2024 ᠣᠨ ᠤ ᠪᠠᠶᠠᠨᠨᠠᠭᠤᠷ ᠤᠨ ᠬᠤᠶᠠᠷ ᠬᠤᠷᠠᠯ ᠳᠤ 5 ᠲᠣᠪᠴᠢᠶᠠᠨ ᠳᠠᠷᠤᠭ᠎ᠠ ᠨᠡᠶᠢᠭᠡᠮ ᠤᠨ ᠡᠲᠡᠭᠡᠷ ᠠᠩᠬᠠᠷᠤᠯ ᠳᠤ ᠬᠠᠷᠢᠭᠤ ᠥᠭᠪᠡ
ᠨᠡᠶᠢᠲᠡᠯᠡᠭᠰᠡᠨ ᠴᠠᠭ᠄
2024/3/1
      2024 ᠣᠨ ᠤ ᠪᠠᠶᠠᠨᠨᠠᠭᠤᠷ ᠤᠨ ᠬᠤᠶᠠᠷ ᠬᠤᠷᠠᠯ ᠤᠨ ᠬᠤᠭᠤᠴᠠᠭᠠᠨ ᠳᠤ ᠬᠤᠶᠠᠷ ᠬᠤᠷᠠᠯ ᠤᠨ ︽ᠲᠣᠪᠴᠢᠶᠠᠨ ᠳᠠᠷᠤᠭ᠎ᠠ ᠶᠢᠨ ᠰᠤᠪᠠᠭ︾ ᠨᠡᠪᠲᠡᠷᠡᠪᠡ᠃ ᠬᠤᠳᠠ ᠶᠢᠨ  ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠠᠭᠤᠴᠢᠯᠠᠭᠤᠷ ᠤᠨ ᠰᠣᠷᠪᠤᠯᠵᠢᠯᠠᠭ᠎ᠠ ᠶᠢ ᠬᠦᠯᠢᠶᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ᠂ ᠪᠣᠬᠢᠷᠲᠤᠯ ᠦᠭᠡᠢ ᠬᠥᠭᠵᠢᠭᠦᠯᠬᠦ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠵᠡᠷᠭᠡ ᠲᠠᠯ᠎ᠠ ᠶᠢᠨ ᠲᠣᠭᠤᠷᠢᠨ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠶᠢᠨ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠲᠤᠰ ᠰᠠᠯᠠᠭ᠎ᠠ ᠮᠥᠴᠢᠷ ᠤᠨ ᠠᠵᠢᠯ ᠲᠠᠢ ᠪᠠᠨ ᠤᠶᠠᠯᠳᠤᠭᠤᠯᠤᠨ 2024 ᠣᠨ ᠤ ᠬᠥᠭᠵᠢᠯᠲᠡ ᠶᠢᠨ ᠰᠡᠳᠬᠢᠴᠡ ᠪᠣᠯᠣᠨ ᠠᠷᠭ᠎ᠠ ᠬᠡᠮᠵᠢᠶ᠎ᠡ ᠶᠢ ᠠᠭᠤᠵᠢᠷᠠᠲᠠᠯ᠎ᠠ ᠶᠠᠷᠢᠯᠴᠠᠪᠠ᠃       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠃ 2024 ᠣᠨ ᠳᠤ ᠮᠠᠨ ᠤ ᠬᠤᠲᠠ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠷᠬᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠠᠨᠨᠠᠭᠤᠷ ᠤᠨ ᠬᠦᠴᠦᠨ ᠴᠢᠳᠠᠯ ᠢᠶᠠᠨ ᠡᠷᠭᠦᠬᠦ ᠪᠣᠶ︖ ᠡᠭᠦᠨ ᠳᠤ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠳᠡᠳ᠋ ᠳᠠᠷᠤᠭ᠎ᠠ᠂ ᠬᠤᠳᠠ ᠶᠢᠨ  ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠬᠡᠷᠡᠯᠳᠦ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠶᠢᠨ ᠡᠯ᠎ᠡ ᠲᠠᠯ᠎ᠠ  ᠡᠯ᠎ᠡ ᠵᠦᠢᠯ ᠤᠨ ᠠᠵᠢᠯ ᠳᠤ ᠪᠣᠳᠠᠲᠠᠢ ᠲᠥᠷᠥᠭᠳᠡᠯ ᠲᠠᠢ ᠪᠦᠲᠦᠮᠵᠢᠲᠡᠢ  ᠲᠤᠭᠤᠰᠢᠯᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠡᠭᠦᠳᠴᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠠᠨᠨᠠᠭᠤᠷ ᠤᠨ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃       ︽ᠪᠦᠯᠬᠦᠮᠳᠡᠨ ᠲᠡᠮᠡᠴᠡᠬᠦ︾ ᠰᠠᠶᠢᠨ ᠪᠠᠶᠢᠳᠠᠯ ᠢ ᠦᠷᠭᠦᠯᠵᠢᠯᠡᠨ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ  ᠰᠢᠵᠢᠮ ᠢ ᠪᠦᠬᠦ ᠲᠠᠯ᠎ᠠ  ᠪᠠᠷ  ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ︾ ᠶᠢ ᠦᠨᠳᠦᠰᠦᠯᠡᠨ᠂ ᠮᠠᠨ ᠤ ᠬᠤᠲᠠ ᠶᠢᠨ ᠨᠡᠶᠢᠲᠡᠯᠡᠭᠰᠡᠨ ︽ᠪᠠᠶᠠᠨᠨᠠᠭᠤᠷ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ  ᠪᠠᠷ ᠲᠤᠭᠤᠰᠢᠯᠠᠭᠤᠯᠤᠨ ᠪᠠᠬᠢᠵᠢᠭᠦᠯᠬᠦ ᠠᠷᠭ᠎ᠠ ᠬᠡᠮᠵᠢᠶ᠎ᠡ ᠨᠦᠭᠦᠳ﹀ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ︾ ᠲᠠᠢ ᠤᠶᠠᠯᠳᠤᠭᠤᠯᠤᠨ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠵᠤ ᠵᠢᠱᠢᠶ᠎ᠡ ᠦᠵᠡᠭᠦᠯᠦᠨ᠂ ᠵᠠᠭᠤ ᠮᠢᠩᠭ᠎ᠠ ᠲᠦᠮᠡ ᠶᠢ ᠬᠥᠲᠥᠯᠥᠨ ᠳᠠᠭᠠᠭᠤᠯᠬᠤ︾ ᠠᠵᠢᠯᠯᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠦᠷ᠎ᠡ ᠦᠷ᠎ᠡ ᠪᠠᠨ ᠬᠠᠷᠢᠯᠴᠠᠨ ᠬᠦᠷᠢᠶᠡᠯᠡᠵᠦ · ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠭᠤᠣᠯ ᠰᠡᠳᠦᠪᠲᠦ ︽ᠠᠷᠪᠠᠨ ᠨᠢᠭᠡ︾ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠥᠷᠨᠢᠭᠦᠯᠵᠦ᠂ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠦᠨ᠎ᠡ᠃       ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠱᠤᠭᠤᠬᠤ︾ ᠡᠯᠪᠡᠭ ᠳᠡᠯᠪᠡᠭ ᠦᠷ᠎ᠡ ᠪᠦᠲᠦᠭᠡᠯ ᠢ ᠦᠷᠭᠦᠯᠵᠢᠯᠡᠨ ᠡᠭᠦᠳᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠣᠭᠴᠠᠯᠠᠬᠤ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠰᠠᠶᠢᠲᠤᠷ ᠭᠦᠢᠴᠡᠳᠬᠡᠵᠦ᠂ ︽ᠬᠠᠮᠲᠤ ᠪᠠᠷ ᠢᠶᠠᠨ︾ ᠪᠠᠶᠢᠬᠤ ᠳᠡᠭᠡᠷ᠎ᠡ ᠲᠠᠰᠤᠷᠠᠯᠲᠠ ᠦᠭᠡᠢ ᠬᠦᠴᠦ ᠲᠠᠯᠪᠢᠵᠤ᠂ ︽ᠭᠤᠷᠪᠠᠨ ᠲᠥᠯᠥᠪᠯᠡᠭᠡ︾ ᠶᠢ ᠬᠢᠨᠠᠮᠠᠭᠠᠢ ᠬᠡᠷᠡᠭᠵᠢᠭᠦᠯᠦᠨ᠂ ︽ᠳᠥᠷᠪᠡᠨ ᠬᠠᠮᠲᠤ ᠪᠠᠷ ᠢᠶᠠᠨ︾ ᠣᠷᠳᠣ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠣᠨᠣᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠪᠠᠬᠢᠵᠢᠭᠦᠯᠵᠦ᠂ ︽ᠤᠮᠠᠷᠠᠲᠤ ᠶᠢᠨ ᠰᠣᠶᠣᠯ︾ ᠤᠨ ᠨᠠᠷᠠᠲᠤ  ᠲᠡᠮᠳᠡᠭ ᠢ ᠪᠣᠶ ᠪᠣᠯᠭᠠᠬᠤ ᠪᠠ ᠰᠠᠶᠢᠲᠤᠷ ᠬᠡᠷᠡᠭᠯᠡᠬᠦ ᠳᠤ ᠬᠦᠴᠦ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠠᠭᠠᠷ ᠪᠠ ᠨᠡᠷᠡᠨ ᠤ ᠬᠡᠷᠡᠯ ᠰᠢᠭ ᠭᠠᠵᠠᠷ ᠪᠣᠯᠭᠠᠨ ᠳᠤ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃       ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠭᠤᠶᠢᠳᠠ ᠰᠠᠶᠢᠬᠠᠨ ᠦᠯᠢᠭᠡᠷ ᠢ ᠦᠷᠭᠦᠯᠵᠢᠯᠡᠨ ᠪᠢᠴᠢᠭᠯᠡᠨ᠎ᠡ᠃ ᠬᠠᠮᠲᠤᠪᠠᠷ ᠪᠠᠶᠠᠵᠢᠨ ᠴᠢᠨᠡᠭᠡᠯᠢᠭᠵᠢᠭᠰᠡᠨ ᠵᠣᠯ ᠵᠢᠷᠭᠠᠯᠲᠤ ᠭᠡᠷ ᠣᠷᠣᠨ ᠢ ᠬᠦᠴᠦᠯᠡᠨ ᠪᠠᠶᠢᠭᠤᠯᠵᠤ᠂ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠦᠷᠢ ᠶᠢᠨ ᠪᠡᠯᠡ ᠮᠥᠩᠭᠦ ᠶᠢᠨ ᠲᠥᠷᠥᠯ ᠵᠦᠢᠯ ᠤᠨ ᠨᠥᠭᠡᠴᠡᠯᠡᠯᠲᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠵᠣᠯᠭᠠᠭᠤᠯᠵᠤ᠂ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠲᠥᠷᠥᠯ ᠵᠦᠢᠯ ᠢ ᠲᠡᠮᠡᠴᠡᠨ ᠣᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠤᠯᠤᠰ ᠤᠨ ︽︿ᠠᠷᠠᠳ   ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ ᠬᠢᠵᠠᠭᠠᠷ ᠣᠷᠣᠨ ᠳᠤ ᠣᠷᠣᠭᠤᠯᠬᠤ﹀ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠡᠳ᠋ ᠤᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠨ᠎ᠡ᠃       ︽ᠵᠣᠪᠠᠭᠤᠷᠢ ᠵᠦᠳᠡᠭᠦᠷᠢ ᠶᠢ ᠳᠠᠭᠠᠭᠠᠬᠤ︾ ᠰᠢᠯᠢᠳᠡᠭ ᠰᠤᠷᠲᠠᠯ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ︾ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠤᠨ᠂ ︽ᠲᠠᠪᠤᠨ ᠥᠨᠳᠥᠷ ᠲᠠᠪᠤᠨ ᠣᠷᠣᠨ︾ ᠢ ᠪᠦᠲᠦᠭᠡᠨ ᠪᠠᠶᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠬᠤ᠂ ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠨᠡᠯᠢᠶᠡᠳ ᠲᠦᠷᠭᠡᠨ ᠨᠡᠮᠡᠭᠳᠡᠭᠦᠯᠬᠦ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ