2024 ᠣᠨ ᠤ ᠪᠠᠶᠠᠨᠨᠠᠭᠤᠷ ᠤᠨ ᠬᠤᠶᠠᠷ ᠬᠤᠷᠠᠯ ᠳᠤ 5 ᠲᠣᠪᠴᠢᠶᠠᠨ ᠳᠠᠷᠤᠭ᠎ᠠ ᠨᠡᠶᠢᠭᠡᠮ ᠤᠨ ᠡᠲᠡᠭᠡᠷ ᠠᠩᠬᠠᠷᠤᠯ ᠳᠤ ᠬᠠᠷᠢᠭᠤ ᠥᠭᠪᠡ (  ᠭᠤᠷᠪᠠ︶
ᠨᠡᠶᠢᠲᠡᠯᠡᠭᠰᠡᠨ ᠴᠠᠭ᠄
2024/3/1
      ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠣᠯ ᠤᠯᠤᠰ ᠤᠨ ᠴᠢᠬᠤᠯᠠ ᠴᠢᠨᠠᠷ ᠰᠠᠶᠢᠲᠠᠢ ᠪᠤᠭᠤᠳᠠᠢ ᠦᠢᠯᠡᠳᠪᠦᠷᠢᠯᠡᠬᠦ ᠪᠠ ᠡᠳ᠋ᠰᠢᠭᠦᠯᠬᠦ ᠰᠠᠭᠤᠷᠢᠨ ᠭᠠᠵᠠᠷ ᠪᠣᠯᠣᠨ᠎ᠠ᠂ 2023 ᠣᠨ ᠳᠤ᠂ ᠮᠠᠨ ᠤ ᠬᠤᠳᠠ ᠡᠯ᠎ᠡ ᠲᠦᠷᠦᠯ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠤᠭᠤᠳᠠᠢ ᠲᠠᠷᠢᠬᠤ ᠲᠠᠯᠠᠪᠠᠢ 71.25 ᠲᠦᠮᠡᠨ ᠮᠦ ᠳᠤ ᠬᠦᠷᠴᠦ᠂ ᠳᠤᠮᠳᠠᠴᠢ ᠲᠠᠯᠠᠪᠠᠢ ᠨᠢᠭᠡᠴᠢ ᠶᠢᠨ ᠤᠨᠠᠯᠲᠠ 331.38 ᠺᠢᠯᠣᠭ᠍ᠷᠠᠮ᠂ ᠶᠡᠷᠦᠩᠬᠡᠢ ᠤᠨᠠᠯᠲᠠ 4.72 ᠳ᠋ᠦᠩᠰᠢᠭᠤᠷ ᠵᠢᠩ ᠳᠤ ᠬᠦᠷᠴᠦ᠂ ᠬᠠᠮᠤᠭ ᠤᠨ ᠥᠨᠳᠥᠷ ᠲᠠᠯᠠᠪᠠᠢ ᠨᠢᠭᠡᠴᠢ ᠶᠢᠨ ᠤᠨᠠᠯᠲᠠ 683.5 ᠺᠢᠯᠣᠭ᠍ᠷᠠᠮ ᠳᠤ ᠬᠦᠷᠴᠦ᠂ ᠪᠦᠬᠦ ᠣᠷᠣᠨ ᠤ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ 2024 ᠣᠨ ᠳᠤ᠂ ᠮᠠᠨ ᠤ ᠬᠤᠲᠠ ᠬᠡᠷᠬᠢᠨ ᠪᠤᠭᠤᠳᠠᠢ ᠳᠠᠷᠢᠬᠤ ᠨᠥᠬᠦᠪᠦᠷᠢ ᠶᠢᠨ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠡᠭᠡᠭᠰᠢᠯᠡᠭᠦᠯᠵᠦ᠂ ᠪᠤᠭᠤᠳᠠᠢ ᠳᠠᠷᠢᠬᠤ ᠲᠠᠯᠠᠪᠠᠢ ᠶᠢ ᠨᠡᠮᠡᠭᠳᠡᠭᠦᠯᠬᠦ ᠪᠤᠢ︖ ᠡᠭᠦᠨ ᠤ ᠬᠠᠮᠲᠤ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠬᠡᠷᠬᠢᠨ ᠴᠢᠩᠭᠠᠳᠬᠠᠵᠤ᠂ ᠮᠥᠬᠦᠯᠢᠭ ᠢ ᠬᠥᠮᠥᠷᠭᠡ ᠳᠤ ᠣᠷᠣᠭᠤᠯᠬᠤ ᠶᠢ ᠪᠠᠲᠤᠯᠠᠬᠤ ᠪᠤᠢ︖ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠩ ᠰᠢᠩ ᠢᠯᠡᠷᠬᠡᠶᠢᠯᠡᠬᠦ ᠳᠡᠭᠡᠨ᠂ ᠡᠨᠡ ᠵᠢᠯ ᠮᠠᠨ ᠤ ᠬᠤᠲᠠ ᠠᠮᠤ ᠪᠤᠳᠠᠭ᠎ᠠ ᠳᠠᠷᠢᠬᠤ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠴᠢᠳ ᠤᠨ ᠪᠤᠭᠤᠳᠠᠢ ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ ᠭᠡᠵᠡᠢ᠃       ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠪᠠᠷ ᠳᠠᠶᠢᠴᠢᠯᠠᠬᠤ ᠪᠠᠷ ᠳᠠᠮᠵᠢᠭᠤᠯᠤᠨ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠲᠤᠬᠠᠢ ᠤᠯᠤᠰ ᠤᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠪᠤᠭᠤᠳᠠᠢ ᠶᠢ ᠬᠥᠭᠵᠢᠭᠦᠯᠬᠦ ᠲᠤᠬᠠᠢ ᠠᠷᠪᠠᠨ ᠵᠤᠷᠪᠤᠰ ᠰᠠᠨᠠᠯ ᠢ ᠦᠷᠭᠦᠯᠵᠢᠯᠡᠨ ᠬᠡᠷᠡᠭᠵᠢᠭᠦᠯᠦᠨ᠎ᠡ᠃ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠶᠢᠵᠢᠭᠤᠯᠬᠤ᠂ ᠭᠤᠣᠯ ᠴᠣᠭᠴᠠ ᠶᠢ ᠪᠣᠳᠠᠲᠠᠶᠢᠵᠢᠭᠤᠯᠬᠤ᠂ ᠭᠠᠵᠠᠷ ᠰᠢᠷᠣᠢ ᠶᠢ ᠪᠣᠳᠠᠲᠠᠶᠢᠵᠢᠭᠤᠯᠬᠤ᠂ ᠵᠠᠬᠢᠶᠠᠯᠠᠭ᠎ᠠ ᠶᠢ ᠪᠣᠳᠠᠲᠠᠶᠢᠵᠢᠭᠤᠯᠬᠤ᠂ ᠮᠡᠷᠭᠡᠵᠢᠯ ᠤᠨ ᠵᠠᠭᠪᠤᠷ ᠢ ᠪᠣᠳᠠᠲᠠᠶᠢᠵᠢᠭᠤᠯᠬᠤ ︽ᠲᠠᠪᠤ ᠶᠢ ᠪᠣᠳᠠᠲᠠᠶᠢᠵᠢᠭᠤᠯᠬᠤ︾ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠪᠤᠭᠤᠳᠠᠢ ᠳᠠᠷᠢᠬᠤ ᠡᠯ᠎ᠡ ᠵᠦᠢᠯ ᠤᠨ ᠨᠥᠬᠦᠪᠦᠷᠢ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃       ᠰᠠᠶᠢᠨ ᠡᠭᠦᠯᠳᠡᠷ ᠰᠠᠶᠢᠨ ᠠᠷᠭ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠵᠤ᠂ ᠪᠤᠭᠤᠳᠠᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠵᠡᠷᠭᠡ ᠲᠥᠷᠥᠯ ᠵᠦᠢᠯ ᠳᠤ ᠲᠦᠰᠢᠭᠯᠡᠨ᠂ ᠪᠦᠬᠦ ᠬᠤᠳᠠ ᠳᠤ 4 ᠪᠤᠭᠤᠳᠠᠢ ᠶᠢᠨ ᠲᠦᠮᠡᠨ ᠮᠦ᠂ 20 ᠪᠤᠭᠤᠳᠠᠢ ᠶᠢᠨ ᠮᠢᠩᠭᠠᠨ ᠮᠦ ᠶᠢ ᠪᠠᠶᠢᠭᠤᠯᠬᠤ ᠪᠠᠷ ᠲᠥᠯᠥᠪᠯᠡᠵᠦ᠂ ︽ᠪᠠᠮᠠᠢ 13 ᠨᠣᠮᠧᠷᠲᠤ︾ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠠᠯᠠᠪᠠᠢ ᠶᠢ ᠦᠷᠭᠦᠯᠵᠢᠯᠡᠨ ᠥᠷᠭᠡᠳᠬᠡᠵᠦ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠲᠠᠷᠢᠬᠤ ᠮᠡᠷᠭᠡᠵᠢᠯ ᠢ ᠳᠡᠯᠭᠡᠷᠡᠭᠦᠯᠵᠦ᠂ ᠲᠦᠷᠦᠯ ᠵᠦᠢᠯ ᠤᠨ ᠳᠡᠮᠵᠢᠯᠭᠡ ᠪᠠ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠨᠢᠭᠡ ᠪᠦᠯᠦᠭ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠪᠤᠭᠤᠳᠠᠢ ᠶᠢᠨ ︽ᠮᠢᠩᠭᠠᠨ ᠵᠢᠩ ᠤᠨ ᠲᠠᠷᠢᠶ᠎ᠠ︾ ᠶᠢᠨ ᠲᠠᠯᠠᠪᠠᠢ ᠶᠢ 20 ᠲᠦᠮᠡᠨ ᠮᠦ ᠠᠴᠠ ᠳᠡᠭᠡᠭᠰᠢ ᠪᠠᠶᠢᠭᠤᠯᠵᠤ᠂ ᠪᠦᠬᠦ ᠬᠤᠳᠠ ᠶᠢᠨ ᠪᠤᠭᠤᠳᠠᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ 8% ᠠᠴᠠ ᠳᠡᠭᠡᠭᠰᠢ ᠳᠡᠭᠡᠭᠰᠢᠯᠡᠭᠦᠯᠬᠦ ᠶᠢ ᠲᠠᠶᠢᠴᠢᠯᠠᠪᠠ᠃       ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠴᠢᠩᠭᠠᠳᠬᠠᠵᠤ᠂ ᠮᠥᠬᠦᠯᠢᠭ ᠢ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ︽ᠬᠤᠬᠢᠷᠠᠯ ᠢ ᠪᠠᠭᠠᠰᠬᠠᠬᠤ ᠪᠣᠯ ᠭᠠᠷᠤᠯᠲᠠ ᠶᠢ ᠨᠡᠮᠡᠭᠳᠡᠭᠦᠯᠬᠦ᠂ ᠬᠤᠷᠣᠭᠳᠠᠯ ᠢ ᠪᠠᠭᠠᠰᠬᠠᠬᠤ ᠪᠣᠯ ᠣᠷᠣᠯᠭ᠎ᠠ ᠶᠢ ᠨᠡᠮᠡᠭᠳᠡᠭᠦᠯᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠵᠦ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠢᠳᠡᠪᠬᠢᠵᠢᠯ ᠢ ᠲᠠᠶᠢᠴᠢᠯᠠᠨ᠎ᠠ᠃ ᠰᠢᠨ᠎ᠡ ᠮᠠᠶ᠋ᠢᠭ ᠤᠨ ᠲᠠᠷᠢᠶᠠᠯᠠᠩ ᠤᠨ ᠮᠠᠰᠢᠨ  ᠢ ᠶᠡᠬᠡᠪᠡᠷ ᠳᠡᠯᠭᠡᠷᠡᠭᠦᠯᠦᠨ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ  ᠤᠨ ᠮᠠᠰᠢᠨ ᠢᠶᠠᠷ ᠬᠤᠷᠢᠶᠠᠭᠰᠠᠨ ᠤ ᠬᠤᠬᠢᠷᠠᠯ ᠤᠨ ᠨᠤᠷᠮ᠎ᠠ ᠶᠢ ᠬᠢᠨᠠᠨ ᠬᠡᠮᠵᠢᠬᠦ ᠵᠡᠷᠭᠡ ᠬᠤᠬᠢᠷᠠᠯ ᠢ ᠪᠠᠭᠠᠰᠬᠠᠬᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠤᠭᠤᠳᠠᠢ ᠶᠢᠨ ᠮᠠᠰᠢᠨ ᠢᠶᠠᠷ ᠬᠤᠷᠢᠶᠠᠭᠰᠠᠨ ᠤ ᠬᠤᠬᠢᠷᠠᠯ ᠢ ᠪᠠᠭᠠᠰᠬᠠᠬᠤ ᠲᠠᠯ᠎ᠠ ᠪᠠᠷ ᠶᠡᠭᠡ ᠪᠠᠷ ᠮᠥᠷᠥᠶᠢᠴᠡᠬᠦ᠂ ᠲᠠᠷᠢᠶᠠᠯᠠᠩ ᠤᠨ ᠮᠠᠰᠢᠨᠴᠢ ᠶᠢ ᠪᠣᠯᠪᠠᠰᠤᠷᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠮᠠᠰᠢᠨ ᠢᠶᠠᠷ ᠬᠤᠷᠢᠶᠠᠭᠰᠠᠨ ᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃       ᠡᠭᠦᠨ ᠤ ᠬᠠᠮᠲᠤ᠂ ᠠᠵᠤ ᠠᠬᠤᠶᠢᠯᠠᠯ ᠬᠢᠭᠡᠳ ᠲᠠᠷᠢᠶᠠᠴᠢᠨ ᠡᠷᠦᠬᠡ ᠶᠢᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠭᠤᠨ ᠲᠣᠭᠲᠠᠴᠠ ᠶᠢ ᠪᠠᠶᠢᠭᠤᠯᠬᠤ ᠶᠢ ᠵᠣᠷᠢᠭᠵᠢᠭᠤᠯᠵᠤ᠂ ᠵᠠᠬᠢᠶᠠᠯᠠᠭ᠎ᠠ ᠶᠢᠨ ᠲᠠᠷᠢᠮᠠᠯ ᠢ ᠶᠡᠬᠡᠪᠡᠷ ᠬᠥᠭᠵᠢᠭᠦᠯᠵᠦ᠂ ᠪᠤᠭᠤᠳᠠᠢ ᠶᠢᠨ ︽ᠳᠠᠷᠢᠬᠤ — ᠳᠠᠷᠢᠬᠤ — ᠬᠤᠷᠢᠶᠠᠬᠤ — ᠨᠥᠭᠡᠴᠡᠯᠡᠬᠦ — ᠨᠡᠮᠡᠬᠦ — ᠪᠣᠷᠣᠯᠠᠭᠤᠯᠬᠤ︾ ᠪᠥᠬᠦ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮᠵᠢ ᠶᠢ ᠪᠠᠶᠢᠭᠤᠯᠵᠤ᠂ ︽ᠪᠣᠷᠣᠳᠣᠬᠤᠢ ᠶᠢᠨ ᠪᠤᠭᠤᠳᠠᠢ︾ ᠶᠢᠨ ᠠᠯᠲᠠᠨ ᠦᠰᠦᠭᠲᠦ ᠫᠠᠶᠢᠰᠠ ᠶᠢ ᠠᠯᠳᠠᠷᠰᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ