2024 ᠣᠨ ᠤ ᠪᠠᠶᠠᠨᠨᠠᠭᠤᠷ ᠤᠨ ᠬᠤᠶᠠᠷ ᠬᠤᠷᠠᠯ ᠳᠤ 5 ᠲᠣᠪᠴᠢᠶᠠᠨ ᠳᠠᠷᠤᠭ᠎ᠠ ᠨᠡᠶᠢᠭᠡᠮ ᠤᠨ ᠡᠲᠡᠭᠡᠷ ᠠᠩᠬᠠᠷᠤᠯ ᠳᠤ ᠬᠠᠷᠢᠭᠤ ᠥᠭᠪᠡ (  ᠬᠤᠶᠠᠷ︶
ᠨᠡᠶᠢᠲᠡᠯᠡᠭᠰᠡᠨ ᠴᠠᠭ᠄
2024/3/1
      ᠡᠨᠡ ᠵᠢᠯ ᠮᠠᠨ ᠤ ᠬᠤᠲᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠤᠰᠤ  ᠶᠢ ᠭᠦᠨ ᠠᠷᠪᠢᠯᠠᠵᠤ ᠤᠰᠤ  ᠶᠢ ᠬᠢᠵᠠᠭᠠᠷᠯᠠᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠲᠠᠷᠢᠶᠠᠴᠢᠳ ᠤᠨ ᠣᠷᠣᠯᠭ᠎ᠠ  ᠶᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠰᠤ ᠠᠷᠪᠢᠯᠠᠬᠤ ᠳᠤ ᠠᠮᠤ ᠪᠤᠳᠠᠭ᠎ᠠ  ᠶᠢ ᠪᠠᠭᠠᠰᠬᠠᠬᠤ ᠦᠭᠡᠢ ᠪᠠᠶᠢᠬᠤ  ᠶᠢ ᠪᠠᠲᠤᠯᠠᠬᠤ ᠲᠤᠬᠠᠢ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠰᠢᠶᠣᠣ ᠵᠢᠶᠦ᠋ᠨ ᠢᠯᠡᠷᠬᠡᠶᠢᠯᠡᠬᠦ ᠳᠡᠭᠡᠨ᠂ 2024 ᠣᠨ ᠳᠤ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠬᠢᠷᠠᠭᠤᠯᠤᠯᠲᠠ ᠶᠣᠰᠣᠭᠠᠷ᠂ ᠬᠠᠮᠢᠶᠠᠷᠤᠯᠲᠠ ᠶᠢᠨ ᠤᠰᠤ ᠠᠷᠪᠢᠯᠠᠬᠤ᠂ ᠢᠨᠵᠧᠨᠧᠷᠢᠩ ᠤᠨ ᠤᠰᠤ ᠠᠷᠪᠢᠯᠠᠬᠤ᠂ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠪᠠ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠤᠰᠤ ᠶᠢ ᠭᠦᠨ ᠠᠷᠪᠢᠯᠠᠵᠤ ᠤᠰᠤ ᠶᠢ ᠬᠢᠵᠠᠭᠠᠷᠯᠠᠬᠤ ᠪᠡᠷᠬᠡ ᠠᠰᠠᠭᠤᠳᠠᠯ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠶᠡᠭᠡ ᠤᠰᠤᠨ ᠤ ᠨᠡᠯᠦᠩᠬᠡᠢ ᠤᠰᠤᠯᠠᠯᠲᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠥᠬᠦ ᠵᠢᠯ ᠳᠤ ᠪᠥᠬᠦ ᠬᠤᠲᠠ ᠶᠢᠨ 1.466 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠤᠰᠤ ᠠᠷᠪᠢᠯᠠᠬᠤ ᠬᠠᠷᠠᠯᠲᠠ ᠶᠢ ᠪᠡᠶᠡᠯᠡᠭᠦᠯᠦᠨ᠎ᠡ᠃       ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠲᠠᠷᠢᠶᠠᠯᠠᠩ ᠤᠨ ᠤᠰᠤ ᠶᠢ ᠭᠦᠨ ᠠᠷᠪᠢᠯᠠᠵᠤ ᠤᠰᠤ ᠶᠢ ᠬᠢᠵᠠᠭᠠᠷᠯᠠᠬᠤ 2024 ᠣᠨ ᠤ ᠠᠵᠢᠯ ᠤᠨ ᠲᠥᠰᠥᠯ ᠵᠢᠴᠢ ᠱᠠᠲᠤ ᠦᠶ᠎ᠡ ᠶᠢᠨ ᠴᠢᠨᠠᠷᠲᠠᠢ ᠡᠭᠦᠷᠭᠡ ᠶᠢᠨ ᠲᠣᠳᠣᠷᠬᠠᠢ ᠬᠠᠭᠤᠳᠠᠰᠤ ᠶᠢ ᠲᠣᠭᠲᠠᠭᠠᠨ ᠨᠡᠶᠢᠲᠡᠯᠡᠵᠦ᠂ ᠬᠤᠲᠠ᠂ ᠰᠢᠶᠠᠨ᠂ ᠰᠢᠶᠠᠩ᠂ ᠲᠣᠰᠬᠤᠨ᠂ ᠳᠤᠭᠤᠶᠢᠯᠠᠩ ᠤᠨ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠲᠠᠷᠢᠶᠠᠯᠠᠩ ᠤᠨ ᠤᠰᠤ ᠶᠢ ᠭᠦᠨ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠬᠢᠨᠠᠨ ᠪᠠᠶᠢᠴᠠᠭᠠᠬᠤ ᠪᠠ ᠣᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃       ᠪᠠᠷᠢᠯᠭ᠎ᠠ ᠶᠢᠨ ᠤᠰᠤ ᠠᠷᠪᠢᠯᠠᠬᠤ ᠶᠢ ᠲᠦᠷᠭᠡᠳᠬᠡᠨ ᠠᠬᠢᠭᠤᠯᠤᠨ᠎ᠠ᠃  ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢᠨ 2024 ᠣᠨ ᠤ ᠲᠦᠷᠦᠯ ᠵᠦᠢᠯ ᠪᠣᠯᠣᠨ ᠬᠠᠳᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠡᠷᠬᠡ ᠶᠢᠨ ᠠᠶᠢᠮᠠᠭ ᠬᠤᠳᠠ  ᠶᠢᠨ ᠬᠤᠭᠤᠷᠣᠨᠳᠤ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠴᠠᠩ ᠢ ᠤᠰᠤᠯᠠᠯᠲᠠ ᠶᠢᠨ ᠣᠷᠣᠨ᠂ ᠶᠡᠷᠦᠩᠬᠡᠢ ᠭᠤᠣᠯ ᠰᠤᠪᠠᠭ ᠤᠨ ᠳᠣᠣᠷᠠᠳᠤ ᠤᠷᠤᠰᠬᠠᠯ ᠤᠨ ᠬᠡᠰᠡᠭ ᠤᠨ ᠲᠦᠷᠦᠯ ᠵᠦᠢᠯ ᠢ ᠪᠡᠶᠡᠯᠡᠭᠦᠯᠵᠦ᠂ ᠭᠤᠣᠯ ᠰᠤᠪᠠᠭ ᠤᠨ 245.308 ᠺᠢᠯᠣᠮᠧᠲᠷ ᠤᠨ ᠳᠣᠲᠣᠷᠯᠠᠨ ᠴᠣᠭᠴᠠᠯᠠᠭᠰᠠᠨ ᠭᠤᠣᠯ ᠰᠤᠪᠠᠭ ᠢ 245.308 ᠺᠢᠯᠣᠮᠧᠲᠷ ᠤᠨ ᠲᠦᠷᠦᠯ ᠵᠦᠢᠯ ᠪᠠ 798 ᠰᠠᠭᠤᠷᠢ ᠪᠠᠷᠢᠯᠭ᠎ᠠ ᠪᠣᠯᠣᠨ ᠡᠯ᠎ᠡ ᠲᠦᠷᠦᠯ ᠤᠨ ᠤᠰᠤ  ᠶᠢ  ᠬᠡᠮᠵᠢᠬᠦ ᠪᠡᠯᠡᠳᠬᠡᠮᠵᠢ ᠶᠢ ᠢᠵᠢ ᠪᠦᠷᠢᠳᠦᠭᠦᠯᠦᠨ ᠥᠭᠡᠷᠡᠴᠢᠯᠡᠨ᠎ᠡ᠃       ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠶᠢ ᠶᠡᠬᠡᠪᠡᠷ ᠬᠥᠭᠵᠢᠭᠦᠯᠦᠨ᠎ᠡ᠃ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠨᠥᠬᠦᠴᠡᠯ ᠪᠦᠷᠢᠳᠦᠭᠰᠡᠨ ᠭᠠᠵᠠᠷ ᠣᠷᠣᠨ ᠳᠤ ᠲᠡᠭᠰᠢ ᠭᠠᠵᠠᠷ ᠢ ᠪᠠᠭᠠᠰᠬᠠᠬᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠪᠦᠷᠬᠦᠪᠴᠢ ᠶᠢ ᠪᠦᠷᠬᠦᠵᠦ ᠴᠢᠬᠢᠭ ᠢ ᠬᠠᠮᠠᠭᠠᠯᠠᠬᠤ ᠵᠡᠷᠭᠡ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠡᠷᠡᠭᠵᠢᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃       ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ ᠶᠢ ᠰᠢᠨᠵᠢᠯᠡᠬᠦ ᠤᠬᠠᠭᠠᠨᠴᠢ ᠪᠠᠷ ᠴᠢᠬᠢᠭ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠮᠥᠷᠳᠡᠵᠦ ᠰᠤᠳᠤᠯᠤᠨ ᠮᠠᠭᠠᠳᠯᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠤᠰᠤᠨ ᠤ ᠪᠠᠶᠢᠳᠠᠯ ᠤᠰᠤᠨ ᠤ ᠲᠠᠩᠰᠠ ᠶᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠪᠥᠬᠦ ᠲᠠᠯ᠎ᠠ ᠪᠠᠷ ᠴᠢᠩᠭᠠᠳᠬᠠᠨ᠂ ᠬᠠᠪᠤᠷ ᠤᠨ ᠬᠤᠷᠠᠯᠲᠠ᠂ ᠵᠣᠨ ᠤ ᠤᠰᠤᠯᠠᠯᠲᠠ᠂ ᠨᠠᠮᠤᠷ ᠤᠨ ᠤᠰᠤᠯᠠᠯᠲᠠ ᠳᠤ ᠬᠡᠷᠡᠭᠯᠡᠬᠦ ᠤᠰᠤ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ᠂ ᠵᠦᠢ ᠵᠣᠬᠢᠰᠲᠠᠢ ᠲᠣᠬᠢᠷᠠᠭᠤᠯᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠯᠥᠭᠡᠯᠡᠭᠳᠡᠬᠦ ᠦᠭᠡᠢ ᠪᠠᠶᠢᠬᠤ ᠶᠢ ᠪᠠᠲᠤᠯᠠᠨ᠎ᠠ᠃       ᠠᠮᠢ ᠠᠬᠤᠢ ᠶᠢᠨ ᠤᠰᠤ ᠨᠥᠬᠦᠪᠦᠷᠢᠯᠡᠬᠦ ᠪᠠᠷ ᠢᠳᠡᠪᠬᠢᠲᠡᠢ ᠴᠢᠷᠮᠠᠶᠢᠨ᠎ᠠ᠃ ᠤᠰᠤᠯᠠᠯᠲᠠ ᠶᠢᠨ ᠣᠷᠣᠨ ᠤ ᠤᠰᠤ ᠠᠷᠪᠢᠯᠠᠬᠤ᠂ ᠬᠠᠯᠢᠶ᠎ᠠ ᠦᠶᠡᠷ ᠤᠨ ᠬᠤᠭᠤᠴᠠᠭᠠᠨ ᠤ ᠤᠰᠤ ᠨᠥᠬᠦᠪᠦᠷᠢᠯᠡᠬᠦ᠂ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠦᠷᠢᠯᠡᠬᠦ ᠶᠢ ᠬᠠᠷᠢᠯᠴᠠᠨ ᠨᠢᠭᠡᠳᠦᠯᠲᠡᠢ ᠲᠥᠯᠥᠪᠯᠡᠭᠰᠡᠨ ᠤᠯᠠᠨ ᠡᠰᠢᠲᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂  ︽ᠤᠮᠠᠷᠠᠲᠤ ᠶᠢᠨ ᠭᠤᠷᠪᠠᠨ ᠣᠷᠣᠨ︾   ᠢᠨᠵᠧᠨᠧᠷᠢᠩ  ᠤᠨ ᠬᠠᠳᠤᠨ ᠭᠤᠣᠯ  ᠤᠨ ︽ᠵᠢᠢ ᠦᠰᠦᠭᠲᠦ ᠮᠤᠷᠤᠶᠢᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠲᠠᠢ ᠤᠶᠠᠯᠳᠤᠭᠤᠯᠤᠨ᠂ ᠤᠢ ᠰᠢᠭᠤᠢ ᠶᠢᠨ ᠠᠮᠢ ᠠᠬᠤᠢ ᠶᠢᠨ ᠤᠰᠤ ᠬᠡᠷᠡᠭᠯᠡᠬᠦ ᠵᠡᠷᠭᠡ ᠲᠤᠰᠬᠠᠢ ᠵᠦᠢᠯ  ᠤᠨ ᠭᠦᠢᠴᠡᠳᠬᠡᠬᠦ ᠲᠤᠭ᠎ᠠ ᠶᠢ ᠢᠳᠡᠪᠬᠢᠲᠡᠢ ᠪᠠᠷ ᠴᠢᠷᠮᠠᠶᠢᠨ ᠣᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠠᠮᠢ ᠠᠬᠤᠢ ᠶᠢᠨ ᠴᠢᠳᠠᠮᠵᠢ ᠶᠢ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃       ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ 2024 ᠣᠨ ᠠᠴᠠ ᠡᠬᠢᠯᠡᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠯᠤᠰ ᠠᠴᠠ ᠬᠠᠮᠢᠶᠠᠷᠬᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠨ᠎ᠡ ᠲᠠᠷᠢᠶᠠᠯᠠᠩ ᠳᠤ ᠬᠠᠩᠭᠠᠬᠤ ᠤᠰᠤᠨ ᠤ ᠦᠨ᠎ᠡ ᠶᠢ ᠬᠡᠷᠡᠭᠵᠢᠭᠦᠯᠵᠦ᠂  ᠤᠯᠠᠨ ᠢᠶᠠᠷ ᠢᠶᠠᠨ ᠬᠠᠮᠢᠶᠠᠷᠬᠤ ᠤᠰᠤᠨ ᠤ ᠦᠨ᠎ᠡ ᠳᠤ ᠵᠥᠪᠳᠡᠯᠴᠡᠨ ᠦᠨ᠎ᠡ ᠲᠣᠭᠲᠠᠭᠠᠬᠤ ᠶᠢ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠨᠠᠷᠢᠯᠢᠭ ᠣᠨᠣᠴᠠᠲᠠᠢ ᠨᠥᠬᠦᠪᠦᠷᠢ ᠪᠠ ᠤᠰᠤ ᠠᠷᠪᠢᠯᠠᠭᠰᠠᠨ ᠱᠠᠩᠨᠠᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ ᠬᠤᠲᠠ ᠶᠢᠨ ᠲᠣᠰ ᠱᠠᠲᠤᠨ ᠤ 1 ᠳ᠋ᠦᠩᠰᠢᠭᠤᠷ ᠲᠥᠭᠦᠷᠢᠭ ᠤᠨ ᠤᠰᠤ ᠠᠷᠪᠢᠯᠠᠭᠰᠠᠨ ᠱᠠᠩᠨᠠᠯ ᠤᠨ ᠪᠡᠯᠡ ᠮᠥᠩᠭᠦ ᠶᠢ ᠰᠠᠶᠢᠲᠤᠷ ᠠᠰᠢᠭᠯᠠᠨ᠂ ᠮᠠᠨ ᠤ ᠬᠤᠲᠠ ᠶᠢᠨ ᠤᠰᠤ ᠬᠡᠷᠡᠭᠯᠡᠬᠦ ᠡᠷᠦᠬᠡ ᠶᠢᠨ ᠤᠰᠤ ᠠᠷᠪᠢᠯᠠᠵᠤ ᠬᠡᠷᠡᠭᠯᠡᠬᠦ ᠳᠤ ᠨᠠᠷᠢᠯᠢᠭ ᠣᠨᠣᠴᠠᠲᠠᠢ ᠨᠥᠬᠦᠪᠦᠷᠢ ᠪᠠ ᠱᠠᠩᠨᠠᠯ ᠣᠯᠭᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ