᠤᠨ ᠴᠣᠯᠠ ᠶᠢ 5400 ᠰᠢᠨ᠎ᠡ ᠪᠠᠷ ᠨᠡᠮᠡᠭᠳᠡᠭᠦᠯᠪᠡ᠃ | ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠵᠤ᠂ ᠬᠤᠲᠠ ᠶᠢᠨ ᠬᠤᠶᠠᠳᠤᠭᠠᠷ ᠡᠮᠨᠡᠯᠭᠡ ᠶᠢᠨ | ᠬᠤᠷᠢᠶ᠎ᠠ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠮᠠᠯᠵᠢᠬᠤ ᠲᠠᠷᠢᠶᠠᠯᠠᠬᠤ ᠣᠷᠣᠨ ᠤ 42586 ᠡᠷᠦᠬᠡ ᠶᠢᠨ ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ ᠲᠥᠷᠥᠯ ᠵᠦᠢᠯ ᠢ ᠪᠡᠶᠡᠯᠡᠭᠦᠯᠵᠦ᠂ 19413 ᠢᠵᠢ ︽ᠲᠤᠰᠢᠶᠠᠬᠤ ᠪᠠᠲᠤᠯᠠᠭᠠᠲᠤ ᠠᠰᠠᠷ︾ ᠢ ᠲᠤᠰᠢᠶᠠᠨ ᠥᠭᠴᠦ᠂ 6643 ᠢᠵᠢ | ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠭᠡᠷ ᠪᠠᠶᠢᠰᠢᠩ᠂ 12764 ᠢᠵᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠭᠡᠷ | ᠪᠠᠶᠢᠰᠢᠩ ᠢ ᠥᠭᠡᠷᠡᠴᠢᠯᠡᠨ ᠪᠠᠶᠢᠭᠤᠯᠪᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠶᠡᠷᠦᠩᠬᠡᠶᠢᠯᠡᠭᠰᠡᠨ ᠠᠶᠠᠨᠴᠢᠳ ᠤᠨ ᠲᠡᠭᠡᠭᠡᠪᠦᠷᠢ ᠶᠢᠨ | ᠵᠠᠩᠭᠢᠯᠠᠭ᠎ᠠ ᠶᠢᠨ ᠭᠤᠣᠯ ᠴᠣᠭᠴᠠ ᠶᠢᠨ ᠠᠵᠢᠯ ᠳᠠᠭᠤᠰᠴᠤ᠂ ᠣᠯᠠᠨ ᠲᠦᠮᠡᠨ ᠤ ᠬᠦᠰᠡᠭᠡᠳ ᠤᠳᠠᠭᠰᠠᠨ ᠯᠢᠨ ᠾᠧ ᠠᠴᠠ ᠱᠠᠮᠪᠠ ᠬᠦᠷᠬᠦ ᠵᠠᠮ ᠤᠨ ᠥᠷᠭᠡᠳᠬᠡᠨ | ᠥᠭᠡᠷᠡᠴᠢᠯᠡᠬᠦ ᠢᠨᠵᠧᠨᠧᠷᠢᠩ ᠠᠵᠢᠯ ᠳᠠᠭᠤᠰᠴᠤ ᠲᠡᠷᠭᠡ ᠨᠡᠪᠲᠡᠷᠡᠪᠡ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ︾᠂ ᠠᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠠᠨ ᠤ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠠᠯᠲᠠᠨ ᠮᠧᠳᠠᠯ ᠤᠨ ᠲᠤᠭ᠎ᠠ᠂ ᠮᠧᠳᠠᠯ ᠤᠨ | ᠲᠤᠭ᠎ᠠ ᠴᠥᠮ ᠰᠢᠨ᠎ᠡ ᠥᠨᠳᠥᠷ ᠢ ᠡᠭᠦᠳᠪᠡ᠃ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ | ᠬᠦᠴᠦᠯᠡᠨ ᠠᠬᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠪᠦᠲᠦᠮᠵᠢᠲᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠥᠰ ᠤᠨ ᠰᠡᠳᠬᠢᠯ ᠳᠤ ᠬᠠᠳᠠᠩᠰᠢᠭᠤᠯᠪᠠ᠃ ᠪᠥᠬᠦ ᠤᠯᠤᠰ ᠤᠨ ᠰᠦᠯᠵᠢᠶᠡᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠶᠢᠭᠤᠯᠪᠠ᠃ ᠠᠶᠤᠯᠭᠦᠢ ᠦᠢᠯᠡᠳᠪᠦᠷᠢᠯᠡᠯ ᠤᠨ | ᠠᠳᠡᠯ ᠭᠠᠷᠤᠭᠰᠠᠨ ᠲᠤᠭ᠎ᠠ᠂ ᠠᠳᠡᠭᠰᠡᠨ ᠬᠥᠮᠥᠨ ᠤ ᠲᠤᠭ᠎ᠠ ᠲᠤᠰ ᠲᠤᠰ 53.6%᠂ 64.3% ᠪᠠᠷ ᠪᠠᠭᠤᠷᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠯᠠᠪᠳᠠᠭᠤᠨ ᠢᠶᠠᠷ ᠠᠬᠢᠵᠤ᠂ ᠨᠡᠶᠢᠭᠡᠮ ᠤᠨ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ ᠪᠠᠷ | ᠲᠣᠭᠲᠠᠭᠤᠨ ᠢ ᠬᠠᠮᠠᠭᠠᠯᠠᠬᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠱᠠᠰᠢᠨ | ᠰᠤᠷᠲᠠᠬᠤᠨ ᠡᠪ ᠨᠠᠶᠢᠷᠲᠠᠢ᠂ ᠨᠡᠶᠢᠭᠡᠮ ᠡᠶ᠎ᠡ ᠵᠣᠬᠢᠴᠠᠯ ᠲᠠᠢ᠂ ᠬᠢᠯᠢ ᠬᠢᠵᠠᠭᠠᠷ ᠠᠮᠤᠷ ᠲᠠᠶᠢᠪᠤᠩ ᠪᠠᠶᠢᠬᠤ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ | ᠪᠠᠬᠢᠵᠢᠭᠦᠯᠪᠡ᠃ | ᠵᠢᠷᠭᠤᠭ᠎ᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠠᠭᠤᠰᠤᠯᠴᠠᠭᠤᠯᠤᠨ ᠥᠷᠨᠢᠭᠦᠯᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠪᠠᠶᠢᠴᠠᠭᠠᠨ ᠦᠵᠡᠵᠦ | ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠦᠵᠡᠯ | ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠶᠢ ᠡᠷᠡᠰ | ᠪᠡᠶᠡᠯᠡᠭᠦᠯᠪᠡ᠃ ︽ᠳᠣᠯᠤᠭ᠎ᠠ ᠶᠢ ᠲᠠᠶᠠᠭᠳᠠᠬᠤ︾ ᠪᠠ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠤᠲᠠ ᠶᠢᠨ ᠨᠠᠮ ᠤᠨ ᠬᠤᠷᠢᠶ᠎ᠠ ᠶᠢᠨ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ᠲᠠᠪᠤᠨ ᠶᠡᠭᠡ ᠠᠵᠢᠯᠯᠠᠭ᠎ᠠ | ︾ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠬᠦᠴᠦᠲᠡᠢ ᠠᠳᠬᠤᠨ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ᠂ ᠣᠯᠠᠨ ᠨᠡᠶᠢᠲᠡ ᠶᠢ | ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃ ᠪᠥᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠠᠵᠢᠯ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ ᠣᠯᠵᠤ᠂ ︽ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠨ ᠬᠡᠷᠡᠭᠵᠢᠭᠦᠯᠪᠡ᠃ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 131 ᠬᠤᠪᠢ ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 209 | ᠬᠤᠪᠢ ᠰᠠᠨᠠᠯ ᠳᠤᠷᠠᠳᠤᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ ᠬᠠᠷᠢᠭᠤᠯᠲᠠ ᠥᠭᠪᠡ᠃ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ | ᠪᠠᠬᠢ ᠪᠤᠢ ᠪᠣᠯᠭᠠᠵᠤ᠂ ᠪᠠᠴᠢᠮ ᠬᠡᠷᠡᠭᠴᠡᠭᠡᠨ ᠤ ᠪᠤᠰᠤ᠂ ᠬᠠᠳᠠᠨ ᠴᠢᠨᠠᠷᠲᠠᠢ ᠪᠤᠰᠤ ᠵᠠᠷᠤᠯᠭ᠎ᠠ ᠶᠢ 2 ᠳ᠋ᠦᠩᠰᠢᠭᠤᠷ ᠲᠥᠭᠦᠷᠢᠭ ᠪᠠᠭᠠᠰᠬᠠᠨ᠎ᠠ᠃ | ᠲᠥᠯᠥᠭᠡᠯᠡᠭᠴᠢᠳ ᠠ᠋︕ ᠲᠡᠮᠡᠴᠡᠯ ᠤᠨ ᠶᠠᠪᠤᠴᠠ ᠵᠣᠪᠠᠭᠤᠷᠢ ᠵᠦᠳᠡᠭᠦᠷᠢ ᠲᠠᠢ ᠪᠠᠶᠢᠵᠤ᠂ ᠦᠷ᠎ᠡ ᠪᠦᠲᠦᠭᠡᠯ ᠢ ᠣᠯᠣᠭᠰᠠᠨ ᠨᠢ ᠲᠤᠶᠢᠯ ᠤᠨ ᠬᠢᠯᠪᠠᠷ ᠪᠤᠰᠤ | ᠶᠤᠮ᠃ ᠡᠳᠡᠭᠡᠷ ᠠᠮᠵᠢᠯᠲᠠ ᠶᠢ ᠣᠯᠣᠭᠰᠠᠨ ᠦᠨᠳᠦᠰᠦ ᠨᠢ ᠰᠢ ᠶᠢᠨ ᠫᠢᠩ ᠶᠡᠷᠦᠩᠬᠡᠢ ᠱᠦᠵᠢ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ | ᠭᠤᠣᠯᠯᠠᠭᠴᠢ ᠪᠣᠯᠤᠭᠰᠠᠨ ᠤ ᠬᠤᠪᠢ ᠳᠤ ᠤᠳᠤᠷᠢᠳᠤᠨ ᠵᠢᠯᠣᠭᠤᠳᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ | ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ | ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠪᠠᠶᠠᠨᠨᠠᠭᠤᠷ ᠤᠨ | ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠠᠶᠢᠪᠤᠩ ᠪᠠᠶᠢᠵᠤ ᠴᠢᠳᠠᠨ᠎ᠠ᠂ ᠰᠠᠨᠠᠭᠠᠰᠢᠷᠠᠬᠤ ᠶᠢ ᠮᠡᠳᠡᠪᠡᠯ ᠰᠠᠶ᠋ᠢ ᠬᠦᠴᠢᠷ ᠪᠡᠷᠬᠡᠰᠢᠶᠡᠯ ᠢ ᠢᠯᠠᠨ | ᠳᠠᠪᠠᠵᠤ ᠴᠢᠳᠠᠨ᠎ᠠ᠃ ᠰᠢᠨ᠎ᠡ ᠠᠶᠠᠨ ᠵᠠᠮ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠨ᠎ᠠ᠃ ᠲᠤᠯᠭᠠᠷᠠᠵᠤ ᠪᠠᠶᠢᠭ᠎ᠠ ᠪᠠᠶᠢᠳᠠᠯ ᠠᠴᠠ | ᠦᠵᠡᠪᠡᠯ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ᠂ ᠬᠤᠲᠠ ᠶᠢᠨ | ᠬᠡᠪᠴᠢᠶᠡᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠪᠦᠲᠦᠴᠡ ᠶᠢᠨ ᠵᠦᠢ ᠵᠣᠬᠢᠰ ᠨᠢ ᠬᠦᠷᠦᠯᠴᠡᠬᠦ ᠦᠭᠡᠢ᠂ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠨᠢ ᠤᠳᠠᠭᠠᠨ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠭᠤᠷᠠᠢ᠂ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ | ᠪᠠᠲᠤ ᠪᠠᠬᠢ ᠪᠢᠰᠢ ᠪᠠᠶᠢᠨ᠎ᠠ᠃ ᠬᠥᠭᠵᠢᠯᠲᠡ ᠶᠢᠨ ᠬᠥᠳᠡᠯᠭᠡᠬᠦ ᠬᠦᠴᠦᠨ ᠠᠴᠠ ᠦᠵᠡᠪᠡᠯ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠪᠠᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠠᠴᠢᠶᠠᠯᠠᠬᠤ ᠴᠢᠳᠠᠪᠤᠷᠢ ᠬᠦᠷᠦᠯᠴᠡᠬᠦ ᠦᠭᠡᠢ᠂ | ᠠᠵᠤ ᠠᠬᠤᠢ ᠶᠢᠨ ᠨᠡᠮᠡᠭᠳᠡᠯ ᠤᠨ ᠳᠣᠲᠣᠭᠠᠳᠤ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠪᠠᠰᠠ | ᠦᠷᠭᠦᠯᠵᠢᠯᠡᠨ ᠭᠦᠨᠵᠡᠭᠡᠶᠢᠷᠡᠭᠦᠯᠬᠦ ᠴᠢᠬᠤᠯᠠᠲᠠᠢ ᠪᠠᠶᠢᠨ᠎ᠠ᠃ ᠬᠥᠭᠵᠢᠯᠲᠡ ᠶᠢᠨ ᠣᠷᠴᠢᠨ ᠠᠴᠠ ᠦᠵᠡᠪᠡᠯ᠂ ᠠᠮᠢ ᠠᠬᠤᠢ ᠶᠢᠨ ᠣᠷᠴᠢᠨ ᠲᠣᠭᠤᠷᠢᠨ ᠤ ᠰᠠᠭᠤᠷᠢ | ᠬᠡᠪᠡᠷᠡᠭ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠪᠠᠰᠠ ᠴᠥᠭᠡᠨ ᠪᠤᠰᠤ ᠵᠢᠮᠡᠯᠡᠭᠦᠯᠬᠦ ᠭᠠᠵᠠᠷ ᠪᠠᠶᠢᠵᠤ᠂ ᠮᠥᠨ ᠴᠢᠨᠠᠷ ᠤᠨ ᠠᠮᠤᠷ ᠲᠦᠪᠰᠢᠨ ᠤ ᠰᠠᠭᠤᠷᠢ | ᠪᠠᠰᠠ ᠪᠠᠲᠤ ᠪᠠᠬᠢ ᠪᠢᠰᠢ ᠪᠠᠶᠢᠵᠤ᠂ ᠡᠳ᠋ ᠤᠨ ᠵᠠᠰᠠᠭ ᠮᠥᠩᠭᠦᠨ ᠭᠦᠢᠯᠭᠡᠭᠡ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠬᠦᠷᠢᠶᠡᠨ ᠤ | ᠲᠦᠭᠰᠢᠭᠦᠷᠢ ᠶᠢᠨ ᠬᠡᠮ ᠰᠣᠭᠤᠭ ᠢ ᠮᠥᠨ ᠬᠦ ᠣᠮᠲᠣᠭᠠᠶᠢᠯᠠᠵᠤ ᠪᠣᠯᠣᠰᠢ ᠦᠭᠡᠢ ᠪᠠᠶᠢᠭᠰᠠᠭᠠᠷ᠃ ᠤᠯᠠᠨ ᠨᠡᠶᠢᠲᠡ ᠶᠢᠨ ᠦᠢᠯᠡᠴᠢᠯᠡᠭᠡ ᠠᠴᠠ ᠦᠵᠡᠪᠡᠯ᠂ | ᠬᠠᠩᠭᠠᠯᠭ᠎ᠠ ᠶᠢᠨ ᠲᠦᠪᠰᠢᠨ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠥᠷᠢ ᠰᠢᠷᠢ ᠨᠡᠯᠢᠶᠡᠳ ᠤᠯᠠᠨ ᠪᠠᠶᠢᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠠᠵᠢᠯ ᠤᠨ ᠨᠠᠶᠢᠳᠠᠪᠤᠷᠢᠵᠢᠭᠤᠯᠤᠯᠲᠠ ᠠᠴᠠ ᠦᠵᠡᠪᠡᠯ᠂ 2023 ᠣᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠲᠣᠬᠢᠷᠠᠭᠤᠯᠤᠭᠰᠠᠨ 166 ᠠᠵᠢᠯ ᠠᠴᠠ ︽ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠠᠶᠠᠨᠨᠠᠭᠤᠷ ᠥᠷᠲᠡᠭᠡ ᠶᠢ ᠪᠠᠶᠢᠭᠤᠯᠵᠤ | ᠠᠰᠢᠭᠯᠠᠯᠲᠠ ᠳᠤ ᠣᠷᠣᠭᠤᠯᠬᠤ᠂ ᠡᠳᠦᠷ ᠲᠤ 2000 ᠲᠣᠨ ᠴᠠᠭᠠᠨ ᠢᠳᠡᠭᠡ ᠡᠳ᠋ᠰᠢᠭᠦᠯᠬᠦ ᠲᠥᠷᠥᠯ ᠵᠦᠢᠯ ᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ᠂ | ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠪᠰᠤᠷᠤᠨ ᠵᠢᠯᠤᠭᠤᠳᠴᠤ ᠳᠠᠩᠰᠠᠯᠠᠭᠤᠯᠤᠭᠰᠠᠨ 2 ᠠᠵᠤ | ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ︾ 3 ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠳᠡᠶᠢᠯᠦᠭᠰᠡᠨ ᠦᠭᠡᠢ᠃ ᠠᠵᠢᠯ ᠤᠨ ᠴᠢᠳᠠᠪᠤᠷᠢ ᠠᠴᠠ | ᠦᠵᠡᠪᠡᠯ᠂ ᠵᠠᠷᠢᠮ ᠺᠠᠳ᠋ᠷ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠡᠳᠬᠢᠮᠵᠢ ᠪᠠᠰᠠ ᠲᠡᠶᠢᠮᠦ ᠥᠷᠭᠡᠨ ᠪᠢᠰᠢ ᠪᠠᠶᠢᠵᠤ᠂ ᠰᠢᠰᠲ᠋ᠧᠮ ᠲᠠᠢ ᠰᠡᠳᠬᠢᠬᠦᠢ ᠪᠠᠷ ᠤᠴᠢᠷ | ᠶᠠᠪᠤᠳᠠᠯ ᠢ ᠪᠣᠳᠣᠯᠬᠢᠯᠠᠬᠤ᠂ ᠪᠤᠰᠤᠳᠴᠢ ᠵᠢᠮ᠎ᠡ ᠶᠣᠰᠣ ᠪᠠᠷ ᠠᠵᠢᠯ ᠶᠠᠪᠤᠳᠠᠯ ᠭᠦᠢᠴᠡᠳᠬᠡᠬᠦ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ | ᠪᠣᠯᠣᠨ᠎ᠠ᠃ ᠡᠭᠦᠨ ᠤ ᠲᠤᠬᠠᠢ ᠪᠢᠳᠡ ᠶᠠᠭ ᠠᠷᠭ᠎ᠠ ᠬᠡᠮᠵᠢᠶ᠎ᠡ ᠠᠪᠴᠤ ᠵᠣᠷᠢᠭ ᠰᠢᠭᠤᠳᠤᠨ ᠰᠢᠢᠳᠪᠦᠷᠢᠯᠡᠵᠦ ᠪᠠᠶᠢᠨ᠎ᠠ᠃ | ᠬᠤᠶᠠᠷ᠂ 2024 ᠣᠨ ᠤ ᠠᠵᠢᠯ ᠤᠨ ᠭᠤᠣᠯᠳᠠᠯᠭ᠎ᠠ | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ᠮᠥᠨᠴᠦ ᠰᠢ ᠶᠢᠨ ᠫᠢᠩ ᠶᠡᠷᠦᠩᠬᠡᠢ ᠱᠦᠵᠢ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ ᠶᠡᠭᠡ ᠤᠯᠤᠰ ᠲᠦᠷᠦ ᠪᠣᠯᠭᠠᠵᠤ᠂ ᠴᠢᠨᠠᠷ ᠰᠠᠶᠢᠲᠠᠢ | ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ | ᠵᠢᠷᠭᠤᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠢᠲᠡᠭᠡᠯ | ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠦᠬᠦ | ᠬᠦᠴᠦᠨ ᠢᠶᠠᠷ ᠡᠭᠦᠳᠦᠨ᠎ᠡ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠯᠠᠪᠳᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ | ᠬᠥᠲᠥᠯᠥᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠤᠨ᠂ ︽ᠲᠠᠪᠤᠨ ᠥᠨᠳᠥᠷ ᠲᠠᠪᠤᠨ ᠣᠷᠣᠨ︾ ᠢ ᠪᠦᠲᠦᠭᠡᠨ | ᠪᠠᠶᠢᠭᠤᠯᠵᠤ᠂ ᠠᠵᠤ ᠠᠬᠤᠢ ᠶᠢᠨ ᠴᠢᠨᠠᠷᠲᠠᠢ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶ᠎ᠡ ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠤᠨ᠂ ᠥᠪᠡᠷᠲᠡᠭᠡᠨ | ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠳᠠᠪᠰᠢᠨ ᠣᠷᠣᠬᠤ︾ ᠳᠤ ᠦᠢᠯᠡᠴᠢᠯᠡᠵᠦ᠂ ᠪᠠᠶᠠᠨᠨᠠᠭᠤᠷ ᠤᠨ ᠣᠳᠣᠬᠢᠴᠢᠯᠠᠭᠰᠠᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6% ᠠᠴᠠ | ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠤᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 5.5% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 5% ᠠᠴᠠ ᠳᠡᠭᠡᠭᠰᠢ | ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6%᠂ 8% ᠣᠷᠴᠢᠮ | ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠯᠠᠬᠤ ᠴᠢᠨᠠᠷᠲᠠᠢ ᠭᠦᠢᠴᠡᠳᠬᠡᠬᠦ ᠲᠤᠭ᠎ᠠ | ᠪᠣᠯᠣᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠴᠢᠩᠭ᠎ᠠ ᠬᠠᠮᠠᠭᠠᠯᠠᠵᠤ᠂ ᠵᠠᠰᠠᠬᠤ ᠳᠠᠭᠠᠨ ᠴᠢᠳᠠᠮᠠᠭᠠᠢ ᠪᠠᠶᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ︽ | ᠵᠢᠷᠭᠤᠭᠠᠨ ᠲᠠᠯᠠᠪᠤᠷ ᠤᠨ ᠠᠮᠢ ᠠᠬᠤᠢ ᠶᠢᠨ ᠵᠠᠰᠠᠯᠲᠠ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠭᠦᠨᠵᠡᠭᠡᠢ ᠰᠠᠶᠢᠲᠤᠷ ᠬᠢᠵᠦ᠂ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠪᠣᠯᠣᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ | ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ ᠪᠠᠶᠢᠭᠤᠯᠤᠨ᠎ᠠ᠃ | ᠬᠠᠲᠤᠨ ᠭᠤᠣᠯ ᠤᠨ ︽几ᠦᠰᠦᠭ ᠤᠨ ᠲᠣᠬᠤᠢ︾ ᠶᠢᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠨ᠎ᠡ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ ᠲᠥᠷᠥᠯ ᠵᠦᠢᠯ ᠢ ᠡᠬᠢᠯᠡᠭᠦᠯᠵᠦ᠂ | ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 300 ᠲᠦᠮᠡᠨ ᠮᠦ ᠪᠡᠶᠡᠯᠡᠭᠦᠯᠦᠨ᠎ᠡ᠃ ᠡᠯᠡᠰᠦᠷᠬᠡᠭᠵᠢᠬᠦ ᠶᠢ ᠰᠡᠷᠭᠡᠶᠢᠯᠡᠵᠦ | ᠡᠯᠡᠰᠦ ᠶᠢ ᠵᠠᠰᠠᠬᠤ ︽ᠳ᠋ᠧᠩᠺᠸᠦ ᠶᠢᠨ ᠵᠠᠭᠪᠤᠷ︾ ᠢ ᠳ᠋ᠦᠩᠨᠡᠨ ᠳᠡᠯᠭᠡᠷᠡᠭᠦᠯᠵᠦ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢ ᠴᠠᠬᠢᠯᠭᠠᠨ ᠭᠡᠷᠡᠯ | ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠰᠠᠶᠢᠲᠤᠷ ᠠᠳᠬᠤᠵᠤ᠂ ᠤᠯᠠᠭᠠᠨᠪᠤᠬ᠎ᠠ ᠶᠢᠨ ᠡᠯᠡᠰᠦᠨ | ᠴᠥᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠬᠡᠷᠡᠯ ᠴᠡᠨᠡᠭ᠂ ᠮᠧᠩ ᠨᠧᠩ 460 | ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠰᠠᠯᠬᠢ ᠴᠠᠬᠢᠯᠭᠠᠨ ᠬᠡᠷᠡᠯ ᠴᠡᠨᠡᠭ ᠢ ᠪᠠᠶᠢᠭᠤᠯᠤᠨ ᠲᠣᠣᠷ ᠲᠤ ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠰᠦ᠋ ᠵᠢᠢ | ᠶᠢᠨ ᠡᠯᠡᠰᠦᠷᠬᠡᠭ ᠭᠠᠵᠠᠷ ᠤᠨ 200 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠬᠡᠷᠡᠯ ᠴᠡᠨᠡᠭ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠵᠢᠯᠤᠭᠤᠳᠬᠤ ᠰᠠᠭᠤᠷᠢ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠵᠤ ᠂ ︽ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ | ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ | ᠬᠢᠭᠡᠳ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠤᠨ᠎ᠠ᠃ ᠰᠢᠨᠬᠤᠸᠠ ᠤᠢ | ᠰᠢᠭᠤᠢ ᠶᠢᠨ ᠲᠠᠯᠠᠪᠠᠢ ᠵᠡᠷᠭᠡ ᠪᠦᠬᠦ ᠤᠯᠤᠰ ᠤᠨ ᠲᠤᠷᠰᠢᠯᠲᠠ ᠶᠢᠨ ᠴᠡᠭ ᠤᠨ 6 ᠤᠢ ᠰᠢᠭᠤᠢ ᠶᠢᠨ ᠲᠠᠯᠠᠪᠠᠢ ᠶᠢ ᠪᠦᠲᠦᠭᠡᠨ ᠪᠠᠶᠢᠭᠤᠯᠤᠨ᠎ᠠ᠃ | ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠠᠵᠢᠯ ᠢ ᠡᠷᠡᠰ ᠰᠠᠶᠢᠲᠤᠷ ᠠᠳᠬᠤᠨ᠎ᠠ᠃ ᠬᠠᠲᠤᠨ ᠭᠤᠣᠯ ᠤᠨ ᠭᠤᠣᠯ ᠤᠨ ᠵᠠᠮ | ᠪᠣᠯᠣᠨ ᠲᠠᠩ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢ ᠰᠢᠯᠢᠳᠡᠭᠵᠢᠭᠦᠯᠵᠦ᠂ ᠵᠠᠰᠠᠯᠲᠠ ᠶᠢᠨ ᠮᠡᠷᠭᠡᠵᠢᠯ ᠤᠨ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠣᠯᠠᠨ | ᠡᠬᠢᠲᠦ ᠪᠠ ᠳᠣᠲᠣᠭᠠᠳᠤ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠡᠨᠡᠬᠦ ︽ᠪᠣᠭᠤᠮᠲᠠ ᠶᠢᠨ ᠭᠠᠳᠠᠨᠠᠬᠢ ᠬᠡᠷᠡᠯᠳᠦ | ᠰᠤᠪᠤᠳ︾ ᠢ ᠡᠷᠡᠰ ᠰᠠᠬᠢᠨ ᠬᠠᠮᠠᠭᠠᠯᠠᠨ᠎ᠠ᠃ ᠪᠣᠷᠣᠳᠣᠬᠤᠢ ᠶᠢᠨ ᠲᠠᠯ᠎ᠠ ᠭᠠᠵᠠᠷ ᠤᠨ ᠨᠤᠭᠤ ᠭᠠᠵᠠᠷ ᠪᠠ ᠪᠠᠶᠢᠭᠠᠯᠢ ᠶᠢᠨ ᠨᠤᠲᠤᠭ ᠪᠡᠯᠴᠢᠭᠡᠷ ᠢ ᠬᠠᠮᠠᠭᠠᠯᠠᠨ | ᠰᠡᠷᠭᠦᠭᠡᠵᠦ᠂ ᠨᠤᠭᠤ ᠭᠠᠵᠠᠷ ᠲᠤ ᠤᠰᠤ ᠨᠥᠬᠦᠪᠦᠷᠢᠯᠡᠬᠦ ᠪᠠ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠤᠰᠤ ᠶᠢ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠬᠡᠳᠦ ᠮᠠᠯᠵᠢᠬᠤ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠨ᠎ᠡ᠃ | ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠪᠣᠯᠣᠳ ᠲᠡᠮᠦᠷ᠂ ᠬᠡᠦᠷᠰᠢᠭᠦᠯᠦᠯᠲᠡ᠂ ᠱᠦᠢᠨᠢ ᠵᠡᠷᠭᠡ | ᠠᠵᠢᠯ ᠲᠦᠷᠦᠯ ᠤᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠤᠯᠤᠰ ᠤᠨ ᠤᠮᠠᠷᠠᠲᠤ ᠣᠷᠣᠨ ᠤ ᠡᠪᠦᠯ ᠤᠨ | ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠ ᠠᠭᠠᠷ ᠤᠨ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ | ᠬᠠᠷᠢᠴᠠᠯ ᠤᠨ ᠬᠠᠷᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠤᠲᠠ ᠪᠠᠯᠭᠠᠰᠤ ᠪᠠ ᠬᠦᠷᠢᠶᠡᠯᠡᠩ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠡᠪᠡᠷᠰᠢᠭᠦᠯᠦᠭᠰᠡᠨ ᠤᠰᠤᠨ ᠤ ᠠᠰᠢᠭᠯᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠬᠢᠮᠢ ᠶᠢᠨ ᠪᠣᠷᠳᠣᠭᠤᠷ᠂ | ᠲᠠᠷᠢᠶᠠᠨ ᠡᠮ ᠤᠨ ᠠᠰᠢᠭᠯᠠᠯᠲᠠ ᠶᠢᠨ ᠨᠤᠷᠮ᠎ᠠ ᠶᠢ ᠴᠥᠮ 42.5% ᠳᠤ ᠬᠦᠷᠭᠡᠨ᠎ᠡ᠃ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠵᠣᠬᠢᠴᠠᠭᠤᠯᠤᠨ ᠬᠤᠯᠪᠣᠯᠳᠤᠭᠤᠯᠬᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠲᠠᠭᠤ ᠱᠤᠤᠭᠢᠶᠠᠨ ᠢᠶᠠᠷ ᠠᠷᠠᠳ ᠢ ᠦᠢᠮᠡᠭᠦᠯᠬᠦ | ᠠᠰᠠᠭᠤᠳᠠᠯ ᠢ ᠰᠢᠢᠳᠪᠦᠷᠢᠯᠡᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡᠲᠦ ᠬᠥᠭᠵᠢᠯᠲᠡ ᠶᠢ ᠶᠡᠬᠡᠪᠡᠷ ᠰᠠᠨᠠᠭᠠᠴᠢᠯᠠᠨ᠎ᠠ᠃ ᠡᠨᠧᠷᠭᠢ ᠶᠢᠨ ᠬᠤᠷᠣᠭᠳᠠᠯ ᠤᠨ | ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ︽ᠬᠤᠶᠠᠷ | ᠥᠨᠳᠥᠷ ᠨᠢᠭᠡ ᠳᠣᠣᠷ᠎ᠠ︾ ᠲᠥᠷᠥᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 91 | ᠡᠷᠦᠬᠡ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠪᠡᠶᠡᠯᠡᠭᠦᠯᠵᠦ᠂ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢ 10 ᠠᠴᠠ | ᠳᠡᠭᠡᠭᠰᠢ ᠡᠭᠦᠳᠦᠨ ᠪᠠᠶᠢᠭᠤᠯᠤᠨ᠎ᠠ᠃ ᠬᠥᠬᠡ ᠠᠭᠤᠯᠠ ᠬᠥᠬᠡᠮᠳᠦᠭ ᠤᠰᠤ ᠶᠢ ᠠᠯᠳᠠᠨ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠠᠷᠭ᠎ᠠ ᠵᠠᠮ ᠢ ᠥᠷᠭᠡᠳᠬᠡᠵᠦ᠂ | ᠠᠮᠢ ᠠᠬᠤᠢ ᠶᠢᠨ ᠦᠢᠯᠡᠳᠬᠦᠨ ᠤ ᠦᠷᠳᠡᠭ ᠢ ᠢᠯᠡᠷᠡᠭᠦᠯᠬᠦ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠳᠥᠭᠦᠮ ᠪᠥᠭᠡᠳ ᠵᠣᠬᠢᠰᠲᠠᠢ᠂ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠡᠷᠡᠭᠦᠯ ᠠᠮᠢᠳᠤᠷᠠᠯ ᠤᠨ ᠣᠨᠣᠯᠵᠢᠬᠤᠨ ᠪᠠ ᠬᠡᠷᠡᠭᠯᠡᠭᠡᠨ ᠤ ᠠᠷᠭ᠎ᠠ ᠮᠠᠶ᠋ᠢᠭ ᠢ ᠰᠠᠨᠠᠭᠠᠴᠢᠯᠠᠨ᠎ᠠ᠃ | ︵ᠬᠤᠶᠠᠷ︶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠡᠰᠢᠲᠦ ᠬᠥᠭᠵᠢᠯᠲᠡ᠂ ᠣᠯᠠᠨ ᠲᠤᠶᠢᠯ ᠢᠶᠠᠷ | ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ᠃ ᠰᠠᠶᠢᠨ ᠲᠠᠢ ᠲᠠᠯ᠎ᠠ ᠪᠠᠨ | ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠬᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠶᠠᠨ ᠬᠠᠳᠠᠨ ᠴᠢᠨᠠᠷ ᠲᠠᠢ᠂ | ᠲᠡᠷᠢᠭᠦᠨ ᠤ ᠪᠥᠭᠡᠳ ᠨᠠᠶᠢᠳᠠᠪᠤᠷᠢᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠵᠤ | ᠦᠢᠯᠡᠰ ᠤᠨ ᠪᠣᠬᠢᠷᠲᠤᠯ ᠦᠭᠡᠢ᠂ ᠬᠡᠯᠪᠡᠷᠢ ᠪᠠᠨ ᠬᠤᠪᠢᠷᠠᠭᠤᠯᠬᠤ ᠬᠤᠰᠢᠭᠤᠴᠢ ᠣᠷᠣᠨ ᠢ ᠲᠦᠷᠭᠡᠪᠴᠢᠯᠡᠨ ᠪᠠᠶᠢᠭᠤᠯᠤᠨ᠎ᠠ᠃ | ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠨ᠎ᠠ᠃ ᠬᠤᠯᠠ ᠣᠶᠢᠷ᠎ᠠ ᠶᠢ ᠤᠶᠠᠯᠳᠤᠭᠤᠯᠤᠨ ᠰᠢᠨᠵᠢᠯᠡᠬᠦ | ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠣᠷᠣᠭᠤᠯᠤᠯᠲᠠ ᠶᠢᠨ ᠬᠠᠳᠠᠨ ᠴᠢᠨᠠᠷᠲᠠᠢ ᠨᠡᠮᠡᠭᠳᠡᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠤᠯᠠᠨ ᠠᠷᠭ᠎ᠠ ᠵᠠᠮ ᠢᠶᠠᠷ | ᠣᠷᠣᠭᠤᠯᠤᠯᠲᠠ ᠬᠢᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠪᠦᠬᠦ ᠨᠡᠶᠢᠭᠡᠮ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ | ᠣᠷᠣᠭᠤᠯᠤᠯᠲᠠ ᠶᠢ 22% ᠠᠴᠠ ᠳᠡᠭᠡᠭᠰᠢ ᠨᠡᠮᠡᠭᠳᠡᠭᠦᠯᠦᠨ᠎ᠡ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ | ᠦᠵᠡᠭᠦᠯᠬᠦ ᠲᠣᠭᠤᠷᠢᠭ ᠤᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠪᠠᠶᠠᠨᠨᠠᠭᠤᠷ ᠤᠨ ᠰᠤᠳᠤᠯᠭᠠᠨ ᠤ ᠬᠦᠷᠢᠶᠡᠯᠡᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ᠂ ᠲᠠᠷᠢᠶᠠᠯᠠᠩ ᠤᠨ ᠤᠰᠤ ᠠᠷᠪᠢᠯᠠᠬᠤ᠂ ᠭᠠᠵᠠᠷ ᠤᠨ ᠬᠦᠴᠦᠨ ᠢ ᠳᠡᠭᠡᠭᠰᠢᠯᠡᠭᠦᠯᠬᠦ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ | ᠬᠦᠷᠢᠶᠡᠨ ᠳᠤ ᠲᠥᠪᠯᠡᠷᠡᠭᠦᠯᠵᠦ᠂ ᠠᠯᠠᠰᠢᠨ ᠬᠤᠨᠢ᠂ ᠪᠤᠭᠤᠳᠠᠢ᠂ ᠡᠷᠳᠡᠨᠢ ᠰᠢᠰᠢ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ ᠨᠢᠭᠡ | ᠪᠦᠯᠦᠭ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠡᠷᠡᠭᠵᠢᠭᠦᠯᠵᠦ᠂ ᠮᠡᠷᠭᠡᠵᠢᠯ ᠤᠨ ᠠᠷᠠᠯᠵᠢᠶ᠎ᠠ ᠶᠢᠨ ᠲᠤᠭ᠎ᠠ ᠬᠡᠮᠵᠢᠶ᠎ᠡ ᠪᠠ | ᠠᠷᠠᠯᠵᠢᠶ᠎ᠠ ᠶᠢᠨ ᠥᠷᠲᠡᠭ ᠢ 20% ᠠᠴᠠ ᠳᠡᠭᠡᠭᠰᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠲᠣᠯᠣᠭᠠᠶᠢᠯᠠᠬᠤ ᠠᠵᠤ ᠠᠬᠤᠶᠢᠯᠠᠯ᠂ ᠬᠡᠯᠬᠢᠶᠡᠨ ᠤ ᠭᠤᠣᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠠᠮᠲᠤᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠯᠣᠭᠠᠶᠢᠯᠠᠬᠤ ᠠᠵᠤ ᠠᠬᠤᠶᠢᠯᠠᠯ ᠤᠨ ᠬᠤᠭᠤᠰᠣᠨ ᠢ ᠨᠥᠬᠦᠬᠦ ᠶᠢ ᠰᠢᠪᠲᠤᠯᠬᠤ ᠶᠢ ᠴᠢᠷᠮᠠᠶᠢᠨ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠤᠨ ᠲᠤᠭ᠎ᠠ 100 ᠶᠢ ᠳᠠᠪᠠᠵᠤ᠂ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ 120 ᠶᠢ ᠳᠠᠪᠠᠨ᠎ᠠ᠃ | ᠴᠢᠳᠠᠪᠤᠷᠢᠲᠠᠨ ᠢ ᠤᠷᠢᠵᠤ ᠣᠷᠣᠭᠤᠯᠤᠨ ᠬᠥᠮᠥᠵᠢᠭᠦᠯᠬᠦ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠭᠤᠷᠪᠠ ᠶᠢ ᠳᠡᠮᠵᠢᠵᠦ ᠨᠢᠭᠡ ᠶᠢ | ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷᠠᠴᠤᠤᠯ ᠪᠠ ᠣᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ | ᠠᠴᠠ ᠪᠠᠨ ᠦᠢᠯᠡᠴᠢᠯᠡᠬᠦ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠤᠨ᠂ ᠴᠢᠳᠠᠪᠤᠷᠢᠲᠠᠨ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠨᠠᠩ ᠣᠯᠠᠨ ᠣᠶᠤᠲᠠᠳ ᠢ ︽ᠪᠠᠶᠠᠨᠨᠠᠭᠤᠷ ᠲᠠᠭᠠᠨ | ᠬᠠᠷᠢᠵᠤ ᠪᠠᠶᠠᠨᠨᠠᠭᠤᠷ ᠲᠤ ᠢᠷᠡᠵᠦ︾ ᠠᠵᠢᠯ ᠣᠯᠵᠤ ᠠᠳᠠᠯ ᠦᠢᠯᠡᠰ ᠴᠣᠭᠴᠠᠯᠠᠨ᠂ ᠨᠠᠩ ᠣᠯᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠨ ᠣᠷᠣᠭᠤᠯᠵᠤ | ᠬᠥᠮᠦᠵᠢᠭᠦᠯᠵᠦ ᠪᠠᠶᠠᠨᠨᠠᠭᠤᠷ ᠢ ᠪᠦᠲᠦᠭᠡᠨ ᠪᠠᠶᠢᠭᠤᠯᠤᠨ᠎ᠠ᠃ | ᠲᠦᠷᠦᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠳᠡᠭᠡᠷ᠎ᠡ ᠬᠦᠴᠦ ᠲᠠᠯᠪᠢᠨ᠎ᠠ᠃ ᠦᠷ᠎ᠡ ᠠᠰᠢᠭ ᠲᠠᠢ ᠪᠡᠯᠡ | ᠣᠷᠣᠭᠤᠯᠤᠯᠲᠠ ᠶᠢ ᠬᠦᠴᠦᠯᠡᠨ ᠥᠷᠭᠡᠳᠬᠡᠵᠦ᠂ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠮᠥᠷᠳᠡᠨ ᠦᠢᠯᠡᠴᠢᠯᠡᠬᠦ | ᠲᠣᠭᠲᠠᠴᠠ ᠶᠢ ᠪᠦᠷᠢᠨᠰᠢᠭᠦᠯᠵᠦ᠂ ᠪᠥᠬᠦ ᠵᠢᠯ ᠳᠤ 172 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ 450 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ | ᠠᠳᠬᠤᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠲᠥᠷᠥ ᠶᠢᠨ | ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠨᠢᠭᠡ ᠪᠦᠯᠦᠭ ᠠᠵᠤ ᠦᠢᠯᠡᠰ ᠢ ᠬᠦᠴᠦᠷᠬᠡᠭᠵᠢᠭᠦᠯᠬᠦ᠂ ᠠᠯᠤᠰ ᠬᠡᠲᠦ ᠳᠤ ᠠᠰᠢᠭᠲᠠᠢ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠰᠠᠶᠢᠨ ᠲᠥᠷᠥᠯ ᠵᠦᠢᠯ ᠢ ᠨᠠᠷᠢᠨ ᠨᠢᠮᠪᠠᠢ ᠲᠥᠯᠥᠪᠯᠡᠨ᠎ᠡ᠃ ᠠᠷᠠᠯᠵᠢᠶᠠᠴᠢᠨ ᠤᠷᠢᠬᠤ ᠶᠢ ᠶᠡᠭᠡ ᠪᠠᠷ ᠠᠳᠬᠤᠬᠤ ᠢᠯᠡ ᠲᠣᠳᠣ | ᠤᠳᠤᠷᠢᠳᠤᠮᠵᠢ ᠶᠢ ᠪᠠᠲᠤ ᠪᠠᠬᠢ ᠪᠤᠶ ᠪᠣᠯᠭᠠᠵᠤ᠂ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠪᠣᠯᠣᠨ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ᠂ ᠬᠠᠨᠳᠤᠯᠭ᠎ᠠ ᠲᠠᠢ ᠪᠠᠷ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠵᠤ᠂ ᠪᠥᠬᠦ ᠵᠢᠯ ᠳᠤ ᠣᠷᠣᠭᠤᠯᠤᠨ ᠠᠪᠴᠢᠷᠠᠵᠤ | ᠪᠠᠶᠢᠷᠢᠨ ᠳᠤ ᠬᠦᠷᠦᠭᠰᠡᠨ ᠪᠡᠯᠡ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠢ ᠪᠦᠬᠦ ᠲᠠᠯ᠎ᠠ | ᠪᠠᠷ ᠳᠡᠭᠡᠭᠰᠢᠯᠡᠭᠦᠯᠵᠦ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ᠂ ᠠᠵᠢᠯ ᠳᠠᠭᠤᠰᠬᠠᠭᠰᠠᠨ ᠨᠣᠷᠮ᠎ᠠ ᠪᠣᠯᠣᠨ ᠪᠡᠯᠡ | ᠮᠥᠩᠭᠦ ᠶᠢᠨ ᠪᠣᠳᠠᠲᠠᠶᠢᠵᠢᠭᠤᠯᠤᠭᠰᠠᠨ ᠨᠣᠷᠮ᠎ᠠ ᠶᠢ ᠴᠥᠮ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠭᠤᠯᠤᠨ᠎ᠠ᠃ | ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠳᠡᠭᠡᠷ᠎ᠡ ᠬᠦᠴᠦ ᠲᠠᠯᠪᠢᠨ᠎ᠠ᠃ ᠳᠡᠭᠡᠳᠦ ᠦᠵᠦᠭᠦᠷᠴᠢᠯᠡᠬᠦ᠂ ᠣᠶᠤᠨᠴᠢᠯᠠᠬᠤ᠂ ᠪᠣᠬᠢᠷᠲᠤᠯ ᠦᠭᠡᠢ ᠶᠢ | ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠬᠡᠮᠵᠢᠶ᠎ᠡ ᠶᠢ ᠥᠷᠭᠡᠳᠬᠡᠬᠦ᠂ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠤᠯᠠᠮᠵᠢᠯᠠᠯᠲᠤ | ᠠᠵᠤ ᠦᠢᠯᠡᠰ ᠤᠨ ︽ᠬᠡᠯᠪᠡᠷᠢ ᠪᠠᠨ ᠬᠤᠪᠢᠷᠠᠭᠤᠯᠤᠨ ᠥᠭᠡᠷᠡᠴᠢᠯᠡᠬᠦ︾ ᠶᠢ ᠲᠦᠯᠬᠢᠨ ᠠᠬᠢᠭᠤᠯᠵᠤ᠂ ᠲᠣᠭᠠᠴᠢᠯᠠᠭᠰᠠᠨ ᠣᠶᠤᠨᠲᠤ ᠮᠡᠷᠭᠡᠵᠢᠯ᠂ ᠪᠣᠬᠢᠷᠲᠤᠯ ᠦᠭᠡᠢ | ᠮᠡᠷᠭᠡᠵᠢᠯ ᠢ ᠥᠷᠭᠡᠨ ᠢᠶᠠᠷ ᠬᠡᠷᠡᠭᠵᠢᠭᠦᠯᠦᠨ᠂ ᠡᠨᠧᠷᠭᠢ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠵᠦ᠂ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠲᠣᠭᠠᠴᠢᠯᠠᠵᠤ ᠬᠦᠴᠦᠨ ᠨᠡᠮᠡᠷᠢᠯᠡᠬᠦ᠂ ᠲᠥᠬᠦᠭᠡᠷᠦᠮᠵᠢ ᠶᠢ ᠰᠢᠨᠡᠳᠬᠡᠬᠦ᠂ ᠤᠷᠠᠯᠠᠯ ᠢ ᠲᠠᠰ | ᠳᠡᠪᠰᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠨᠡᠮᠡᠭᠳᠡᠯ ᠥᠷᠲᠡᠭ ᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠣᠨᠴᠠᠯᠢᠭᠲᠤ ᠠᠵᠤ ᠦᠢᠯᠡᠰ ᠤᠨ ︽ᠴᠢᠨᠠᠷ ᠢ ᠳᠡᠭᠡᠭᠰᠢᠯᠡᠭᠦᠯᠦᠨ ᠲᠥᠪᠯᠡᠷᠡᠭᠦᠯᠦᠨ | ᠬᠤᠪᠢᠷᠠᠭᠤᠯᠬᠤ︾ ᠶᠢ ᠲᠦᠯᠬᠢᠨ ᠠᠬᠢᠭᠤᠯᠵᠤ᠂ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠬᠤ᠂ ᠬᠡᠯᠬᠢᠶ᠎ᠡ ᠶᠢ ᠤᠷᠲᠤᠳᠬᠠᠬᠤ᠂ ᠬᠡᠪᠴᠢᠶ᠎ᠡ ᠶᠢ ᠥᠷᠭᠡᠳᠬᠡᠬᠦ᠂ | ᠰᠦᠷᠦᠭᠵᠢᠯ ᠢ ᠴᠢᠩᠭᠠᠳᠬᠠᠬᠤ ᠶᠢᠨ ᠲᠣᠭᠤᠷᠢᠨ ᠳᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ ᠶᠢ ᠨᠠᠷᠢᠯᠢᠭ | ᠰᠢᠯᠢᠳᠡᠭ ᠬᠢᠵᠦ᠂ ᠨᠡᠮᠡᠭᠳᠡᠯ ᠥᠷᠲᠡᠭ ᠢ 10% ᠠᠴᠠ ᠳᠡᠭᠡᠭᠰᠢ ᠨᠡᠮᠡᠭᠳᠡᠭᠦᠯᠦᠨ᠎ᠡ᠃ ︽ᠭᠤᠷᠪᠠᠨ ᠬᠤᠨᠢ︾ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ | ︽ᠳᠤᠮᠳᠠᠳᠤ ᠤᠯᠤᠰ ᠤᠨ ᠬᠤᠨᠢᠨ ᠤ ᠬᠤᠲᠠ︾ ᠶᠢᠨ ᠰᠦᠷᠦᠭᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠣᠣᠯᠣᠭᠤᠷ ᠡᠳ᠋ᠰᠢᠭᠦᠯᠬᠦ ᠶᠢ ᠰᠢᠯᠢᠳᠡᠭᠵᠢᠭᠦᠯᠦᠨ | ᠨᠡᠶᠢᠳᠬᠡᠬᠦ᠂ ᠬᠤᠨᠢᠨ ᠨᠣᠣᠰᠣ ᠡᠳ᠋ᠰᠢᠭᠦᠯᠬᠦ ᠴᠢᠳᠠᠪᠬᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ᠂ ᠬᠤᠨᠢᠨ ᠠᠷᠠᠰᠤ ᠡᠳ᠋ᠰᠢᠭᠦᠯᠵᠦ ᠪᠣᠯᠪᠠᠰᠤᠷᠠᠭᠤᠯᠬᠤ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠴᠢᠨᠠᠷ ᠰᠠᠶᠢᠲᠠᠢ ᠨᠣᠣᠯᠣᠭᠤᠷ ᠦᠢᠯᠡᠳᠪᠦᠷᠢᠯᠡᠬᠦ ᠰᠠᠭᠤᠷᠢᠨ ᠭᠠᠵᠠᠷ᠂ ᠪᠦᠬᠦ ᠤᠯᠤᠰ ᠤᠨ ᠴᠢᠬᠤᠯᠠ | ᠬᠤᠨᠢᠨ ᠨᠣᠣᠰᠣ ᠶᠢ ᠰᠠᠯᠭᠠᠵᠤ ᠰᠠᠮᠨᠠᠬᠤ ᠰᠠᠭᠤᠷᠢᠨ ᠭᠠᠵᠠᠷ᠂ ᠪᠦᠬᠦ ᠤᠯᠤᠰ ᠤᠨ ᠬᠤᠨᠢᠨ ᠠᠷᠠᠰᠤ ᠶᠢ ᠢᠳᠡᠭᠡᠨᠵᠢᠭᠦᠯᠵᠦ ᠡᠳ᠋ᠰᠢᠭᠦᠯᠵᠦ ᠪᠣᠯᠪᠠᠰᠤᠷᠠᠭᠤᠯᠬᠤ ᠲᠥᠪ ᠢ | ᠪᠦᠲᠦᠭᠡᠨ ᠪᠠᠶᠢᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ︽ᠴᠤᠭᠯᠠᠷᠠᠯ ᠪᠠ ᠬᠠᠭᠠᠷᠠᠯ︾ ᠢ ᠲᠦᠯᠬᠢᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠤᠳᠤ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠲᠤ ᠰᠠᠭᠤᠷᠢᠯᠠᠨ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ | ᠨᠥᠬᠦᠪᠥᠷᠢᠯᠡᠬᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠲᠣᠪᠤᠶᠢᠯᠭᠠᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠭᠤᠰᠤᠯᠴᠠᠨ ᠰᠦᠷᠦᠭᠵᠢᠨ ᠬᠥᠭᠵᠢᠭᠦᠯᠬᠦ ᠶᠢ | ᠰᠢᠰᠲ᠋ᠧᠮ ᠲᠠᠢ ᠲᠦᠯᠬᠢᠨ ᠠᠬᠢᠭᠤᠯᠵᠤ᠂ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃ ᠢᠷᠡᠭᠡᠳᠦᠢ ᠶᠢᠨ ᠠᠵᠤ | ᠦᠢᠯᠡᠰ ᠤᠨ ︽ᠮᠥᠰᠥ ᠶᠢ ᠬᠠᠭᠠᠯᠵᠤ ᠬᠤᠪᠢᠷᠠᠯᠲᠠ ᠶᠢ ᠰᠦᠪᠡᠭᠴᠢᠯᠡᠬᠦ︾ ᠶᠢ ᠠᠬᠢᠭᠤᠯᠵᠤ᠂ ᠤᠬᠠᠭᠠᠯᠠᠨ ᠰᠤᠳᠤᠯᠬᠤ ᠶᠢ ᠴᠢᠩᠭᠠᠳᠬᠠᠵᠤ᠂ ᠲᠦᠷᠦ ᠶᠢᠨ | ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠰᠠᠶᠢᠲᠤᠷ ᠬᠢᠵᠦ᠂ ᠪᠠᠯ ᠴᠢᠯᠠᠭᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ᠂ ᠠᠮᠢᠳᠤ ᠪᠣᠳᠠᠰ ᠤᠨ ᠡᠮ | ᠡᠮᠨᠡᠯᠭᠡ᠂ ᠢᠷᠡᠭᠡᠳᠦᠢ ᠶᠢᠨ ᠡᠷᠡᠭᠦᠯ ᠮᠡᠨᠳᠦ ᠵᠡᠷᠭᠡ ᠬᠦᠷᠢᠶ᠎ᠡ ᠶᠢᠨ ᠲᠣᠭᠤᠷᠢᠨ ᠳᠤ᠂ ᠪᠠᠷᠠᠭᠠᠯᠬᠢᠯᠠᠯ ᠤᠨ ᠴᠢᠨᠠᠷᠲᠠᠢ ᠪᠠᠶᠢᠷᠢᠰᠢᠭᠤᠯᠤᠯᠲᠠ᠂ ᠰᠢᠨ᠎ᠡ ᠶᠢ ᠡᠭᠦᠳᠬᠦ | ᠴᠢᠨᠠᠷᠲᠠᠢ ᠬᠠᠶᠢᠨ ᠰᠦᠪᠡᠭᠴᠢᠯᠡᠯᠲᠡ ᠬᠢᠵᠦ᠂ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠣᠶᠢᠵᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠭᠤᠶᠣᠮᠰᠤᠭ ᠰᠢᠨ᠎ᠡ ᠬᠤᠪᠢᠷᠠᠯᠲᠠ︾ ᠶᠢ ᠲᠦᠯᠬᠢᠨ ᠠᠬᠢᠭᠤᠯᠵᠤ᠂ ︽ᠬᠦᠷᠢᠶᠡᠯᠡᠩ | ᠲᠣᠭᠤᠷᠢᠭ ᠢ ᠠᠳᠬᠤᠬᠤ ᠨᠢ ᠳᠠᠷᠤᠢ ᠠᠵᠤ ᠦᠢᠯᠡᠳᠪᠦᠷᠢ ᠶᠢ ᠠᠳᠬᠤᠬᠤ ᠶᠠᠪᠤᠳᠠᠯ ᠮᠥᠨ︾ ᠭᠡᠬᠦ ᠣᠨᠣᠯᠵᠢᠬᠤᠨ ᠢ ᠪᠠᠲᠤ ᠪᠤᠢ ᠪᠣᠯᠭᠠᠵᠤ᠂ ᠬᠦᠷᠢᠶᠡᠯᠡᠩ | ᠲᠣᠭᠤᠷᠢᠭ ᠤᠨ ᠶᠡᠷᠦᠩᠬᠡᠢ ᠲᠥᠯᠦᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠵᠦ᠂ ᠠᠵᠤ | ᠠᠬᠤᠶᠢᠯᠠᠯ ᠢ ᠤᠷᠢᠵᠤ ᠬᠦᠷᠢᠶᠡᠯᠡᠩ ᠳᠤ ᠣᠷᠣᠭᠤᠯᠬᠤ᠂ ᠠᠵᠤ ᠠᠬᠤᠶᠢᠯᠠᠯ ᠢ ᠲᠡᠳᠬᠦᠵᠦ ᠬᠦᠷᠢᠶᠡᠯᠡᠩ ᠢ ᠬᠦᠴᠦᠷᠬᠡᠭᠵᠢᠭᠦᠯᠬᠦ ᠡᠷᠴᠢᠮ ᠢ ᠨᠡᠮᠡᠭᠳᠡᠭᠦᠯᠦᠨ᠂ ᠰᠢᠨ᠎ᠡ ᠪᠠᠷ | ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠪᠦᠬᠦᠨ ᠢ ︽ᠪᠠᠷᠢᠮᠵᠢᠶᠠᠲᠤ ᠭᠠᠵᠠᠷ︾ ᠤᠨ ᠵᠠᠭᠪᠤᠷ ᠢᠶᠠᠷ ᠬᠠᠩᠭᠠᠵᠤ᠂ ᠪᠥᠬᠦ ᠵᠢᠯ ᠳᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 15 ᠠᠴᠠ ᠳᠡᠭᠡᠭᠰᠢ᠂ ᠲᠤᠰᠬᠠᠢ ᠨᠠᠷᠢᠯᠢᠭ ᠣᠨᠴᠠ ᠰᠢᠨ᠎ᠡ ᠪᠠ ᠰᠢᠨ᠎ᠡ ᠶᠢ ᠡᠭᠦᠳᠬᠦ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠶᠡᠷᠦᠩᠬᠡᠢ | ᠥᠷᠳᠡᠭ 1000 ᠳ᠋ᠦᠩᠰᠢᠭᠤᠷ ᠲᠥᠭᠦᠷᠢᠭ ᠢ ᠳᠠᠪᠠᠨ᠎ᠠ᠃ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠨ᠎ᠠ᠃ ᠵᠠᠬ᠎ᠠ ᠳᠡᠯᠭᠡᠭᠦᠷ ᠤᠨ | ᠰᠢᠨ᠎ᠡ ᠬᠠᠨᠳᠤᠰᠢ ᠶᠢ ᠡᠵᠡᠮᠳᠡᠵᠦ᠂ ᠣᠷᠣᠨ ᠰᠠᠭᠤᠴᠠ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠬᠡᠷᠡᠭᠯᠡᠭᠡ ᠶᠢ | ᠬᠥᠭᠵᠢᠭᠦᠯᠵᠦ᠂ ᠣᠶᠤᠨᠲᠤ ᠭᠡᠷ ᠂ ᠰᠣᠶᠣᠯ ᠴᠡᠩᠭᠡᠯ ᠤᠨ ᠵᠢᠭᠤᠯᠴᠢᠯᠠᠯ᠂ ᠤᠯᠤᠰ ᠤᠨ ᠪᠠᠷᠠᠭᠠᠨ ᠤ ︽ᠤᠷᠤᠰᠬᠠᠯ ᠨᠡᠷᠡᠲᠦ ᠲᠡᠮᠳᠡᠭ︾ ᠵᠡᠷᠭᠡ ᠰᠢᠨ᠎ᠡ ᠮᠠᠶ᠋ᠢᠭ ᠤᠨ | ᠬᠡᠷᠡᠭᠯᠡᠭᠡ ᠶᠢ ᠪᠣᠶᠢᠵᠢᠭᠤᠯᠵᠤ᠂ ︽ᠬᠠᠭᠤᠴᠢᠨ ᠨᠡᠷᠡᠲᠦ ᠲᠡᠮᠳᠡᠭ︾ ᠢ ᠤᠯᠠᠮᠵᠢᠯᠠᠨ ᠬᠠᠮᠠᠭᠠᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠵᠣᠷᠢᠭᠵᠢᠭᠤᠯᠤᠨ᠎ᠠ᠃ | ᠲᠠᠷᠢᠶᠠᠯᠠᠩ ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠣᠷᠣᠳᠣᠬᠤᠢ ᠶᠢᠨ ᠵᠠᠩ ᠦᠢᠯᠡ ᠶᠢᠨ ᠰᠣᠶᠣᠯ ᠤᠨ | ᠰᠠᠭᠤᠭᠳᠠᠯ ᠢ ᠣᠶᠢᠯᠠᠭᠠᠬᠤ ᠭᠠᠵᠠᠷ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠠᠶᠢᠭᠤᠯᠬᠤ ᠶᠢ ᠠᠬᠢᠭᠤᠯᠵᠤ᠂ 7 ᠥᠪᠡᠷ ᠢᠶᠠᠨ ᠲᠡᠷᠭᠡ ᠵᠢᠯᠣᠭᠤᠳᠬᠤ | ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ᠂ 7 ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ᠂ 2 ᠠᠮᠠᠷᠠᠯᠲᠠ ᠶᠢᠨ | ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ 2 ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠪᠣᠶ ᠪᠣᠯᠭᠠᠵᠤ᠂ ᠰᠣᠳᠣᠨ | ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠡᠪᠦᠯ ᠤᠨ ᠤᠯᠠᠷᠢᠯ ᠤᠨ ᠮᠥᠰᠥ ᠴᠠᠰᠤᠨ ᠤ ᠰᠢᠷᠢᠰ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠨ᠂ | ᠵᠢᠭᠤᠯᠴᠢᠯᠠᠯ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠦᠨ᠎ᠡ᠃ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠪᠡᠯᠡ ᠨᠡᠶᠢᠯᠡᠭᠦᠯᠦᠨ | ᠬᠠᠮᠲᠤᠷᠠᠯᠴᠠᠬᠤ᠂ ᠲᠥᠷᠥ ᠶᠢᠨ ᠪᠣᠳᠣᠯᠭ᠎ᠠ ᠪᠠᠷ ᠳᠡᠮᠵᠢᠬᠦ ᠵᠡᠷᠭᠡ ᠪᠠᠷ ᠳᠠᠮᠵᠢᠭᠤᠯᠤᠨ᠂ ᠲᠣᠰ ᠭᠠᠵᠠᠷ ᠣᠷᠣᠨ ᠤ ᠪᠠᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ | ᠰᠲ᠋ᠣᠺ ᠤᠨ ᠵᠠᠬ᠎ᠠ ᠳᠤ ᠭᠠᠷᠬᠤ ᠶᠢ ᠪᠣᠶᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠨ᠎ᠠ᠃ ᠪᠤᠭᠤᠲᠤ ᠠᠴᠠ ᠢᠷᠭᠠᠢ ᠬᠦᠷᠬᠦ | ᠲᠦᠷᠭᠡᠨ ᠤ ᠲᠡᠮᠦᠷ ᠵᠠᠮ ᠤᠨ ᠬᠥᠭᠦᠷᠭᠡ ᠲᠠᠯᠪᠢᠬᠤ ᠪᠠ ᠵᠠᠮ ᠤᠨ ᠰᠠᠭᠤᠷᠢ ᠶᠢ ᠳᠡᠪᠢᠰᠬᠦ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠲᠥᠪ ᠬᠤᠲᠠ ᠶᠢᠨ | ᠲᠣᠭᠤᠷᠢᠭ ᠤᠨ ᠬᠤᠲᠠ ᠶᠢᠨ ᠰᠢᠨᠡᠴᠢᠯᠡᠯᠲᠡ ᠶᠢ ᠳᠡᠮᠵᠢᠵᠦ᠂ ᠤᠰᠤ᠂ ᠬᠡᠢ᠂ ᠢᠯᠴᠢ᠂ ᠵᠠᠮ᠂ ᠬᠤᠭᠤᠯᠠᠢ ᠶᠢᠨ ᠲᠣᠣᠷ ᠵᠡᠷᠭᠡ ᠲᠥᠬᠦᠭᠡᠷᠦᠮᠵᠢ ᠶᠢᠨ ᠳᠤᠲᠠᠭᠤᠳᠠᠯ ᠢ | ᠲᠦᠷᠭᠡᠨ ᠨᠥᠬᠦᠪᠦᠷᠢᠯᠡᠨ᠎ᠡ᠃ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ ᠢ ᠪᠠᠶᠢᠭᠤᠯᠵᠤ ᠳᠠᠭᠤᠰᠬᠠᠨ᠂ 110 ᠤᠯᠤᠰ ᠤᠨ ᠵᠠᠮ ᠤᠨ | ᠳ᠋ᠧᠩᠺᠧᠦ ᠶᠢᠨ ᠶᠡᠭᠡ ᠬᠥᠭᠦᠷᠭᠡ᠂ ᠬᠤᠶᠠᠷ ᠮᠣᠳᠣ ᠠᠴᠠ ᠳ᠋ᠧᠩᠺᠧᠦ ᠬᠦᠷᠬᠦ ᠬᠡᠰᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | G0616 ᠮᠤᠨᠠ ᠠᠭᠤᠯᠠ ᠠᠴᠠ ᠬᠠᠯᠢᠭᠤᠲᠤ ᠬᠦᠷᠬᠦ ᠬᠡᠰᠡᠭ᠂ 628 ᠤᠯᠤᠰ ᠤᠨ ᠵᠠᠮ ᠤᠨ ᠾᠧᠢ ᠯᠢᠦ ᠽᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠠᠴᠠ ᠯᠢᠦ ᠭᠤᠸᠠᠢ ᠱᠠ ᠲᠧᠦ ᠬᠦᠷᠬᠦ ᠬᠡᠰᠡᠭ ᠤᠨ ᠲᠥᠷᠥᠯ ᠵᠦᠢᠯ ᠢ ᠠᠷᠭ᠎ᠠ ᠪᠦᠬᠦᠨ ᠢ ᠰᠦᠪᠡᠭᠴᠢᠯᠡᠨ ᠪᠠᠷᠢᠯᠭ᠎ᠠ ᠡᠬᠢᠯᠡᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠠᠭᠤᠯᠵᠠᠷ ᠲᠤ ︽ᠮᠢᠩᠭᠠᠨ ᠳ᠋ᠧᠩ ᠲᠦᠮᠡᠨ ᠪᠦᠰᠡ︾ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠢ | ᠰᠤᠪᠠᠭ ᠤᠨ ᠬᠠᠰᠢᠯᠭ᠎ᠠ ᠶᠢᠨ ᠵᠠᠰᠠᠮᠠᠯ ᠵᠠᠮ ᠢ ᠪᠥᠬᠦ ᠱᠤᠭᠤᠮ ᠢᠶᠠᠷ ᠲᠡᠷᠭᠡ ᠨᠡᠪᠲᠡᠷᠡᠭᠦᠯᠦᠨ᠎ᠡ᠃ 5G ᠶᠢᠨ ᠰᠠᠭᠤᠷᠢ ᠥᠷᠲᠡᠭᠡ ᠶᠢ 1000 ᠠᠴᠠ ᠳᠡᠭᠡᠭᠰᠢ᠂ | ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ 300 ᠠᠴᠠ ᠳᠡᠭᠡᠭᠰᠢ ᠰᠢᠨ᠎ᠡ ᠪᠠᠷ ᠪᠠᠶᠢᠭᠤᠯᠤᠨ᠎ᠠ᠃ | ︵ᠭᠤᠷᠪᠠ︶ ᠬᠡᠯᠬᠢᠶ᠎ᠡ ᠶᠢ ᠤᠷᠲᠤᠳᠬᠠᠵᠤ᠂ ᠰᠠᠭᠤᠷᠢᠨ ᠭᠠᠵᠠᠷ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ᠃ ᠪᠦᠬᠦ ᠲᠠᠯ᠎ᠠ ᠪᠠᠷ ᠠᠷᠪᠢᠯᠠᠬᠤ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠪᠠ ᠥᠨᠳᠥᠷ ᠪᠦᠲᠦᠮᠵᠢᠲᠡᠶ ᠠᠰᠢᠭᠯᠠᠬᠤ ᠶᠢ | ᠠᠬᠢᠭᠤᠯᠵᠤ᠂ ᠴᠡᠪᠡᠷ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠰᠠᠭᠤᠷᠢᠨ ᠭᠠᠵᠠᠷ ᠢ | ᠲᠦᠷᠭᠡᠪᠴᠢᠯᠡᠨ ᠪᠠᠶᠢᠭᠤᠯᠤᠨ᠎ᠠ᠃ | ᠤᠯᠠᠮᠵᠢᠯᠠᠯᠲᠤ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠡᠯᠬᠢᠶ᠎ᠡ ᠶᠢᠨ ᠤᠷᠲᠤᠳᠬᠠᠯ ᠢ ᠲᠦᠷᠭᠡᠳᠬᠡᠨ᠎ᠡ᠃ ᠪᠠᠶᠠᠨ | ᠴᠢᠯᠠᠭᠤᠨ ᠲᠣᠰᠣᠨ ᠤ ᠠᠭᠤᠷᠬᠠᠢ ᠶᠢᠨ ᠨᠥᠭᠡᠴᠡ ᠪᠠᠨ ᠨᠡᠮᠡᠭᠳᠡᠭᠦᠯᠦᠨ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠵᠤ᠂ ᠲᠦᠭᠦᠬᠡᠢ ᠴᠢᠯᠠᠭᠤᠨ ᠲᠣᠰᠣᠨ ᠤ | ᠭᠠᠷᠤᠯᠲᠠ ᠶᠢ 100 ᠲᠦᠮᠡᠨ ᠲᠣᠨ ᠠᠴᠠ ᠳᠠᠪᠠᠭᠤᠯᠬᠤ ᠪᠠᠷ ᠴᠢᠷᠮᠠᠶᠢᠨ᠎ᠠ᠃ ᠤᠯᠠᠭᠠᠨᠪᠤᠬ᠎ᠠ ᠡᠯᠡᠰᠦᠨ ᠴᠥᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠲᠤ | 4×100 ᠲᠦᠮᠡᠨ ᠺᠢᠯᠣᠸᠠᠲ ᠨᠡᠭᠦᠷᠡᠰᠦ ᠴᠠᠬᠢᠯᠭᠠᠨ ᠤ ᠲᠥᠷᠥᠯ ᠵᠦᠢᠯ ᠢ ᠲᠣᠬᠢᠷᠠᠭᠤᠯᠤᠨ ᠪᠠᠶᠢᠭᠤᠯᠬᠤ ᠶᠢ ᠠᠵᠢᠯ ᠡᠬᠢᠯᠡᠭᠦᠯᠵᠦ᠂ ᠤᠷᠠᠳ ᠴᠠᠬᠢᠯᠭᠠᠨ ᠤ | ᠦᠢᠯᠡᠳᠪᠦᠷᠢ ᠶᠢᠨ ᠠᠮᠢᠳᠤᠯᠢᠭ ᠴᠢᠨᠠᠷ ᠲᠠᠢ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ | ᠮᠠᠲ᠋ᠧᠷᠢᠶᠠᠯ ᠤᠨ ᠳᠡᠭᠡᠳᠦ ᠦᠵᠦᠭᠦᠷᠴᠢᠯᠡᠭᠰᠡᠨ ᠬᠥᠭᠵᠢᠯᠲᠡ ᠶᠢ ᠲᠦᠷᠭᠡᠳᠬᠡᠵᠦ᠂ ᠭᠦᠸᠧ ᠨᠧᠩ ᠤᠨ120 ᠲᠦᠮᠡᠨ ᠲᠣᠨ᠂ ᠾᠧᠢ ᠮᠣᠣ ᠶᠢᠨ 160 ᠲᠦᠮᠡᠨ | ᠲᠣᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠ ᠶᠢᠨ ᠮᠣᠣ ᠶᠢᠨ12 ᠲᠦᠮᠡᠨ ᠲᠣᠨ ᠨᠡᠭᠦᠷᠡᠰᠦᠨ ᠬᠥ᠋ ᠶᠢᠨ ᠢᠨᠵᠧᠨᠧᠷᠢᠩ ᠢ ᠡᠷᠲᠡᠬᠡᠨ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ | ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠲᠦᠷᠭᠡᠳᠬᠡᠨ᠎ᠡ᠃ ᠰᠢᠨ᠎ᠡ ᠡᠨᠧᠷᠭᠢ ᠶᠢᠨ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ ᠪᠠ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠵᠦ᠂ ᠮᠠᠰᠢᠨ ᠴᠣᠭᠴᠠᠯᠠᠪᠤᠷᠢ ᠶᠢᠨ | ᠬᠡᠪᠴᠢᠶ᠎ᠡ ᠶᠢ 683.8 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠵᠠᠩᠭᠢᠯᠠᠭ᠎ᠠ ᠶᠢᠨ ᠮᠠᠲ᠋ᠧᠷᠢᠶᠠᠯ᠂ | ᠲᠣᠨᠤᠭ ᠲᠥᠬᠦᠭᠡᠷᠦᠮᠵᠢ ᠵᠢᠴᠢ ᠰᠡᠯᠪᠢᠭ ᠲᠣᠨᠤᠭ ᠵᠡᠷᠭᠡ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠵᠦ᠂ ᠶᠤᠸᠠᠨ ᠵᠢᠩ ᠰᠠᠯᠬᠢᠨ | ᠬᠦᠴᠦᠨ ᠤ ᠴᠠᠬᠢᠯᠭᠠᠨ ᠤ ᠲᠣᠮᠣ ᠬᠡᠯᠪᠡᠷᠢ ᠶᠢᠨ ᠵᠢᠭᠦᠷ᠂ ᠶᠢᠨ ᠹᠧᠩ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ᠂ ᠭᠢᠷᠢᠨ ᠤ ᠬᠢᠮᠢ ᠶᠢᠨ ᠰᠢᠷᠬᠡᠭ ᠨᠡᠭᠦᠷᠡᠰᠦᠨ | ᠰᠢᠷᠬᠡᠭᠯᠢᠭ ᠤᠨ ᠲᠠᠲᠠᠵᠤ ᠰᠢᠬᠠᠬᠤ ᠬᠠᠪᠲᠠᠰᠤ᠂ ᠢ ᠰᠦᠸᠧ ᠡᠯ ᠰᠠᠯᠬᠢᠨ ᠬᠦᠴᠦᠨ ᠤ ᠴᠠᠬᠢᠯᠭᠠᠨ ᠤ ᠨᠡᠶᠢᠯᠡᠮᠡᠯ ᠮᠠᠲ᠋ᠧᠷᠢᠶᠠᠯ᠂ ᠬᠤᠸᠠ ᠳ᠋ᠢᠶᠠᠨ ᠬᠡᠷᠡᠯ ᠴᠡᠨᠡᠭ ᠤᠨ | ᠵᠢᠶᠠᠰᠠ᠂ ᠬᠤᠸᠠ ᠮᠢᠨ ᠰᠢᠨ᠎ᠡ ᠡᠨᠧᠷᠭᠢ ᠶᠢᠨ ᠬᠤᠭᠤᠯᠠᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠯᠬᠢᠨ | ᠠᠬᠢᠭᠤᠯᠵᠤ᠂ ᠰᠠᠨ ᠢ ᠰᠠᠯᠬᠢᠨ ᠬᠦᠴᠦᠨ ᠤ ᠴᠠᠬᠢᠯᠭᠠᠨ ᠤ ᠭᠤᠣᠯ ᠮᠠᠰᠢᠨ᠂ ᠱᠠᠩᠬᠠᠢ ᠶᠢᠨ ᠴᠠᠬᠢᠯᠭᠠᠨ ᠬᠡᠢ ᠶᠢᠨ ᠦᠨᠳᠦᠰᠦᠨ ᠰᠡᠯᠪᠢᠭ ᠲᠣᠨᠤᠭ᠂ ᠭᠦᠸᠧ ᠱᠧᠩ | ᠰᠢᠨ᠎ᠡ ᠡᠨᠧᠷᠭᠢ ᠶᠢᠨ ᠣᠨᠳᠣᠣ ᠡᠳ᠋ ᠤᠨ ᠪᠦᠲᠦᠴᠡᠲᠦ ᠴᠠᠬᠢᠯᠭᠠᠨ ᠴᠡᠨᠡᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠯᠢᠨ ᠾᠧ | ᠲᠣᠭᠤᠷᠢᠭ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠳᠡᠮᠵᠢᠵᠦ᠂ ᠪᠥᠬᠦ ᠬᠤᠲᠠ ᠶᠢᠨ | ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠪᠠᠶᠢᠭᠤᠯᠤᠮᠵᠢ ᠶᠢᠨ ᠲᠥᠬᠦᠷᠵᠢᠭᠦᠯᠬᠦ ᠴᠢᠳᠠᠪᠤᠷᠢ ᠶᠢ ᠵᠢᠯ ᠳᠤ 400 ᠲᠦᠮᠡᠨ ᠺᠢᠯᠣᠸᠠᠲ ᠲᠤ ᠬᠦᠷᠦᠭᠦᠯᠬᠦ ᠪᠠᠷ | ᠴᠢᠷᠮᠠᠶᠢᠨ᠎ᠠ᠃ ᠲᠠᠢ ᠶᠠᠩ ᠭᠧᠦ ᠶᠢᠨ 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠤᠨ ᠠᠵᠢᠯ ᠡᠬᠢᠯᠡᠭᠦᠯᠬᠦ ᠶᠢ | ᠠᠬᠢᠭᠤᠯᠵᠤ᠂ ᠭᠡᠷᠡᠯ ᠢᠯᠴᠢ ᠪᠠᠷ ᠴᠠᠬᠢᠯᠭᠠᠨ ᠭᠠᠷᠭᠠᠬᠤ ᠪᠠ ᠭᠡᠷᠡᠯ ᠴᠡᠨᠡᠭ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠢ ᠨᠢᠭᠡ ᠴᠣᠭᠴᠠᠵᠢᠭᠤᠯᠤᠨ | ᠪᠦᠲᠦᠭᠡᠨ ᠪᠠᠶᠢᠭᠤᠯᠬᠤ ᠶᠢ ᠳᠡᠮᠵᠢᠵᠦ᠂ ᠯᠦᠩ ᠲᠧᠩ ᠤᠨ ᠬᠡᠷᠡᠯ ᠢᠯᠴᠢ ᠡᠨᠧᠷᠭᠢ ᠨᠥᠭᠡᠴᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠦᠷᠢᠶᠡᠯᠡᠩ ᠲᠣᠭᠤᠷᠢᠭ ᠢ ᠪᠠᠶᠢᠭᠤᠯᠵᠤ ᠳᠠᠭᠤᠰᠬᠠᠨ᠎ᠠ᠃ ᠬᠡᠷᠡᠭᠴᠡᠭᠡ ᠠᠴᠠ ᠭᠠᠷᠤᠭᠰᠠᠨ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠲᠥᠬᠦᠭᠡᠷᠦᠮᠵᠢ ᠶᠢ | ᠡᠷᠭᠢᠯᠳᠦᠭᠦᠯᠦᠨ ᠠᠰᠢᠭᠯᠠᠬᠤ ᠵᠡᠷᠭᠡ ᠦᠢᠯᠡᠴᠢᠯᠡᠭᠡᠨ ᠤ ᠠᠵᠤ ᠦᠢᠯᠡᠰ ᠢ ᠪᠠᠷᠠᠭᠠᠯᠬᠢᠯᠠᠯ ᠤᠨ ᠴᠢᠨᠠᠷᠲᠠᠢ ᠪᠠᠷ ᠪᠠᠶᠢᠷᠢᠰᠢᠭᠤᠯᠵᠤ᠂ ᠲᠤᠰᠬᠠᠢ ᠠᠵᠢᠯᠯᠠᠬᠤ ᠶᠢ ᠪᠠᠲᠤᠯᠠᠬᠤ | ᠦᠢᠯᠡᠴᠢᠯᠡᠭᠡᠨ ᠤ ᠬᠤᠳᠠᠯᠳᠤᠭᠠᠴᠢᠨ ᠢ ᠪᠣᠶᠢᠵᠢᠭᠤᠯᠤᠨ᠂ ᠰᠢᠨ᠎ᠡ ᠡᠨᠧᠷᠭᠢ ᠶᠢᠨ ᠠᠵᠤ ᠦᠢᠯᠡᠰ ᠯᠦᠭᠡ ᠵᠡᠷᠭᠡᠪᠡᠷ ᠬᠥᠭᠵᠢᠭᠦᠯᠵᠦ᠂ ᠨᠢᠭᠡ ᠴᠣᠭᠴᠠᠵᠢᠭᠤᠯᠤᠨ | ᠪᠤᠵᠠᠭᠠᠶᠢᠷᠠᠭᠤᠯᠤᠨ᠎ᠠ᠃ ᠰᠢᠨ᠎ᠡ ᠡᠨᠧᠷᠭᠢ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠢ ᠥᠷᠭᠡᠳᠬᠡᠵᠦ᠂ ᠭᠤᠣᠯᠳᠠᠯᠭ᠎ᠠ ᠲᠠᠢ ᠠᠵᠤ ᠦᠢᠯᠡᠰ ᠪᠠ | ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠪᠣᠬᠢᠷᠲᠤᠯ ᠦᠭᠡᠢ ᠴᠠᠬᠢᠯᠭᠠᠨ ᠢᠶᠠᠷ ᠥᠨᠳᠥᠷ ᠬᠠᠷᠢᠴᠠᠯ ᠢᠶᠠᠷ ᠣᠷᠣᠯᠠᠭᠤᠯᠬᠤ ᠶᠢ ᠲᠦᠷᠭᠡᠳᠬᠡᠨ᠂ ᠰᠢᠨ᠎ᠡ ᠡᠨᠧᠷᠭᠢ ᠶᠢᠨ | ᠲᠤᠬᠠᠢ ᠶᠢᠨ ᠭᠠᠵᠠᠷ ᠲᠤᠨᠢ ᠪᠠᠭᠲᠠᠭᠠᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ ᠲᠠᠢ ᠨᠡᠭᠡᠭᠡᠨ ᠠᠰᠢᠭᠯᠠᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠠᠷᠢᠨ | ᠲᠥᠯᠦᠪᠵᠢᠭᠦᠯᠭᠡ ᠪᠠ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠦᠨ᠎ᠡ᠃ ᠠᠭᠤᠷᠬᠠᠢ ᠡᠷᠢᠬᠦ ᠠᠵᠢᠯᠯᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠵᠡᠰ᠂ ᠲᠡᠮᠦᠷ᠂ ᠬᠠᠷ᠎ᠠ ᠲᠤᠭᠤᠯᠭ᠎ᠠ᠂ ᠴᠠᠶᠢᠷ᠂ ᠪᠠᠯ ᠴᠢᠯᠠᠭᠤ ᠶᠢ ᠬᠠᠶᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ | ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠵᠥᠪᠰᠢᠶᠡᠷᠡᠭᠰᠡᠨ ᠪᠣᠯᠪᠠᠴᠤ | ᠬᠠᠩᠭᠠᠭᠠᠳᠤᠢ 6000 ᠮᠦ ᠭᠠᠵᠠᠷ ᠰᠢᠷᠣᠢ ᠶᠢ ᠰᠢᠩᠭᠡᠭᠡᠵᠦ᠂ 362 ᠮᠦ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠨ᠎ᠡ᠃ ᠮᠠᠯᠵᠢᠬᠤ ᠲᠠᠷᠢᠶᠠᠯᠠᠬᠤ | ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠨᠥᠭᠡᠴᠡ ᠭᠠᠵᠠᠷ ᠰᠢᠷᠣᠢ ᠶᠢ ᠯᠠᠪᠳᠠᠭᠤᠨ ᠢᠶᠠᠷ ᠠᠮᠢᠳᠤᠯᠢᠭᠵᠢᠭᠤᠯᠤᠨ ᠠᠰᠢᠭᠯᠠᠵᠤ᠂ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠢᠯ ᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ | ᠲᠠᠷᠢᠶᠠᠨ ᠭᠠᠵᠠᠷ ᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠠᠵᠢᠯ ᠢ ᠢᠳᠡᠪᠬᠢᠲᠡᠢ ᠪᠠᠷ ᠠᠬᠢᠭᠤᠯᠤᠨ᠎ᠠ᠃ ᠤᠮᠠᠷᠠᠲᠤ ᠶᠢᠨ ᠡᠯᠡᠰᠦᠷᠬᠡᠭᠵᠢᠯ ᠢ | ᠰᠡᠷᠭᠡᠶᠢᠯᠡᠬᠦ ᠪᠦᠰᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠵᠢᠱᠢᠶ᠎ᠡ ᠦᠵᠡᠭᠦᠯᠬᠦ | ᠢᠨᠵᠧᠨᠧᠷᠢᠩ ᠢ ᠭᠤᠶᠤᠴᠢᠯᠠᠨ ᠮᠡᠳᠡᠭᠦᠯᠵᠦ ᠬᠡᠷᠡᠭᠵᠢᠭᠦᠯᠦᠨ᠎ᠡ᠃ ᠨᠡᠭᠦᠷᠡᠰᠦᠨ ᠤ ᠪᠤᠰᠤ ᠠᠭᠤᠷᠬᠠᠢ ᠶᠢᠨ ︽ᠭᠤᠷᠪᠠᠨ ᠨᠢᠭᠡ ᠪᠦᠯᠦᠭ︾ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ 14 ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠳ᠋ᠤᠭᠠᠷ ᠢ ᠨᠢ ᠬᠠᠰᠤᠬᠤ ᠶᠢ ᠪᠡᠶᠡᠯᠡᠭᠦᠯᠦᠨ᠎ᠡ᠃ | ︵ᠳᠥᠷᠪᠡ︶ ᠰᠠᠭᠤᠷᠢ ᠶᠢ ᠪᠠᠲᠤᠳᠬᠠᠨ᠂ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠴᠢᠬᠤᠯᠠ ᠮᠠᠯ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ | ᠬᠡᠷᠡᠭᠲᠡᠢ᠃ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠲᠡᠮᠳᠡᠭᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠤᠨ ᠶᠠᠰᠤ ᠴᠢᠨᠠᠷ ᠦᠷ᠎ᠡ | ᠠᠰᠢᠭ ᠪᠠ ᠥᠷᠢᠰᠦᠯᠳᠦᠬᠦ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠤᠳᠤ ᠦᠶ᠎ᠡ ᠶᠢᠨ ᠥᠨᠳᠥᠷ ᠦᠷ᠎ᠡ | ᠠᠰᠢᠭ ᠲᠠᠢ ᠲᠠᠷᠢᠶᠠᠯᠠᠩ ᠤᠨ ᠲᠥᠪᠯᠡᠷᠡᠭᠰᠡᠨ ᠣᠷᠣᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠣᠷᠣᠨ ᠢ ᠲᠦᠷᠭᠡᠨ ᠪᠦᠲᠦᠭᠡᠨ | ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠬᠡᠷᠡᠭᠯᠡᠯᠲᠡ ᠶᠢ | ᠬᠠᠮᠢᠶᠠᠷᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠭᠤᠷᠪᠠᠳᠤᠭᠠᠷ ᠤᠳᠠᠭᠠᠨ ᠤ ᠪᠦᠬᠦ | ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠎ᠡ᠃ ︽ᠪᠡᠯᠡ ᠣᠷᠣᠭᠤᠯᠬᠤ ᠪᠦᠲᠦᠭᠡᠨ ᠪᠠᠶᠢᠭᠤᠯᠬᠤ ᠡᠵᠡᠩᠨᠡᠬᠦ︾ ᠶᠢ ᠨᠢᠭᠡ | ᠴᠣᠭᠴᠠᠵᠢᠭᠤᠯᠬᠤ ᠵᠠᠭᠪᠤᠷ ᠢ ᠳᠡᠯᠭᠡᠷᠡᠭᠦᠯᠦᠨ᠂ 185 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ 50.2 ᠲᠦᠮᠡᠨ ᠮᠦ | ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠢ 5.5 ᠲᠦᠮᠡᠨ ᠮᠦ ᠠᠴᠠ ᠳᠡᠭᠡᠭᠰᠢ᠂ ᠬᠡᠪᠴᠢᠶᠡᠵᠢᠭᠦᠯᠦᠭᠰᠡᠨ | ᠲᠡᠵᠢᠭᠡᠨ ᠦᠷᠡᠵᠢᠭᠦᠯᠬᠦ ᠲᠠᠯᠠᠪᠠᠢ ᠶᠢ 34 ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ | 560 ᠲᠦᠮᠡᠨ ᠮᠦ ᠳᠤ ᠬᠦᠷᠭᠡᠨ᠎ᠡ᠃ ᠣᠶᠤᠨᠲᠤ ᠲᠠᠷᠢᠶᠠᠯᠠᠩ ᠤᠨ ᠮᠠᠰᠢᠨ ᠢ ᠬᠥᠭᠵᠢᠭᠦᠯᠵᠦ᠂ ᠲᠠᠷᠢᠮᠠᠯ ᠤᠨ ᠵᠦᠢᠯ ᠤᠨ ᠲᠠᠷᠢᠵᠤ ᠬᠤᠷᠢᠶᠠᠬᠤ ᠶᠡᠷᠦᠩᠬᠡᠶᠢᠯᠡᠭᠰᠡᠨ | ᠮᠠᠰᠢᠨᠴᠢᠯᠠᠯᠲᠠ ᠶᠢᠨ ᠨᠣᠷᠮ᠎ᠠ ᠶᠢ 87.5% ᠳᠤ ᠬᠦᠷᠦᠭᠦᠯᠦᠨ᠎ᠡ᠃ | ᠣᠳᠣ ᠦᠶ᠎ᠡ ᠶᠢᠨ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠲᠦᠷᠭᠡᠪᠴᠢᠯᠡᠨ ᠠᠬᠢᠭᠤᠯᠵᠤ᠂ ᠲᠠᠷᠢᠮᠠᠯ ᠤᠨ ᠰᠢᠨ᠎ᠡ ᠡᠭᠦᠯᠳᠡᠷ ᠢ 10 ᠠᠴᠠ ᠳᠡᠭᠡᠭᠰᠢ ᠪᠣᠶᠢᠵᠢᠭᠤᠯᠵᠤ᠂ ᠤᠯᠤᠰ ᠤᠨ ᠮᠠᠯ ᠵᠢᠭᠦᠷᠲᠡᠨ ᠤ ᠭᠤᠣᠯ | ᠡᠭᠦᠯᠳᠡᠷ ᠪᠣᠶᠢᠵᠢᠭᠤᠯᠬᠤ ᠲᠠᠯᠠᠪᠠᠢ ᠶᠢ 1 ᠠᠴᠠ ᠳᠡᠭᠡᠭᠰᠢ ᠪᠠᠶᠢᠭᠤᠯᠤᠨ᠎ᠠ᠃ ᠠᠮᠤ ᠪᠤᠳᠠᠭ᠎ᠠ ᠳᠠᠷᠢᠬᠤ ᠲᠠᠯᠠᠪᠠᠶ ᠶᠢ 548 ᠲᠦᠮᠡᠨ ᠮᠦ ᠳᠤ ᠲᠣᠭᠲᠠᠪᠤᠷᠢᠵᠢᠭᠤᠯᠵᠤ᠂ | ᠬᠠᠩᠭᠢᠨ ᠬᠤᠶᠢᠲᠤ ᠬᠤᠰᠢᠭᠤ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠨᠢ ᠰᠢᠰᠢ ᠶᠢᠨ ᠰᠠᠶᠢᠨ ᠦᠷ᠎ᠡ ᠪᠣᠶᠢᠵᠢᠭᠤᠯᠬᠤ ᠲᠣᠮᠣ ᠰᠢᠶᠠᠨ ᠳᠤ | ᠮᠡᠳᠡᠭᠦᠯᠬᠦ ᠶᠢ ᠳᠡᠮᠵᠢᠵᠦ᠂ 4 ᠡᠷᠳᠡᠨᠢ ᠰᠢᠰᠢ ᠪᠠ 2 ᠪᠤᠭᠤᠳᠠᠢ ᠶᠢᠨ ᠪᠦᠬᠦᠯᠢ ᠪᠠᠶᠢᠭᠤᠯᠤᠮᠵᠢ ᠶᠢᠨ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠤᠨ᠎ᠠ᠃ ︽ᠲᠤᠭ᠎ᠠ ᠪᠠᠷᠢᠮᠲᠠ ᠶᠢᠨ ᠬᠦᠴᠦᠨ ᠵᠦᠢᠯ ×︾ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠵᠤ | ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠪᠠ ᠦᠢᠯᠡᠴᠢᠯᠡᠭᠡᠨ ᠤ ᠠᠵᠤ ᠠᠬᠤᠶᠢᠯᠠᠯ ᠤᠨ ᠠᠯᠤᠰ ᠰᠡᠷᠡᠯ᠂ ᠴᠠᠭ ᠠᠭᠤᠷ᠂ ᠬᠥᠷᠥᠰᠥ | ᠰᠢᠷᠣᠢ᠂ ᠵᠠᠬ᠎ᠠ ᠳᠡᠯᠭᠡᠭᠦᠷ᠂ ᠲᠠᠷᠢᠶᠠᠯᠠᠩ ᠤᠨ ᠠᠵᠢᠯ ᠵᠡᠷᠭᠡ ᠲᠤᠭ᠎ᠠ ᠪᠠᠷᠢᠮᠲᠠ ᠶᠢ ᠠᠭᠤᠰᠤᠯᠴᠠᠭᠤᠯᠤᠨ ᠠᠰᠢᠭᠯᠠᠬᠤ ᠶᠢ ᠳᠡᠮᠵᠢᠵᠦ᠂ ᠣᠶᠤᠨᠲᠤ ᠲᠠᠷᠢᠶᠠᠯᠠᠩ ᠢ | ᠲᠦᠷᠭᠡᠳᠬᠡᠨ ᠬᠥᠭᠵᠢᠭᠦᠯᠵᠦ᠂ ᠨᠠᠷᠢᠯᠢᠭ ᠣᠨᠣᠴᠠᠲᠠᠢ ᠪᠠᠷ ᠳᠠᠷᠢᠵᠤ᠂ ᠨᠠᠷᠢᠯᠢᠭ ᠣᠨᠣᠴᠠᠲᠠᠢ ᠪᠠᠷ ᠲᠡᠵᠢᠭᠡᠨ ᠦᠷᠡᠵᠢᠭᠦᠯᠬᠦ ᠶᠢ ᠪᠡᠶᠡᠯᠡᠭᠦᠯᠦᠨ᠎ᠡ᠃ ᠤᠷᠢᠳᠴᠢᠯᠠᠨ | ᠦᠢᠯᠡᠳᠦᠭᠰᠡᠨ ᠨᠣᠭᠤᠭ᠎ᠠ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠦᠬᠡᠷ ᠬᠤᠨᠢᠨ ᠮᠢᠬ᠎ᠠ᠂ ᠰᠢᠨ᠎ᠡ ᠰᠣᠷᠭᠤᠭ ᠢᠳᠡᠰᠢᠨ ᠡᠷᠳᠡᠨᠢ ᠰᠢᠰᠢ᠂ | ᠰᠤᠯᠠ ᠳᠥᠭᠦᠮ ᠢᠳᠡᠭᠡᠨ ᠵᠡᠷᠭᠡ ᠪᠦᠲᠦᠭᠡᠭᠳᠡᠬᠦᠨ᠂ ᠬᠠᠭᠠᠰ ᠡᠳ᠋ᠰᠢᠭᠦᠯᠦᠭᠰᠡᠨ ᠪᠦᠲᠦᠭᠡᠭᠳᠡᠬᠦᠨ ᠢ ᠪᠣᠯᠪᠠᠰᠤᠷᠠᠭᠤᠯᠬᠤ ᠶᠢ ᠭᠤᠣᠯᠳᠠᠯᠭ᠎ᠠ ᠲᠠᠢ ᠬᠥᠭᠵᠢᠭᠦᠯᠦᠨ᠎ᠡ᠃ | ᠪᠣᠬᠢᠷᠲᠤᠯ ᠦᠭᠡᠢ ᠣᠷᠭᠠᠨᠢᠭ ᠪᠦᠲᠦᠭᠡᠭᠳᠡᠬᠦᠨ ᠢ 30 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠤᠨ ᠥᠷᠲᠡᠭ ᠢ 300 | ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠠᠵᠤ ᠦᠢᠯᠡᠰ ᠤᠨ ᠰᠦᠷᠦᠭᠵᠢᠯ᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠠᠵᠤ ᠦᠶᠢᠯᠡᠰᠵᠢᠭᠰᠡᠨ ᠲᠣᠯᠣᠭᠠᠶᠢᠯᠠᠬᠤ ᠠᠵᠤ ᠠᠬᠤᠶᠢᠯᠠᠯ ᠢ | 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ | 1100 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ | ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠲᠣᠬᠢᠷᠠᠭᠤᠯᠤᠨ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃ ᠪᠠᠶᠠᠨᠨᠠᠭᠤᠷ ᠬᠤᠳᠠ ᠶᠢᠨ ᠤᠰᠤᠨ ᠤ | ᠲᠣᠣᠷ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ︽ᠤᠰᠤᠯᠠᠯᠲᠠ ᠶᠢᠨ ᠣᠷᠣᠨ ᠤ ᠵᠢᠷᠤᠭ︾ ᠢ ᠪᠠᠶᠢᠭᠤᠯᠤᠨ᠎ᠠ᠃ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠣᠷᠣᠲᠣᠬᠤᠢ ᠶᠢᠨ ᠤᠰᠤᠯᠠᠯᠲᠠ ᠶᠢᠨ | ᠣᠷᠣᠨ ᠤ ᠦᠷᠭᠦᠯᠵᠢᠯᠡᠨ ᠪᠠᠶᠢᠭᠤᠯᠬᠤ ᠢᠵᠢ ᠪᠦᠷᠢᠳᠦᠭᠦᠯᠬᠦ ᠬᠢᠭᠡᠳ ᠣᠳᠣᠬᠢᠴᠢᠯᠠᠭᠰᠠᠨ ᠥᠭᠡᠷᠡᠴᠢᠯᠡᠯᠲᠡ ᠵᠡᠷᠭᠡ ᠢᠨᠵᠧᠨᠧᠷᠢᠩ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠲᠠᠯᠠᠪᠠᠢ ᠶᠢ 100 ᠲᠦᠮᠡᠨ ᠮᠦ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠪᠥᠬᠦ ᠵᠢᠯ ᠳᠤ 1.46 ᠳ᠋ᠦᠩᠰᠢᠭᠤᠷ ᠺᠦᠪ ᠮᠧᠲᠷ ᠠᠴᠠ ᠳᠡᠭᠡᠭᠰᠢ ᠤᠰᠤ ᠠᠷᠪᠢᠯᠠᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ | ᠵᠠᠰᠠᠯᠲᠠ ᠶᠢ ᠨᠡᠮᠡᠭᠳᠡᠭᠦᠯᠵᠦ᠂ ᠤᠰᠤᠨ ᠰᠤᠷᠪᠤᠯᠵᠢ ᠶᠢ ᠰᠣᠯᠢᠬᠤ᠂ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠦᠨᠡᠨ ᠪᠣᠳᠠᠲᠠᠢ ᠠᠬᠢᠴᠠ ᠲᠠᠢ ᠪᠣᠯᠬᠤ ᠶᠢ ᠪᠠᠲᠤᠯᠠᠨ᠎ᠠ᠃ ᠪᠦᠬᠦ ᠤᠯᠤᠰ ᠤᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠤᠷ ᠤᠨ ᠬᠤᠷᠠᠯ ᠢ ᠳᠠᠭᠠᠭᠠᠴᠢᠯᠠᠨ ᠡᠷᠬᠢᠯᠡᠨ᠎ᠡ᠃ | ︵ᠲᠠᠪᠤ︶ ᠥᠭᠡᠷᠡᠴᠢᠯᠡᠯᠲᠡ ᠶᠢ ᠠᠳᠬᠤᠨ᠂ ᠨᠡᠭᠡᠭᠡᠯᠲᠡ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠶᠢ ᠠᠬᠢᠭᠤᠯᠬᠤ ᠴᠢᠬᠤᠯᠠ ᠪᠠᠬᠢᠯᠡᠯᠲᠡ ᠶᠢᠨ | ᠪᠦᠲᠦᠭᠡᠨ ᠪᠠᠶᠢᠭᠤᠯᠤᠯᠲᠠ ᠶᠢᠨ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ᠃ ᠥᠭᠡᠷᠡᠴᠢᠯᠡᠯᠲᠡ ᠪᠠᠷ ᠬᠦᠴᠢᠷ | ᠠᠰᠠᠭᠤᠳᠠᠯ ᠢ ᠰᠢᠢᠳᠪᠦᠷᠢᠯᠡᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ ᠨᠡᠭᠡᠭᠡᠯᠲᠡ ᠪᠠᠷ ᠡᠬᠢ ᠪᠠᠶᠠᠯᠢᠭ ᠢ ᠲᠥᠪᠯᠡᠷᠡᠭᠦᠯᠬᠦ᠂ ᠣᠷᠣᠨ ᠵᠠᠢ ᠶᠢ | ᠥᠷᠭᠡᠳᠬᠡᠬᠦ ᠶᠢ ᠪᠠᠷᠢᠮᠲᠠᠯᠠᠵᠤ᠂ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠭᠠᠳᠠᠭᠠᠳᠤ ᠦᠢᠯᠡᠳᠪᠦᠷᠢᠯᠡᠯ ᠤᠨ ᠬᠦᠴᠦᠨ ᠢ | ᠣᠷᠣᠭᠤᠯᠤᠨ ᠠᠪᠴᠢᠷᠠᠵᠤ᠂ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠲᠤᠭ᠎ᠠ | ᠪᠠᠷᠢᠮᠲᠠ ᠶᠢᠨ ᠲᠠᠪᠴᠠᠩ ᠤᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠥᠨᠳᠥᠷ ᠪᠦᠲᠦᠮᠵᠢᠲᠡᠶ ᠨᠢᠭᠡ ᠶᠠᠪᠤᠳᠠᠯ ᠢ ᠪᠦᠲᠦᠭᠡᠬᠦ︾ ᠶᠢᠨ | ᠲᠣᠭᠤᠷᠢᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠠᠬᠢᠭᠤᠯᠤᠨ᠎ᠠ᠃ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠷᠥᠯ ᠵᠦᠢᠯ ᠤᠨ | ᠬᠠᠮᠢᠶᠠᠷᠤᠭᠴᠢ ᠶᠢᠨ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠤᠨ᠎ᠠ᠃ 12345 ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ | ᠴᠢᠨᠠᠷ ᠢ ᠳᠡᠭᠡᠭᠰᠢᠯᠡᠭᠦᠯᠵᠦ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ᠂ ᠭᠦᠢᠴᠡᠳᠬᠡᠵᠦ ᠳᠠᠭᠤᠰᠬᠠᠬᠤ ᠨᠣᠷᠮ᠎ᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ | ᠪᠠᠶᠢᠯᠭᠠᠬᠤ ᠶᠢ ᠦᠨᠡᠨᠬᠦ ᠪᠠᠲᠤᠯᠠᠨ᠎ᠠ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ︽ᠬᠤᠪᠢ ᠶᠢᠨ ᠡᠵᠡᠩᠨᠡᠯᠲᠡ ᠶᠢ ᠠᠵᠤ | ᠠᠬᠤᠶᠢᠯᠠᠯ ᠪᠣᠯᠭᠠᠨ ᠬᠤᠪᠢᠷᠠᠭᠤᠯᠬᠤ︾ ︽ᠪᠠᠭ᠎ᠠ ᠠᠵᠤ ᠠᠬᠤᠶᠢᠯᠠᠯ ᠢ ᠬᠡᠪᠴᠢᠶᠡᠵᠢᠯ ᠤᠨ ᠠᠵᠤ ᠠᠬᠤᠶᠢᠯᠠᠯ ᠪᠣᠯᠭᠠᠨ ᠳᠡᠪᠰᠢᠭᠦᠯᠬᠦ︾ ᠶᠢ ᠦᠷᠭᠦᠯᠵᠢᠯᠡᠨ | ᠠᠬᠢᠭᠤᠯᠵᠤ᠂ ᠪᠢᠴᠢᠯ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠨᠡᠨᠬᠦ ᠴᠢᠩᠭᠠᠷᠠᠭᠤᠯᠤᠨ᠎ᠠ᠃ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠡᠷᠦᠭᠡ ᠶᠢᠨ | ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠ ᠠᠮᠠᠯᠠᠯᠲᠠ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠵᠦ᠂ | ᠬᠤᠭᠤᠰᠤᠨ ᠦᠭᠡ ᠬᠡᠯᠡᠬᠦ᠂ ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ ᠪᠠᠶᠢᠬᠤ ᠶᠢ ᠡᠷᠡᠰ ᠬᠤᠷᠢᠭᠯᠠᠵᠤ᠂ ᠬᠡᠯᠡᠭᠰᠡᠨ ᠢᠶᠠᠨ ᠵᠠᠪᠠᠯ ᠭᠦᠢᠴᠡᠳᠬᠡᠬᠦ᠂ | ᠠᠮᠠᠯᠠᠭᠰᠠᠨ ᠢᠶᠠᠨ ᠵᠠᠪᠠᠯ ᠦᠢᠯᠡᠳᠦᠯᠭᠡᠵᠢᠭᠦᠯᠬᠦ ᠶᠢ ᠪᠡᠶᠡᠯᠡᠭᠦᠯᠦᠨ᠎ᠡ᠃ | ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢ ᠲᠦᠷᠭᠡᠪᠴᠢᠯᠡᠨ ᠬᠥᠭᠵᠢᠭᠦᠯᠦᠨ᠎ᠡ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠭᠠᠳᠠᠭᠠᠳᠤ ᠨᠡᠭᠡᠭᠡᠯᠲᠡ ᠶᠢᠨ ᠴᠢᠳᠠᠮᠵᠢ ᠲᠡᠰ ᠪᠠ ᠲᠦᠪᠰᠢᠨ ᠢ ᠳᠡᠭᠡᠭᠰᠢᠯᠡᠭᠦᠯᠦᠨ᠎ᠡ᠃ | ᠭᠠᠭᠴᠠᠮᠣᠳᠣ ᠬᠢᠯᠢ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠳᠤᠮᠳᠠᠳᠤ ᠤᠯᠤᠰ᠂ ᠮᠣᠩᠭᠤᠯ ᠤᠯᠤᠰ | ᠤᠨ ᠬᠢᠯᠢ ᠠᠯᠤᠰᠯᠠᠭᠰᠠᠨ ᠲᠡᠮᠦᠷ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ AGV ᠶᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠶᠢᠨ | ᠴᠢᠨᠠᠷ ᠢ ᠳᠡᠭᠡᠭᠰᠢᠯᠡᠭᠦᠯᠬᠦ ᠬᠡᠮᠵᠢᠶ᠎ᠡ ᠶᠢ ᠥᠷᠭᠡᠳᠬᠡᠬᠦ ᠶᠢ ᠪᠡᠶᠡᠯᠡᠭᠦᠯᠵᠦ᠂ ᠪᠣᠭᠤᠮᠲᠠ ᠪᠠᠷ ᠨᠡᠪᠲᠡᠷᠡᠬᠦ ᠪᠠᠷᠠᠭᠠᠨ ᠤ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠭᠠᠭᠴᠠᠮᠣᠳᠤ ᠶᠢᠨ ᠥᠪᠥᠷ ᠮᠣᠩᠭᠤᠯ ᠤᠨ ᠨᠡᠭᠦᠷᠡᠰᠦ ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠥᠪᠥᠷ ᠮᠣᠩᠭᠤᠯ ᠤᠨ ᠨᠡᠭᠦᠷᠡᠰᠦᠨ ᠤ ᠦᠨ᠎ᠡ ᠬᠠᠩᠰᠢ ᠶᠢᠨ | ᠵᠢᠭᠠᠯᠲᠠ ᠲᠤᠭ᠎ᠠ ᠶᠢ ᠪᠣᠶ ᠪᠣᠯᠭᠠᠨ᠎ᠠ᠃ ︽ᠤᠷᠠᠳ ᠨᠣᠮᠧᠷᠲᠤ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ | ᠦᠷ᠎ᠡ ᠠᠰᠢᠭ ᠢ ᠳᠡᠭᠡᠭᠰᠢᠯᠡᠭᠦᠯᠵᠦ᠂ ᠭᠠᠶᠢᠯᠢ ᠶᠢᠨ ᠪᠠᠲᠤᠯᠠᠭᠠᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠴᠢᠳᠠᠮᠵᠢ ᠶᠢ ᠥᠷᠭᠡᠳᠬᠡᠨ | ᠤᠷᠲᠤᠳᠬᠠᠬᠤ ᠶᠢ ᠠᠬᠢᠭᠤᠯᠤᠨ᠎ᠠ᠃ | ᠣᠷᠣᠨ ᠪᠦᠰᠡ ᠶᠢᠨ ᠬᠠᠮᠵᠢᠯᠴᠠᠨ ᠬᠤᠷᠰᠢᠯᠴᠠᠬᠤ ᠶᠢ ᠴᠢᠩᠭᠠᠳᠬᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠰᠠᠨᠠᠭᠠᠴᠢᠯᠠᠭ᠎ᠠ | ᠠᠴᠠ ᠪᠠᠨ ᠠᠭᠤᠰᠤᠯᠴᠠᠨ᠂ ︽ᠨᠢᠭᠡ ᠪᠦᠰᠡ ᠨᠢᠭᠡ ᠵᠠᠮ︾ ᠢ ᠬᠠᠮᠲᠤᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ | ᠂ ︽ᠭᠤᠸᠠᠩᠳᠦ᠋ᠩ ᠰᠢᠶᠠᠩᠭᠠᠩ ᠣᠣᠮᠧᠨ︾ ᠤ ᠲᠣᠮᠣ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ︽ᠪᠦᠰᠡᠯᠡᠯᠲᠡ ᠶᠢ ᠰᠢᠪᠲᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠤᠣᠯ ᠠᠵᠢᠯ ᠢᠶᠠᠨ ᠭᠦᠨᠵᠡᠭᠡᠢ ᠰᠠᠶᠢᠲᠤᠷ ᠬᠢᠬᠦ᠂ ᠬᠦᠴᠦᠷᠬᠡᠭ ᠠᠵᠤ ᠠᠬᠤᠶᠢᠯᠠᠯ ᠲᠣᠮᠣ ᠠᠵᠤ ᠠᠬᠤᠶᠢᠯᠠᠯ ᠲᠠᠢ | ᠬᠠᠮᠲᠤᠷᠠᠯᠴᠠᠭ᠎ᠠ ᠬᠢᠬᠦ ᠶᠢ ᠳᠡᠮᠵᠢᠵᠦ᠂ ᠭᠤᠣᠯᠯᠠᠬᠤ ᠴᠢᠳᠠᠮᠵᠢ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠬᠤᠲᠠ ᠶᠢᠨ ᠬᠠᠷᠢᠶ᠎ᠠ | ᠳᠥᠷᠪᠡᠨ ᠶᠡᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠴᠥᠮ ᠠᠯᠳᠠᠭᠳᠠᠯ ᠲᠠᠢ ᠪᠠᠶᠢᠭᠰᠠᠨ ᠠᠴᠠ ᠣᠯᠵᠠᠪᠤᠷᠢ ᠲᠠᠢ ᠪᠣᠯᠭᠠᠬᠤ ᠶᠢ ᠪᠡᠶᠡᠯᠡᠭᠦᠯᠵᠦ᠂ | ᠡᠵᠡᠩᠨᠡᠯᠲᠡ ᠶᠢᠨ ᠣᠷᠣᠯᠭ᠎ᠠ ᠶᠢ 40 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠤᠶᠠᠨ ᠵᠢᠷᠭᠠᠯ ᠢ ᠨᠡᠮᠡᠭᠳᠡᠭᠦᠯᠦᠨ᠂ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠰᠠᠭᠤᠷᠢᠯᠠᠬᠤ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ | ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ | ᠦᠨᠳᠦᠰᠦᠲᠡᠨ ᠤ ᠪᠦᠯᠬᠦᠮᠳᠡᠯ ᠤᠨ ᠠᠮᠢᠨ ᠰᠤᠳᠠᠰᠤ ᠶᠢ ᠰᠠᠶᠢᠲᠤᠷ ᠰᠠᠬᠢᠨ᠎ᠠ᠃ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ | ᠪᠠᠲᠤ ᠴᠡᠭᠡᠵᠢᠯᠡᠵᠦ᠂ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠬᠠᠷᠠᠯᠲᠠ ᠡᠭᠦᠷᠭᠡ ᠳᠤ ᠲᠥᠪᠯᠡᠷᠡᠭᠦᠯᠵᠦ᠂ ︽ᠭᠤᠷᠪᠠᠨ ᠲᠥᠯᠥᠪᠯᠡᠭᠡ︾ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠵᠤ ᠳᠠᠭᠤᠷᠢᠶᠠᠯ ᠪᠣᠯᠵᠤ ᠵᠠᠭᠤ ᠮᠢᠩᠭ᠎ᠠ ᠲᠦᠮᠡ ᠶᠢ ᠬᠥᠲᠥᠯᠥᠨ | ᠵᠢᠯᠣᠭᠤᠳᠬᠤ ᠠᠵᠢᠯᠯᠠᠭ᠎ᠠ᠂ ︽ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠭᠤᠣᠯ | ᠰᠡᠳᠦᠪᠲᠦ ︽ᠠᠷᠪᠠᠨ ᠨᠢᠭᠡ︾ ᠢᠨᠵᠧᠨᠧᠷᠢᠩ ᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾ ︽ᠳᠦᠷᠪᠡᠨ ᠬᠠᠮᠲᠤ ᠪᠠᠷ︾ ︽ | ᠳᠦᠷᠪᠡᠨ ᠬᠠᠮᠲᠤᠳᠬᠠᠬᠤ︾ ︽ᠲᠠᠪᠤᠨ ᠬᠠᠮᠲᠤ ᠶᠢᠨ ᠲᠠᠨᠢᠯᠲᠠ︾ ︽ᠲᠠᠪᠤᠨ ᠦᠵᠡᠯᠲᠡ︾ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ ᠶᠢ ᠴᠢᠩ ᠰᠡᠳᠬᠢᠯ ᠠᠴᠠ ᠪᠠᠨ ᠮᠡᠳᠡᠷᠡᠭᠦᠯᠦᠨ᠎ᠡ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠠᠵᠢᠯ ᠢ ᠡᠬᠢᠯᠡᠭᠦᠯᠦᠨ᠎ᠡ᠃ | ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠬᠠᠯᠠᠭᠤᠨ ᠳᠤᠯᠠᠭᠠᠨ ᠢᠨᠵᠧᠨᠧᠷᠢᠩ ᠢ ᠬᠦᠴᠦ ᠪᠠᠨ ᠲᠥᠪᠯᠡᠷᠡᠭᠦᠯᠦᠨ ᠰᠠᠶᠢᠲᠤᠷ | ᠠᠳᠬᠤᠵᠤ᠂ ︽ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ︾ ᠢ ᠳᠡᠭᠡᠭᠰᠢᠯᠡᠭᠦᠯᠵᠦ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ | ᠴᠢᠩᠭᠠᠷᠠᠭᠤᠯᠤᠨ᠎ᠠ᠃ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠲᠠ ᠪᠠᠯᠭᠠᠰᠤ ᠶᠢᠨ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠥᠮᠦᠰ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠪᠡᠷᠬᠡ ᠰᠡᠳᠦᠪ ᠢ | ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠠᠴᠠ ᠳᠡᠭᠡᠭᠰᠢ ᠬᠡᠮᠵᠢᠶᠡᠨ ᠳᠤ | ᠲᠣᠭᠲᠠᠪᠤᠷᠢᠵᠢᠭᠤᠯᠤᠨ᠎ᠠ᠃ ᠭᠤᠣᠯ ᠵᠠᠮ ᠳᠠᠭᠠᠤ ᠦᠯᠡᠳᠡᠭᠰᠡᠨ ᠡᠷᠦᠬᠡ ᠶᠢ ᠲᠠᠲᠠᠪᠤᠷᠢᠯᠠᠨ ᠨᠤᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ 5257 | ᠢᠵᠢ ︽ᠲᠤᠰᠢᠶᠠᠬᠤ ᠪᠠᠲᠤᠯᠠᠭᠠᠲᠤ ᠠᠰᠠᠷ︾ ᠤᠨ ᠡᠭᠦᠷᠭᠡ ᠶᠢ ᠪᠡᠶᠡᠯᠡᠭᠦᠯᠵᠦ᠂ 54 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 131.6 ᠲᠦᠮᠡᠨ ᠲᠡᠭᠰᠢ | ᠳᠥᠷᠪᠡᠯᠵᠢᠨ ᠮᠧᠲᠷ ᠢ ᠥᠭᠡᠷᠡᠴᠢᠯᠡᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠪᠠ ᠠᠳᠠᠯ ᠠᠬᠤᠢ ᠶᠢᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ | ᠥᠷᠨᠢᠭᠦᠯᠬᠦ ᠶᠢ ᠳᠡᠮᠵᠢᠨ᠎ᠡ᠃ | ᠪᠦᠲᠦᠮᠵᠢᠲᠡᠶ ᠵᠣᠯᠭᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠳᠤ ᠬᠥᠳᠡᠯᠦᠩᠭᠦᠢ ᠬᠢᠨᠠᠯᠲᠠ | ᠲᠠᠯᠪᠢᠬᠤ ᠪᠠ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠤᠨ ᠥᠷᠨᠢᠭᠦᠯᠵᠦ᠂ ᠬᠥᠭᠵᠢᠯᠲᠡ᠂ ᠪᠠᠲᠤᠯᠠᠭ᠎ᠠ᠂ ᠦᠨᠳᠦᠰᠦᠨ ᠵᠦᠢᠯ ᠢ ᠪᠠᠲᠤᠯᠠᠬᠤ ᠵᠦᠢᠯ ᠤᠨ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠶᠠᠪᠤᠳᠠᠯ ᠥᠯᠥ ᠭᠠᠷᠬᠤ ᠨᠠᠭᠠᠲᠤ ᠵᠠᠬ᠎ᠠ ᠶᠢᠨ | ᠪᠠᠷᠢᠮᠵᠢᠶ᠎ᠠ ᠶᠢ ᠪᠠᠲᠤ ᠰᠠᠬᠢᠨ᠎ᠠ᠃ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠᠷ ᠭᠠᠷᠳᠠᠴᠠ ᠪᠣᠯᠭᠠᠵᠤ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ | ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ | ᠯᠠᠪᠳᠠᠭᠤᠨ ᠢᠶᠠᠷ ᠠᠬᠢᠭᠤᠯᠵᠤ᠂ ᠣᠷᠣᠰᠢᠨ ᠰᠠᠭᠤᠵᠤ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ | ᠪᠠᠶᠢᠭᠤᠯᠤᠨ᠎ᠠ᠃ | ᠠᠷᠠᠳ ᠲᠦᠮᠡᠨ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ | ᠨᠣᠷᠮ᠎ᠠ ᠶᠢ 90% ᠳᠤ ᠬᠦᠷᠭᠡᠵᠦ᠂ ᠯᠢᠨ ᠾᠧ ᠲᠣᠭᠤᠷᠢᠭ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠶᠢᠨ ᠰᠢᠯᠭᠠᠨ ᠪᠠᠶᠢᠴᠠᠭᠠᠯᠲᠠ ᠶᠢ ᠴᠢᠨᠠᠷ ᠰᠠᠶᠢᠲᠠᠢ ᠥᠩᠭᠡᠷᠡᠭᠦᠯᠵᠦ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠪᠠᠶᠠᠨᠨᠠᠭᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ | ᠢᠳᠡᠪᠬᠢᠲᠡᠢ ᠪᠡᠯᠡᠳᠬᠡᠨ ᠪᠠᠶᠢᠭᠤᠯᠵᠤ᠂ ᠪᠣᠷᠣᠳᠣᠬᠤᠢ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠮᠠᠰᠲ᠋ᠧᠷ ᠴᠣᠯᠠᠯᠠᠬᠤ ᠡᠷᠬᠡ ᠣᠯᠭᠤᠬᠤ ᠴᠡᠭ | ᠭᠤᠶᠤᠴᠢᠯᠠᠨ ᠮᠡᠳᠡᠭᠦᠯᠬᠦ ᠶᠢ ᠶᠡᠬᠡᠪᠡᠷ ᠳᠡᠮᠵᠢᠨ᠎ᠡ᠃ ᠪᠠᠶᠠᠨᠨᠠᠭᠤᠷ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ᠂ | ᠳᠥᠷᠪᠡᠳᠦᠭᠡᠷ ᠬᠡᠦᠬᠡᠳ ᠤᠨ ᠴᠡᠴᠡᠷᠯᠢᠭ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠮᠢᠩ ᠵᠦ ᠬᠤᠪᠢᠶᠠᠷᠢ ᠰᠤᠷᠭᠠᠭᠤᠯᠢ ᠶᠢ ᠪᠠᠶᠢᠭᠤᠯᠵᠤ᠂ 4020 ᠡᠷᠳᠡᠮ ᠤᠨ | ᠴᠣᠯᠠ ᠶᠢ ᠰᠢᠨ᠎ᠡ ᠪᠠᠷ ᠨᠡᠮᠡᠭᠳᠡᠭᠦᠯᠦᠨ᠎ᠡ᠃ 718 ᠰᠢᠯᠢᠳᠡᠭ ᠪᠠᠭᠰᠢ ᠶᠢ ᠤᠷᠢᠨ ᠬᠡᠷᠡᠭᠯᠡᠵᠦ᠂ ᠳᠡᠭᠡᠷ᠎ᠡ ᠬᠠᠭᠠᠰ ᠵᠢᠯ ᠳᠤ ᠪᠦᠬᠦᠨ ᠢ ᠠᠵᠢᠯ ᠤᠨ ᠪᠠᠶᠢᠷᠢ ᠳᠤ | ᠭᠠᠷᠭᠠᠨ᠎ᠠ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠶᠡᠬᠡᠪᠡᠷ ᠤᠯᠠᠮᠵᠢᠯᠠᠨ ᠪᠠᠳᠠᠷᠠᠭᠤᠯᠤᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠠᠷᠪᠠᠨ | ᠳᠣᠯᠣᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠢ ᠭᠤᠶᠤᠴᠢᠯᠠᠨ ᠡᠷᠬᠢᠯᠡᠬᠦ ᠠᠵᠢᠯ ᠢ ᠡᠬᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ᠂ ᠡᠷᠡᠭᠦᠯ ᠮᠡᠨᠳᠦ ᠪᠠᠶᠠᠨᠨᠠᠭᠤᠷ ᠤᠨ | ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ | ᠬᠤᠷᠢᠶᠠᠨ ᠤ ᠰᠢᠨ᠎ᠡ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠬᠢ ᠶᠢ ᠬᠦᠴᠦᠯᠡᠨ ᠳᠡᠭᠡᠭᠰᠢᠯᠡᠭᠦᠯᠵᠦ᠂ | ᠰᠠᠶᠢᠨ ᠡᠮᠴᠢ᠂ ᠰᠠᠶᠢᠨ ᠡᠮᠴᠢᠯᠡᠭᠡᠨ ᠤ ᠮᠡᠷᠭᠡᠵᠢᠯ ᠳᠤ ᠲᠦᠰᠢᠭᠯᠡᠨ ᠨᠡᠩ ᠤᠯᠠᠨ ᠠᠷᠠᠳ ᠲᠦᠮᠡᠨ ᠳᠤ ᠬᠤᠳᠠ ᠶᠢᠨ ᠳᠣᠲᠣᠷ᠎ᠠ ᠴᠢᠨᠠᠷ ᠰᠠᠶᠢᠲᠠᠢ ᠡᠮᠴᠢᠯᠡᠭᠡᠨ ᠤ | ᠦᠢᠯᠡᠴᠢᠯᠡᠭᠡ ᠡᠳ᠋ᠯᠡᠭᠦᠯᠦᠨ᠎ᠡ᠃ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠦᠢᠯᠡᠴᠢᠯᠡᠭᠡᠨ ᠢ ᠳᠡᠭᠡᠭᠰᠢᠯᠡᠭᠦᠯᠬᠦ ᠠᠵᠢᠯᠯᠠᠭ᠎ᠠ ᠶᠢ | ᠥᠷᠨᠢᠭᠦᠯᠵᠦ᠂ ︽ᠨᠠᠰᠤᠲᠠᠶᠢᠴᠤᠳ᠂ ᠬᠡᠦᠬᠡᠳ︾ ᠤᠨ ᠠᠰᠠᠭᠤᠳᠠᠯ ᠢ ᠲᠣᠪᠣᠶᠢᠮ᠎ᠠ ᠰᠢᠢᠳᠪᠦᠷᠢᠯᠡᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠠᠵᠢᠯᠲᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠮᠢᠩᠭᠠᠨ ᠪᠠᠶᠢᠩᠭᠤ ᠰᠠᠭᠤᠭ᠎ᠠ ᠬᠥᠮᠥᠨ ᠠᠮᠠ ᠳᠤ ᠦᠨᠡᠮᠯᠡᠯ ᠲᠠᠢ ᠨᠡᠶᠢᠭᠡᠮ | ᠲᠣᠭᠤᠷᠢᠭ ᠤᠨ ᠠᠵᠢᠯᠴᠢᠨ ᠤ ᠲᠤᠭ᠎ᠠ ᠶᠢ 0.7 ᠳᠤ ᠬᠦᠷᠭᠡᠨ᠎ᠡ᠃ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ︽ᠮᠡᠳᠡᠭᠡ᠂ ᠵᠠᠷᠯᠢᠭ᠂ ᠠᠵᠢᠯᠯᠠᠭ᠎ᠠ︾ ᠶᠢ ᠨᠢᠭᠡ ᠴᠣᠭᠴᠠᠵᠢᠭᠤᠯᠤᠭᠰᠠᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠨ ᠴᠠᠭᠳᠠᠭ᠎ᠠ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠴᠦ ᠵᠠᠯᠬᠠᠭᠠᠨ ᠰᠢᠢᠳᠬᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ | ᠰᠣᠷᠪᠤᠯᠵᠢᠯᠠᠭ᠎ᠠ ᠶᠢᠨ ᠬᠠᠤᠯᠢᠵᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠴᠢᠨᠠᠷ ᠴᠢᠨᠰᠠᠭ᠎ᠠ ᠶᠢᠨ ᠬᠦᠴᠦᠷᠬᠡᠭ ᠬᠤᠲᠠ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠢᠳᠡᠭᠡᠨ ᠪᠠ ᠡᠮ ᠤᠨ | ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ | ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠨ᠂ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠡᠭᠦᠳᠦᠨ | ᠪᠠᠶᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ | ᠲᠥᠯᠥᠪᠯᠡᠵᠦ᠂ ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠷᠢ | ᠥᠭᠴᠡᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠯᠠᠪᠳᠠᠭᠤᠨ ᠢᠶᠠᠷ ᠵᠦᠭᠰᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠷᠢ ᠥᠭᠴᠡᠭᠡ ᠶᠢ | ᠪᠦᠲᠦᠮᠵᠢᠲᠡᠢ ᠬᠠᠮᠢᠶᠠᠷᠴᠤ ᠡᠵᠡᠮᠳᠡᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ | ᠬᠥᠭᠵᠢᠯᠲᠡ ᠶᠢ ᠲᠦᠯᠬᠢᠨ ᠠᠬᠢᠭᠤᠯᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠨ᠎ᠠ᠃ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ | ︵ᠲᠤᠯᠤᠭ᠎ᠠ︶ ᠰᠤᠷᠲᠠᠯ ᠢᠶᠠᠨ ᠬᠤᠪᠢᠷᠠᠭᠤᠯᠵᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠦᠮᠡᠨ ᠰᠡᠳᠬᠢᠯ ᠬᠠᠨᠤᠮᠵᠢᠲᠠᠢ | ᠵᠠᠰᠠᠭ ᠤᠨ ᠣᠷᠳᠣᠨ ᠢ ᠪᠠᠶᠢᠭᠤᠯᠬᠤ ᠳᠤ ᠰᠢᠨ᠎ᠡ ᠦᠷ᠎ᠡ ᠪᠦᠲᠦᠮᠵᠢ ᠣᠯᠣᠨ᠎ᠠ᠃ ︽ᠲᠤᠯᠤᠭᠠᠨ ᠤᠬᠠᠮᠰᠠᠷ︾ ᠢ ᠴᠢᠩᠭᠠᠷᠠᠭᠤᠯᠵᠤ᠂ ᠨᠢᠭᠡ ᠰᠡᠳᠬᠢᠯ ᠨᠢᠭᠡ | ᠵᠣᠷᠢᠭ ᠢᠶᠠᠷ ᠬᠥᠭᠵᠢᠯᠲᠡ ᠶᠢ ᠡᠷᠢᠯᠬᠢᠯᠡᠵᠦ᠂ ᠨᠢᠭᠡ ᠰᠡᠳᠬᠢᠯ ᠨᠢᠭᠡ ᠰᠠᠨᠠᠭ᠎ᠠ ᠪᠠᠷ ᠠᠵᠢᠯ ᠦᠢᠯᠡᠰ ᠢᠶᠠᠨ ᠪᠦᠲᠦᠭᠡᠵᠦ᠂ ᠬᠠᠮᠤᠭ ᠤᠨ ᠰᠠᠶᠢᠨ ᠪᠠᠶᠢᠳᠠᠯ᠂ ᠬᠠᠮᠤᠭ ᠤᠨ | ᠥᠨᠳᠥᠷ ᠪᠠᠷᠢᠮᠵᠢᠶ᠎ᠠ ᠪᠠᠷ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠭᠦᠢᠴᠡᠳᠬᠡᠵᠦ᠂ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠵᠠᠰᠠᠭ ᠤᠨ ᠣᠷᠳᠣᠨ ᠤ ᠠᠵᠢᠯᠯᠠᠭ᠎ᠠ ᠶᠢ ᠢᠯᠡᠷᠡᠭᠦᠯᠦᠨ᠎ᠡ᠃ | ᠦᠨᠡᠨᠴᠢ ᠰᠢᠳᠤᠷᠭᠤ ᠶᠢᠨ ᠰᠦᠭ ᠰᠦᠨᠡᠰᠦ ᠶᠢ ᠪᠠᠲᠤ ᠴᠣᠭᠴᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠢᠮᠠᠭᠲᠠ ᠪᠠᠷᠢᠮᠲᠠᠯᠠᠵᠤ᠂ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠲᠦᠷᠪᠡᠨ ᠤᠬᠠᠮᠰᠠᠷ ︾ ᠢ | ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ | ᠲᠦᠷᠦ ᠦᠢᠯᠡ ᠠᠵᠢᠯᠯᠠᠭ᠎ᠠ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠯᠭᠠᠬᠤ ᠬᠡᠷᠡᠭᠲᠡᠢ᠃ | ᠠᠷᠠᠳ ᠤᠨ ᠲᠥᠯᠥᠭᠡ ᠵᠢᠳᠬᠦᠬᠦ ᠵᠣᠷᠢᠯᠲᠠ ᠪᠠᠨ ᠪᠠᠲᠤ ᠴᠡᠭᠡᠵᠢᠯᠡᠨ᠎ᠡ᠃ ᠵᠥᠪ ᠣᠨᠣᠪᠴᠢᠲᠠᠶ ᠠᠵᠢᠯ ᠤᠨ ᠠᠮᠵᠢᠯᠲᠠ ᠶᠢᠨ ᠦᠵᠡᠯᠲᠡ ᠶᠢ | ᠤᠬᠠᠮᠰᠠᠷ ᠠᠴᠠ ᠪᠠᠨ ᠪᠠᠲᠤ ᠪᠤᠶ ᠪᠣᠯᠭᠠᠨ ᠦᠢᠯᠡᠳᠦᠯᠭᠡᠵᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠤᠯᠠᠮᠵᠢᠯᠠᠨ | ᠪᠠᠳᠠᠷᠠᠭᠤᠯᠵᠤ᠂ ᠤᠬᠠᠮᠰᠠᠷ ᠠᠴᠠ ᠪᠠᠨ ᠣᠯᠠᠨ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠵᠠᠰᠠᠭ ᠤᠨ | ᠣᠷᠳᠣᠨ ᠤ ᠠᠵᠢᠯ ᠢ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠩ ᠢᠯᠡᠭᠦᠦ ᠨᠡᠶᠢᠴᠡᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠢᠯᠡᠷᠡᠭᠦᠯᠬᠦ | ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠬᠠᠤᠯᠢ ᠴᠠᠭᠠᠵᠠ᠂ ᠣᠯᠠᠨ ᠲᠦᠮᠡᠨ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ | ᠵᠠᠬᠢᠷᠭᠠᠨ᠂ ᠬᠢᠨᠠᠨ ᠪᠤᠳᠤᠬᠤ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠨ᠎ᠡ᠃ | ᠬᠠᠤᠯᠢᠵᠢᠯ ᠤᠨ ᠰᠠᠭᠤᠷᠢ ᠶᠢ ᠵᠤᠵᠠᠭᠠᠳᠬᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠪᠦᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠨ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢ ᠬᠠᠤᠯᠢ ᠶᠣᠰᠣᠭᠠᠷ ᠲᠦᠯᠬᠢᠨ ᠠᠬᠢᠭᠤᠯᠤᠨ᠎ᠠ᠃ ︽ᠪᠠᠶᠠᠨᠨᠠᠭᠤᠷ ᠬᠤᠳᠠ ᠶᠢᠨ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠳᠦᠷᠢᠮ︾ ᠢ | ᠨᠡᠶᠢᠲᠡᠯᠡᠨ ᠬᠡᠷᠡᠭᠵᠢᠭᠦᠯᠦᠨ᠎ᠡ᠃ ᠬᠠᠤᠯᠢᠵᠢᠯ ᠢ ᠡᠷᠬᠢᠮᠯᠡᠬᠦ᠂ ᠬᠠᠤᠯᠢ ᠴᠠᠭᠠᠵᠠ ᠶᠢ ᠪᠢᠰᠢᠷᠡᠨ ᠵᠢᠷᠦᠬᠡᠰᠢᠶᠡᠬᠦ ᠶᠢ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠢ ᠪᠠ ᠠᠷᠭ᠎ᠠ | ᠮᠠᠶ᠋ᠢᠭ ᠢᠶᠠᠷ ᠠᠵᠢᠯ ᠢᠶᠠᠨ ᠲᠦᠯᠬᠢᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠠᠵᠢᠯ ᠤᠨ ᠬᠠᠤᠯᠢᠵᠢᠯ ᠤᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠴᠥᠬᠦᠷᠡᠯ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠷᠠᠭᠤᠯᠬᠤ᠂ ᠪᠤᠢ ᠪᠣᠯᠭᠠᠬᠤ ᠪᠠᠷ ᠰᠤᠷᠲᠠᠯ ᠤᠨ ᠪᠠᠶᠢᠭᠤᠯᠤᠯᠲᠠ ᠶᠢ ᠪᠠᠶᠢᠩᠭᠤ ᠶᠢᠨ | ᠤᠷᠲᠤ ᠬᠤᠭᠤᠴᠠᠭ᠎ᠠ ᠪᠠᠷ ᠠᠬᠢᠭᠤᠯᠤᠨ᠎ᠠ᠃ ᠠᠵᠢᠯᠴᠢ ᠠᠷᠪᠢᠴᠢ ᠪᠠᠶᠢᠬᠤ ᠶᠢ ᠪᠠᠷᠢᠮᠲᠠᠯᠠᠵᠤ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ ᠶᠢ ᠪᠠᠷᠢᠮᠲᠠᠯᠠᠵᠤ᠂ | ᠵᠠᠷᠤᠬᠤ ᠶᠣᠰᠣᠲᠠᠢ ᠵᠣᠭᠤᠰ ᠢ ᠵᠠᠷᠤᠵᠤ᠂ ᠵᠠᠷᠤᠬᠤ ᠶᠣᠰᠣ ᠦᠭᠡᠢ ᠵᠣᠭᠤᠰ ᠢ ᠬᠡᠳᠦᠢ ᠪᠠᠭ᠎ᠠ ᠴᠤ ᠵᠠᠷᠤᠬᠤ ᠦᠭᠡᠢ ᠪᠠᠶᠢᠬᠤ ᠶᠢ ᠪᠡᠶᠡᠯᠡᠭᠦᠯᠵᠦ᠂ ᠵᠠᠰᠠᠭ ᠤᠨ | ᠣᠷᠳᠣᠨ ᠤ ︽ᠠᠷᠪᠢᠯᠠᠨ ᠭᠠᠮᠨᠠᠵᠤ ᠠᠮᠢᠳᠤᠷᠠᠬᠤ︾ ᠪᠠᠷ ᠤᠯᠠᠨ ᠲᠦᠮᠡᠨ ᠤ ︽ᠰᠠᠶᠢᠨ ᠠᠮᠢᠳᠤᠷᠠᠯ︾ ᠢ ᠦᠨᠡᠨᠬᠦ ᠰᠣᠯᠢᠵᠤ ᠠᠪᠴᠢᠷᠠᠬᠤ ᠬᠡᠷᠡᠭᠲᠡᠢ᠃ ᠪᠣᠳᠠᠲᠠᠢ | ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠵᠢᠳᠬᠦᠨ ᠴᠢᠷᠮᠠᠶᠢᠬᠤ ᠶᠢ ᠵᠠᠰᠠᠭ ᠤᠨ ᠣᠷᠳᠣᠨ ᠤ | ᠢᠯᠡ ᠲᠣᠳᠣ ᠣᠨᠴᠠᠯᠢᠭ ᠪᠣᠯᠭᠠᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠦᠷᠦ ᠶᠢᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ ᠪᠠᠶᠢᠩᠭᠤᠵᠢᠭᠤᠯᠤᠨ | ᠥᠷᠨᠢᠭᠦᠯᠦᠨ᠎ᠡ᠃ | ᠲᠥᠯᠥᠭᠡᠯᠡᠭᠴᠢᠳ ᠠ᠋︕ ᠡᠭᠦᠷᠭᠡ ᠲᠤᠰᠢᠶᠠᠯ ᠡᠭᠦᠷᠭᠡᠯᠡᠯ ᠢ ᠤᠷᠢᠶᠠᠯᠠᠵᠤ᠂ ᠪᠣᠳᠠᠲᠠᠢ ᠠᠵᠢᠯᠯᠠᠬᠤ ᠪᠠᠷ ᠢᠷᠡᠭᠡᠳᠦᠢ ᠪᠠᠨ ᠴᠣᠭᠴᠠᠯᠠᠳᠠᠭ᠃ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠳᠠ ᠶᠢᠨ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ | ᠪᠦᠯᠬᠦᠮᠳᠡᠨ ᠲᠡᠮᠡᠴᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠵᠡᠭᠡᠶ᠎ᠡ︕ | | |