2024 ᠣᠨ ᠤ ᠪᠠᠶᠠᠨᠨᠠᠭᠤᠷ ᠤᠨ ᠬᠤᠶᠠᠷ ᠬᠤᠷᠠᠯ ᠳᠤ 5 ᠲᠣᠪᠴᠢᠶᠠᠨ ᠳᠠᠷᠤᠭ᠎ᠠ ᠨᠡᠶᠢᠭᠡᠮ ᠤᠨ ᠡᠲᠡᠭᠡᠷ ᠠᠩᠬᠠᠷᠤᠯ ᠳᠤ ᠬᠠᠷᠢᠭᠤ ᠥᠭᠪᠡ (    ᠳᠥᠷᠪᠡ︶
ᠨᠡᠶᠢᠲᠡᠯᠡᠭᠰᠡᠨ ᠴᠠᠭ᠄
2024/3/1
      ᠣᠶᠢᠷ᠎ᠠ ᠶᠢᠨ ᠵᠢᠯ ᠠᠴᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠰᠢᠰᠲ᠋ᠧᠮ  ᠲᠥᠷᠥ ᠶᠢᠨ ᠶᠡᠭᠡ ᠶᠠᠪᠤᠳᠠᠯ ᠢ ᠪᠠᠲᠤ ᠴᠡᠭᠡᠵᠢᠯᠡᠵᠦ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠦᠷᠭᠦᠯᠵᠢᠯᠡᠨ ᠠᠬᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠣᠯᠵᠠᠢ᠃ ᠢᠷᠡᠭᠡᠳᠦᠢ ᠳᠤ ᠮᠠᠨ ᠤ ᠬᠤᠲᠠ ᠬᠡᠷᠬᠢᠨ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠮ ᠴᠢᠨᠠᠭᠰᠢᠳᠠ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠵᠡᠰᠬᠦᠯᠡᠩᠲᠦ ᠰᠠᠶᠢᠬᠠᠨ ᠪᠠ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠬᠦ ᠪᠤᠢ︖ ᠡᠭᠦᠨ ᠤ ᠲᠤᠬᠠᠢ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠱᠢ ᠸᠠᠩ ᠴᠢᠩ ᠢᠯᠡᠷᠬᠡᠶᠢᠯᠡᠬᠦ ᠳᠡᠭᠡᠨ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠣᠶᠤᠨ ᠴᠢᠳᠠᠯ ᠢᠶᠠᠨ ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠬᠤ᠂ ︽ᠲᠠᠪᠤ ᠥᠨᠳᠥᠷ ᠲᠠᠪᠤᠨ ᠣᠷᠣᠨ︾ ᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢᠨ ᠲᠣᠭᠤᠷᠢᠨ ᠳᠤ᠂ ᠭᠤᠣᠯᠳᠠᠭᠤ ᠭᠤᠷᠪᠠᠨ ᠲᠠᠯ᠎ᠠ ᠪᠠᠷ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠣᠷᠴᠢᠨ ᠠᠬᠤᠢ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ ᠭᠡᠵᠡᠢ᠃       ᠨᠡᠩ ᠥᠨᠳᠥᠷ ᠪᠠᠷᠢᠮᠵᠢᠶ᠎ᠠ ᠪᠠᠷ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠨᠠᠷᠢᠯᠢᠭ ᠣᠨᠣᠴᠠᠲᠠᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠬᠥᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠲᠤᠨ ᠭᠤᠣᠯ ᠤᠨ ᠤᠰᠤᠨ ᠤ Ⅱ ᠲᠥᠷᠥᠯ ᠤᠨ ᠣᠷᠣᠭᠤᠯᠤᠯᠲᠠ Ⅱ ᠲᠥᠷᠥᠯ ᠤᠨ ᠭᠠᠷᠤᠯᠲᠠ ᠶᠢ ᠦᠨᠡᠨᠬᠦ ᠪᠠᠲᠤᠯᠠᠵᠤ᠂ ᠤᠯᠠᠭᠠᠨᠰᠤᠬᠠᠢ ᠨᠠᠭᠤᠷ ᠤᠨ ᠤᠰᠤᠨ ᠤ ᠴᠢᠨᠠᠷ ᠢ Ⅳ ᠲᠥᠷᠥᠯ ᠳᠤ ᠪᠠᠶᠢᠯᠭᠠᠬᠤ ᠶᠢ ᠪᠠᠲᠤᠯᠠᠵᠤ᠂ ᠠᠭᠠᠷ ᠪᠠ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃       ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂  ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦ ᠪᠠᠷ ᠢᠶᠠᠨ ᠪᠠᠲᠤ ᠴᠣᠭᠴᠠᠯᠠᠨ᠎ᠠ᠃ ᠬᠠᠲᠤᠨ ᠭᠤᠣᠯ᠂ ᠤᠯᠠᠭᠠᠨᠰᠤᠬᠠᠢ ᠶᠢᠨ ︽ᠨᠢᠭᠡ ᠱᠤᠭᠤᠮ ᠨᠢᠭᠡ ᠴᠡᠭ︾ ᠪᠣᠯᠣᠨ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ᠂ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠶᠢᠨ ︽ᠨᠢᠭᠡ ᠣᠷᠣᠨ ᠨᠢᠭᠡ ᠪᠦᠰᠡ︾ ᠶᠢ ᠰᠠᠶᠢᠲᠤᠷ ᠬᠠᠮᠠᠭᠠᠯᠠᠬᠤ ᠪᠠᠷ ᠬᠠᠷᠠᠯᠲᠠ ᠪᠣᠯᠭᠠᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠤᠨ ᠵᠠᠳᠠᠯᠤᠯᠲᠠ ᠶᠢ ᠬᠢᠨᠠᠮᠠᠭᠠᠢ ᠥᠷᠨᠢᠭᠦᠯᠵᠦ᠂ ᠭᠤᠷᠪᠠᠨ ᠤᠮᠠᠷᠠᠲᠤ ᠶᠢᠨ ᠢᠨᠵᠧᠨᠧᠷᠢᠩ ᠤᠨ ᠬᠠᠲᠤᠨ ᠭᠤᠣᠯ ᠤᠨ ︽  ᠵᠢᠢ ᠥᠰᠥᠭ ᠤᠨ ᠮᠤᠷᠤᠶᠢᠯᠲᠠ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠣᠨ᠎ᠠ᠃ ᠡᠭᠦᠨ ᠤ ᠬᠠᠮᠲᠤ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ ᠯᠢᠨ ᠾᠧ ᠲᠣᠭᠤᠷᠢᠭ ᠤᠨ ᠰᠢᠨᠬᠤᠸᠠ ᠣᠶ ᠰᠢᠭᠤᠢ ᠶᠢᠨ ᠲᠠᠯᠠᠪᠠᠶ᠂ ᠤᠷᠠᠳ ᠤᠨ ᠬᠤᠶᠢᠲᠤ ᠬᠤᠰᠢᠭᠤᠨ ᠤ ᠮᠤᠨᠢ ᠠᠭᠤᠯᠠ ᠶᠢᠨ ᠠᠷᠤ ᠬᠤᠷᠮᠣᠢ ᠶᠢᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ︽ᠬᠤᠶᠠᠷ ᠠᠭᠤᠯᠠ︾ ᠶᠢ ᠬᠤᠪᠢᠷᠠᠭᠤᠯᠬᠤ ᠰᠢᠨ᠎ᠡ ᠵᠠᠮ ᠢ ᠢᠳᠡᠪᠬᠢᠲᠡᠢ ᠥᠷᠭᠡᠳᠬᠡᠨ᠎ᠡ᠃       ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠭᠠᠵᠠᠷ ᠣᠷᠣᠨ ᠤ ᠠᠵᠤ ᠠᠬᠤᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠬᠤᠪᠢᠷᠠᠬᠤ ᠶᠢ ᠠᠬᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦ ᠠᠴᠠ ᠨᠢ ᠵᠠᠰᠠᠬᠤ ᠪᠣᠳᠣᠯᠭ᠎ᠠ ᠪᠣᠯᠭᠠᠬᠤ ᠶᠢ ᠪᠠᠷᠢᠮᠲᠠᠯᠠᠵᠤ ᠂ ︽ᠭᠤᠷᠪᠠᠨ ᠱᠤᠭᠤᠮ ᠨᠢᠭᠡ ᠲᠠᠩᠰᠠ︾ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ᠂ ᠲᠦᠷᠦᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ᠂ ᠪᠣᠬᠢᠷᠲᠤᠯ ᠭᠠᠳᠠᠭᠰᠢᠯᠠᠭᠤᠯᠬᠤ ᠶᠢ ᠵᠥᠪᠰᠢᠶᠡᠷᠡᠬᠦ ᠪᠠ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠲᠥᠯᠥᠪᠵᠢᠭᠦᠯᠬᠦ ᠪᠠᠷ ᠳᠠᠮᠵᠢᠭᠤᠯᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠦᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠭᠦᠨᠵᠡᠭᠡᠢ ᠰᠠᠶᠢᠲᠤᠷ ᠠᠳᠬᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ 1 ᠵᠢᠯ ᠤᠷᠢᠳᠴᠢᠯᠠᠨ ᠪᠡᠶᠡᠯᠡᠭᠦᠯᠬᠦ ᠪᠠᠷ ᠴᠢᠷᠮᠠᠶᠢᠵᠤ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠣᠷᠴᠢᠨ ᠠᠬᠤᠢ ᠶᠢᠨ ᠣᠷᠣᠨ ᠵᠠᠢ ᠶᠢ ᠰᠤᠯᠠᠯᠠᠨ ᠥᠭᠴᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠦᠵᠡᠰᠬᠦᠯᠡᠩᠲᠦ ᠰᠠᠶᠢᠬᠠᠨ ᠪᠠᠶᠠᠨᠨᠠᠭᠤᠷ ᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ