ᠭᠤᠣᠯ ᠡᠭᠦᠷᠭᠡ ᠬᠠᠷᠢᠭᠤᠴᠠᠯᠭ᠎ᠠ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ | ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠵᠢᠯ ᠤᠨ ᠲᠤᠬᠠᠢ ᠴᠢᠭᠯᠡᠯᠲᠡ | ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ | ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢᠨ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠬᠤᠷᠰᠢᠯᠴᠠᠭ᠎ᠠ᠂ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠤᠨ ᠣᠷᠣᠨ ᠨᠤᠲᠤᠭ ᠤᠨ ᠴᠢᠨᠠᠷᠲᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠠᠮᠵᠢᠨ ᠲᠤᠭᠤᠷᠪᠢᠨ᠎ᠠ᠃ | ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠵᠤ᠂ ᠬᠥᠭᠵᠢᠯᠲᠡ ᠶᠢᠨ ᠲᠥᠯᠦᠪᠵᠢᠭᠦᠯᠭᠡ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠭᠦᠢᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠠᠷᠢᠭᠤᠴᠠᠨ ᠠᠬᠢᠭᠤᠯᠵᠤ᠂ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠦᠢᠯᠡᠰ ᠪᠠ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠠᠷᠠᠯᠵᠢᠶ᠎ᠠ ᠬᠤᠳᠠᠯᠳᠤᠭᠠᠨ ᠤ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠭᠦᠢᠯᠭᠡᠭᠡᠨ ᠤ ᠪᠠᠷᠢᠮᠵᠢᠶᠠᠵᠢᠭᠤᠯᠤᠯᠲᠠ ᠪᠠ ᠬᠡᠯᠬᠢᠶ᠎ᠡ | ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠯ ᠤᠨ ᠡᠵᠡᠩᠨᠡᠯᠲᠡ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ | ᠶᠠᠪᠤᠳᠠᠯ ᠵᠡᠷᠭᠡ ᠣᠲᠣ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ | ᠬᠤᠳᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠪᠥᠭᠡᠮ ᠦᠢᠯᠡᠳᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠲᠥᠯᠦᠪᠵᠢᠭᠦᠯᠭᠡ ᠪᠠ ᠬᠤᠳᠠ ᠶᠢᠨ ᠬᠤᠳᠠᠯᠳᠤᠭᠠᠨ ᠤ ᠲᠣᠣᠷ ᠴᠡᠭ ᠤᠨ ᠲᠥᠯᠦᠪᠵᠢᠭᠦᠯᠭᠡ ᠶᠢ ᠵᠢᠯᠤᠭᠤᠳᠴᠤ᠂ ᠬᠤᠳᠠᠯᠳᠤᠭᠠᠨ ᠤ ᠰᠢᠰᠲ᠋ᠧᠮ ᠤᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠬᠥᠳᠡᠭᠡ ᠲᠣᠰᠬᠤᠨ ᠤ ᠤᠳᠤ ᠦᠶ᠎ᠡ ᠶᠢᠨ ᠭᠦᠢᠯᠭᠡᠭᠡᠨ ᠤ ᠲᠣᠣᠷ ᠰᠦᠯᠵᠢᠶᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ | ᠬᠤᠳᠠᠯᠳᠤᠭᠠᠨ ᠤ ᠶᠠᠪᠤᠳᠠᠯ ᠬᠥᠳᠡᠭᠡ ᠲᠣᠰᠬᠤᠨ ᠳᠤ ᠬᠦᠷᠭᠡᠬᠦ ᠠᠵᠢᠯ ᠢ ᠠᠬᠢᠭᠤᠯᠤᠨ᠎ᠠ᠃ | ︵ᠳᠥᠷᠪᠡ︶ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠲᠦᠷᠦᠭᠦᠯᠡᠨ ᠵᠣᠬᠢᠴᠠᠭᠤᠯᠤᠨ ᠴᠡᠭᠴᠡᠯᠡᠬᠦ ᠪᠠ ᠵᠢᠷᠤᠮᠵᠢᠭᠤᠯᠵᠤ᠂ | ᠬᠤᠳᠠᠯᠳᠤᠭᠠᠨ ᠤ ᠢᠲᠡᠭᠡᠮᠵᠢ ᠶᠢᠨ ᠪᠣᠷᠤᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠᠭᠠᠶ ᠭᠦᠢᠯᠭᠡᠭᠡᠨ ᠤ ᠠᠵᠢᠯ ᠲᠦᠷᠦᠯ ᠢ ᠬᠢᠨᠠᠵᠤ | ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠢᠯᠯᠠᠭᠠᠨ ᠤ ᠲᠠᠯᠠᠪᠤᠷ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠤᠭᠤᠳᠬᠤ ᠶᠢ ᠬᠠᠷᠢᠭᠤᠴᠠᠨ᠎ᠠ᠃ | ︵ᠲᠠᠪᠤ︶ ᠪᠥᠬᠦ ᠬᠤᠲᠠ ᠶᠢᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠪᠠ ᠴᠢᠬᠤᠯᠠ ᠦᠢᠯᠡᠳᠪᠦᠷᠢᠯᠡᠯ ᠤᠨ | ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ | ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ | ᠬᠢᠨᠠᠨ ᠬᠡᠮᠵᠢᠵᠦ ᠵᠠᠳᠠᠯᠤᠯᠲᠠ ᠬᠢᠨ᠎ᠡ᠃ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠵᠢᠱᠢᠵᠦ ᠤᠷᠢᠳᠴᠢᠯᠠᠨ | ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠨ᠎ᠠ᠃ ᠮᠢᠬᠠᠨ ᠤ ᠵᠦᠢᠯ ᠵᠡᠷᠭᠡ ᠴᠢᠬᠤᠯᠠ ᠬᠡᠷᠡᠭᠯᠡᠭᠡᠨ ᠤ ᠵᠦᠢᠯ ᠤᠨ ᠡᠳᠦᠷ ᠲᠤᠳᠤᠮ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠭᠦᠢᠯᠭᠡᠭᠡ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃ | ︵ᠵᠢᠷᠭᠤᠭ᠎ᠠ︶ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠣᠯᠣᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮ ᠤᠨ | ᠪᠠᠶᠢᠭᠤᠯᠤᠯᠲᠠ ᠶᠢ ᠵᠢᠯᠤᠭᠤᠳᠴᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠠᠸᠠᠷ᠂ ᠮᠡᠷᠭᠡᠵᠢᠯ ᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠤᠯᠤᠰ ᠪᠣᠯᠣᠨ | ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠭᠠᠷᠭᠠᠯᠲᠠ ᠶᠢᠨ ᠵᠠᠬᠢᠷᠤᠨ ᠬᠠᠮᠢᠶᠠᠷᠤᠯᠲᠠ ᠵᠢᠴᠢ | ᠮᠡᠷᠭᠡᠵᠢᠯ᠂ ᠢᠵᠢ ᠪᠦᠷᠢᠨ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶ᠎ᠠ ᠶᠢᠨ ᠲᠥᠷᠥ ᠶᠢᠨ | ᠪᠣᠳᠣᠯᠭ᠎ᠠ ᠪᠣᠯᠣᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠭᠠᠳᠠᠭᠠᠳᠤ ᠠᠴᠠ ᠮᠡᠷᠭᠡᠵᠢᠯ ᠣᠷᠣᠭᠤᠯᠬᠤ᠂ ᠲᠥᠬᠦᠭᠡᠷᠦᠮᠵᠢ ᠣᠷᠣᠭᠤᠯᠬᠤ᠂ ᠭᠠᠳᠠᠭᠠᠳᠤ ᠳᠤ ᠭᠠᠷᠭᠠᠬᠤ ᠶᠢ | ᠤᠯᠤᠰ ᠠᠴᠠ ᠬᠢᠵᠠᠭᠠᠷᠯᠠᠭᠰᠠᠨ ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠡᠷᠬᠡ ᠮᠡᠳᠡᠯ ᠤᠨ ᠬᠡᠪᠴᠢᠶᠡᠨ ᠳᠣᠲᠣᠷ᠎ᠠ ᠳᠡᠭᠡᠳᠦ ᠱᠠᠲᠤᠨ ᠤ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠡᠷᠬᠡ ᠣᠯᠭᠤᠭᠰᠠᠨ ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠯᠦᠭᠡ ᠬᠤᠯᠪᠣᠭᠳᠠᠬᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ | ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠪᠠ | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠠᠬᠢᠭᠤᠯᠬᠤ ᠬᠥᠭᠵᠢᠯᠲᠡ ᠶᠢᠨ ᠲᠥᠯᠦᠪᠵᠢᠭᠦᠯᠭᠡ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠪᠥᠬᠦ ᠬᠤᠲᠠ ᠶᠢᠨ ᠬᠤᠷᠠᠯ ᠦᠵᠡᠰᠬᠦᠯᠡᠩ ᠤᠨ ᠦᠢᠯᠡᠰ ᠢ | ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠨᠠᠢᠮᠠ︶ ᠡᠷᠬᠡ ᠣᠯᠭᠤᠭᠰᠠᠨ ᠲᠥᠯᠥᠭᠡᠯᠡᠭᠴᠢ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠦᠨᠳᠦᠰᠦᠯᠡᠨ ᠭᠠᠳᠠᠭᠠᠳᠤ ᠤᠯᠤᠰ ᠯᠤᠭ᠎ᠠ | ᠠᠵᠤ ᠠᠬᠤᠢ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠤᠯᠤᠰ ᠤᠨ ᠢᠯᠭᠠᠯ ︵ | ᠭᠠᠵᠠᠷ ᠣᠷᠣᠨ︶ ᠤᠨ ᠣᠷᠣᠨ ᠨᠤᠲᠤᠭ ᠤᠨ ᠬᠤᠭᠤᠷᠣᠨᠳᠣᠬᠢ ᠠᠵᠤ ᠠᠬᠤᠢ ᠠᠷᠠᠯᠵᠢᠶᠠᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ ᠢ ᠰᠢᠢᠳᠪᠦᠷᠢᠯᠡᠨ᠎ᠡ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠤ ᠲᠠᠯ᠎ᠠ ᠶᠢᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ ᠵᠢᠴᠢ ᠭᠠᠳᠠᠭᠠᠳᠤ ᠶᠢᠨ | ᠬᠤᠳᠠᠯᠳᠤᠭᠠᠴᠢᠨ ᠤ ᠮᠠᠨ ᠤ ᠬᠤᠲᠠ ᠳᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠲᠠᠢ ᠬᠠᠷᠢᠯᠴᠠᠵᠤ᠂ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ | ᠰᠠᠶᠢᠳ ᠤᠨ ᠶᠠᠮᠤᠨ ︵ᠺᠤᠨᠰᠦ᠋ᠯ︶ ᠤ ᠭᠠᠵᠠᠷ ᠤᠨ ᠬᠤᠳᠠᠯᠳᠤᠭ᠎ᠠ ᠡᠷᠬᠢᠯᠡᠬᠦ ᠭᠠᠵᠠᠷ ᠲᠠᠢ ᠬᠠᠷᠢᠯᠴᠠᠨ᠎ᠠ᠃ | ︵ᠶᠢᠰᠦ︶ ᠮᠠᠨ ᠤ ᠤᠯᠤᠰ ᠤᠨ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠬᠠᠤᠯᠢ | ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠬᠠᠮᠲᠤ᠂ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠬᠠᠮᠢᠶ᠎ᠠ | ᠪᠦᠬᠦᠢ ᠠᠵᠢᠯ ᠢ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠭᠤᠣᠯᠴᠢ ᠠᠷᠠᠯᠵᠢᠶ᠎ᠠ ᠶᠢᠨ ᠬᠤᠯᠪᠣᠭᠳᠠᠯ ᠪᠦᠬᠦᠢ ᠠᠵᠢᠯ ᠢ | ᠵᠣᠬᠢᠴᠠᠭᠤᠯᠤᠨ ᠵᠢᠯᠣᠭᠤᠳᠤᠨ᠎ᠠ᠃ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠮᠠᠨ ᠤ ᠬᠤᠲᠠ ᠳᠤ ᠬᠤᠯᠪᠣᠭᠳᠠᠭᠰᠠᠨ ᠠᠵᠤ ᠠᠬᠤᠢ | ᠠᠷᠠᠯᠵᠢᠶᠠᠨ ᠤ ᠬᠡᠯᠡᠯᠴᠡᠭᠡ ᠳᠤ ᠣᠷᠣᠯᠴᠠᠨ᠎ᠠ᠃ | ︵ᠠᠷᠪᠠ︶ ᠪᠥᠬᠦ ᠬᠤᠲᠠ ᠶᠢᠨ ᠭᠠᠳᠠᠭᠠᠳᠤ ᠯᠤᠭ᠎ᠠ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠠᠵᠢᠯ ᠢ ᠬᠠᠷᠢᠭᠤᠴᠠᠵᠤ᠂ ᠮᠣᠩᠭᠤᠯ ᠤᠯᠤᠰ ᠪᠣᠯᠣᠨ ︽ | ᠨᠢᠭᠡ ᠪᠦᠰᠡ ᠨᠢᠭᠡ ᠵᠠᠮ︾ ᠤᠨ ᠱᠤᠭᠤᠮ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠲᠠᠢ ᠠᠵᠤ ᠠᠬᠤᠢ ᠶᠢᠨ ᠲᠠᠯ᠎ᠠ ᠪᠠᠷ ᠬᠠᠮᠲᠤᠷᠠᠯᠴᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ | ᠪᠠᠷᠢᠯᠭ᠎ᠠ ᠳᠠᠭᠠᠭᠠᠴᠢᠯᠠᠬᠤ᠂ ᠭᠠᠳᠠᠭᠠᠳᠤ ᠳᠤ ᠬᠥᠳᠡᠯᠮᠦᠷᠢ ᠦᠢᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ᠂ ᠭᠠᠳᠠᠭᠠᠳᠤ ᠳᠤ | ᠪᠡᠯᠡ ᠣᠷᠣᠭᠤᠯᠤᠨ ᠠᠵᠤ ᠠᠬᠤᠶᠢᠯᠠᠯ ︵ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠠᠭᠲᠠᠬᠤ ᠦᠭᠡᠢ︶ ᠢ ᠬᠠᠤᠯᠢ ᠶᠣᠰᠣᠭᠠᠷ ᠬᠠᠮᠢᠶᠠᠷᠤᠨ᠎ᠠ᠃ ᠪᠠᠶᠠᠨᠨᠠᠭᠤᠷ | ᠬᠤᠲᠠ ᠶᠢᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ ᠵᠦᠢᠯ ᠢ ᠡᠭᠦᠷᠭᠡᠯᠡᠨ᠎ᠡ᠃ | ︵ᠠᠷᠪᠠᠨ ᠨᠢᠭᠡ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ | ᠬᠥᠭᠵᠢᠯᠲᠡ ᠶᠢᠨ ᠲᠥᠯᠦᠪᠵᠢᠭᠦᠯᠭᠡ ᠶᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ ᠵᠡᠷᠭᠡ | ᠵᠦᠢᠯᠡᠰ ᠢ ᠬᠢᠨᠠᠨ ᠵᠥᠪᠰᠢᠶᠡᠷᠡᠬᠦ ᠪᠠ ᠳᠠᠩᠰᠠᠯᠠᠬᠤ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ | ᠠᠬᠢᠭᠤᠯᠬᠤ ᠬᠤᠯᠪᠣᠭᠳᠠᠯ ᠪᠦᠬᠦᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠳᠦᠷᠢᠮ ᠲᠣᠭᠲᠠᠭᠠᠯ᠂ ᠭᠡᠷ᠎ᠡ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ | ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠭᠠᠵᠠᠷ ᠣᠷᠣᠨ ᠤ ᠡᠯ᠎ᠡ ᠲᠥᠷᠥᠯ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠢᠯᠢ ︵ᠬᠢᠯᠢ ᠠᠯᠤᠰᠯᠠᠭᠰᠠᠨ︶ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | ︵ᠠᠷᠪᠠᠨ ᠬᠤᠶᠠᠷ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃ | | ︵ᠠᠷᠪᠠᠨ ᠭᠤᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | 1. ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ︵1︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ᠂ ᠠᠷᠢᠬᠢᠨ ᠤ | ᠵᠦᠢᠯ ᠤᠨ ᠭᠦᠢᠯᠭᠡᠭᠡᠨ᠂ ᠡᠮ ᠤᠨ ᠵᠦᠢᠯ ᠤᠨ ᠭᠦᠢᠯᠭᠡᠭᠡᠨ ᠤ ᠬᠠᠮᠢᠶᠠᠷᠤᠯᠲᠠ ᠵᠡᠷᠭᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠠᠷᠢᠬᠢᠨ ᠤ ᠵᠦᠢᠯ ᠤᠨ | ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠡᠮ ᠤᠨ ᠵᠦᠢᠯ ᠤᠨ | ᠭᠦᠢᠯᠭᠡᠭᠡᠨ ᠤ ᠬᠦᠷᠢᠶᠡᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢ | ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠵᠡᠩᠨᠡᠭᠴᠢ ᠶᠢ ᠲᠥᠪᠯᠡᠷᠡᠭᠦᠯᠦᠨ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ | ᠬᠡᠷᠡᠭᠵᠢᠭᠦᠯᠦᠯᠲᠡ ᠶᠢ ᠬᠠᠷᠢᠭᠤᠴᠠᠵᠤ᠂ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ | ᠦᠢᠯᠡᠳᠴᠦ ᠪᠣᠷᠣᠯᠠᠭᠤᠯᠤᠭᠰᠠᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ᠃ ᠠᠷᠢᠬᠢᠨ ᠤ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯᠣᠨ ᠠᠷᠢᠬᠢᠨ ᠤ ᠵᠦᠢᠯ ᠤᠨ ᠢᠳᠡᠭᠡᠨ ᠤ ᠠᠶᠤᠯᠭᠦᠢ ᠶᠢ ᠬᠠᠷᠢᠭᠤᠴᠠᠨ᠎ᠠ᠃ | ᠡᠮ ᠤᠨ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠶᠢ ᠬᠠᠮᠵᠢᠯᠴᠠᠨ ᠬᠡᠷᠡᠭᠵᠢᠭᠦᠯᠬᠦ ᠵᠢᠴᠢ ᠡᠮ ᠤᠨ | ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵2︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ | ᠯᠤᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠨᠢ ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ | ᠪᠦᠬᠦᠢ ᠠᠵᠢᠯ ᠢ ᠬᠠᠷᠢᠭᠤᠴᠠᠨ᠎ᠠ᠃ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠠᠵᠤ ᠠᠬᠤᠢ ᠠᠷᠠᠯᠵᠢᠶ᠎ᠠ ᠯᠤᠭ᠎ᠠ ᠬᠤᠯᠪᠣᠭᠳᠠᠬᠤ ᠣᠯᠠᠨ ᠲᠠᠯ᠎ᠠ ᠶᠢᠨ ᠪᠠ | ᠬᠤᠶᠠᠷ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠠᠳᠠᠭᠠᠳᠤ ᠲᠠᠢ ᠬᠡᠯᠡᠯᠴᠡᠭᠡ ᠬᠢᠬᠦ᠂ ᠬᠤᠶᠠᠷ ᠲᠠᠯ᠎ᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠲᠤᠷᠠᠯᠴᠠᠭ᠎ᠠ ᠬᠡᠯᠡᠯᠴᠡᠭᠡ ᠬᠢᠬᠦ ᠲᠣᠭᠲᠠᠴᠠ ᠵᠡᠷᠭᠡ ᠠᠵᠢᠯ ᠢ ᠬᠠᠷᠢᠭᠤᠴᠠᠨ᠎ᠠ᠃ | 2. ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶ | ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠯᠤᠭ᠎ᠠ ᠶᠢᠨ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡᠯᠡᠯᠲᠡ ᠶᠢᠨ | ᠬᠠᠮᠢᠶᠠᠷᠤᠯᠲᠠ ᠶᠢᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠢᠬᠠᠨ ᠤ ᠲᠥᠷᠥᠯ ᠤᠨ ᠨᠥᠭᠡᠴᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ︵2︶ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ ᠬᠢᠯᠢ ᠶᠢᠨ ᠪᠣᠷᠤᠯᠠᠭᠤᠯᠭ᠎ᠠ ᠶᠢᠨ ᠴᠠᠢ ᠶᠢᠨ ᠨᠥᠭᠡᠴᠡ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ | ︵3︶ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ ᠠᠴᠠ ᠪᠤᠰᠤᠳ ᠴᠢᠬᠤᠯᠠ | ᠬᠡᠷᠡᠭᠯᠡᠭᠡᠨ ᠤ ᠵᠦᠢᠯ ᠢ ᠨᠥᠭᠡᠴᠡᠯᠡᠵᠦ ᠬᠠᠮᠢᠶᠠᠷᠬᠤ ᠠᠵᠢᠯ ᠢ ᠬᠠᠷᠢᠭᠤᠴᠠᠨ᠎ᠠ᠃ | | | |