2024 ᠣᠨ ᠤ ᠪᠠᠶᠠᠨᠨᠠᠭᠤᠷ ᠤᠨ ᠬᠤᠶᠠᠷ ᠬᠤᠷᠠᠯ ᠳᠤ 5 ᠲᠣᠪᠴᠢᠶᠠᠨ ᠳᠠᠷᠤᠭ᠎ᠠ ᠨᠡᠶᠢᠭᠡᠮ ᠤᠨ ᠡᠲᠡᠭᠡᠷ ᠠᠩᠬᠠᠷᠤᠯ ᠳᠤ ᠬᠠᠷᠢᠭᠤ ᠥᠭᠪᠡ ( ᠲᠠᠪᠤ︶
ᠨᠡᠶᠢᠲᠡᠯᠡᠭᠰᠡᠨ ᠴᠠᠭ᠄
2024/3/1
      ᠪᠠᠶᠠᠨᠨᠠᠭᠤᠷ ᠪᠣᠯ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠬᠤᠲᠠ ᠪᠣᠯᠣᠨ᠎ᠠ᠂ 2024 ᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠲᠠᠯ᠎ᠠ ᠪᠠᠷ᠂ ᠮᠠᠨ ᠤ ᠬᠤᠲᠠ ᠬᠡᠷᠬᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠠᠩ ᠰᠠᠶᠢᠲᠤᠷ ᠨᠡᠭᠡᠭᠡᠬᠦ ᠪᠣᠶ︖ ᠰᠤᠷᠪᠤᠯᠵᠢᠯᠠᠭᠴᠢ ᠶᠢᠨ ᠠᠰᠠᠭᠤᠯᠲᠠ ᠳᠤ ᠴᠢᠭᠯᠡᠭᠦᠯᠦᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠵᠢᠢ ᠶᠠ ᠯᠢᠨ ᠢᠯᠡᠷᠬᠡᠶᠢᠯᠡᠬᠦ ᠳᠡᠭᠡᠨ᠂ 2024 ᠣᠨ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠬᠢᠷᠠᠭᠤᠯᠤᠯᠲᠠ ᠶᠣᠰᠣᠭᠠᠷ᠂ ᠭᠠᠳᠠᠭᠠᠳᠤ ᠭᠠᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠠᠷᠠᠯᠲᠠ ᠶᠢᠨ ᠲᠣᠭᠤᠷᠢᠨ ᠳᠤ᠂ ᠭᠠᠳᠠᠭᠠᠳᠤ ᠠᠷᠠᠯᠵᠢᠶᠠᠨ ᠤ ᠵᠠᠭᠪᠤᠷ ᠤᠨ ᠰᠢᠨ᠎ᠡ ᠶᠢ ᠡᠭᠦᠳᠬᠦ᠂ ᠭᠠᠳᠠᠭᠠᠳᠤ ᠭᠠᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠲᠠᠸᠠᠷ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠭᠡᠵᠡᠢ᠃       ᠤᠯᠠᠨ ᠤᠯᠤᠰ ᠤᠨ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠶᠢ ᠲᠦᠷᠭᠡᠪᠴᠢᠯᠡᠨ ᠪᠠᠶᠢᠭᠤᠯᠵᠤ᠂ ᠭᠠᠳᠠᠭᠠᠳᠤ ᠳᠠᠬᠢ ᠬᠥᠮᠥᠷᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠣᠶᠢᠵᠢᠭᠤᠯᠤᠨ᠎ᠠ᠃ ᠣᠲᠣ ᠶᠢᠨ ᠪᠠᠶᠢᠭ᠎ᠠ 5 ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢᠨ ᠪᠣᠶᠢᠵᠢᠭᠤᠯᠬᠤ ᠡᠲᠡᠭᠡᠳ ᠤᠨ ᠰᠠᠭᠤᠷᠢᠨ ᠳᠡᠭᠡᠷ᠎ᠡ 2—3 ᠭᠠᠳᠠᠭᠠᠳᠤ ᠳᠠᠬᠢ ᠬᠥᠮᠥᠷᠭᠡ ᠶᠢ ᠰᠢᠨ᠎ᠡ ᠪᠠᠷ ᠪᠠᠶᠢᠭᠤᠯᠵᠤ᠂ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠪᠠ ᠳᠤᠮᠳᠠᠳᠤ ᠠᠽᠢᠶ᠎ᠠ ᠶᠢ ᠨᠥᠯᠥᠭᠡᠯᠡᠬᠦ ᠣᠯᠠᠨ ᠤᠯᠤᠰ ᠤᠨ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠶᠡᠷᠦᠩᠬᠡᠢ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠭᠰᠠᠨ ᠬᠢᠯᠢ ᠶᠢᠨ ᠭᠠᠳᠠᠨᠠᠬᠢ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ ᠲᠥᠪ ᠪᠠ ᠰᠠᠯᠭᠠᠨ ᠥᠭᠬᠦ ᠬᠥᠮᠥᠷᠭᠡ ᠶᠢ ᠪᠠᠶᠢᠷᠢᠯᠠᠭᠤᠯᠤᠨ᠎ᠠ᠃ ᠠᠵᠤ ᠠᠬᠤᠶᠢᠯᠠᠯ ᠤᠨ ︽ᠠᠩᠬᠠᠨ ᠤ ᠲᠡᠭᠡᠭᠡᠪᠦᠷᠢ + ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ + ᠲᠣᠰ ᠭᠠᠵᠠᠷ ᠤᠨ ᠲᠣᠮᠢᠯᠠᠨ ᠬᠦᠷᠭᠡᠬᠦ︾ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ 9810 ᠲᠤᠬᠠᠶᠢᠯᠠᠭᠰᠠᠨ ᠠᠵᠢᠯ ᠤᠨ ᠵᠠᠭᠪᠤᠷ ᠢ ᠬᠡᠷᠡᠭᠯᠡᠬᠦ ᠶᠢ ᠳᠡᠮᠵᠢᠵᠦ᠂ ᠭᠠᠳᠠᠭᠠᠳᠤ ᠳᠠᠬᠢ ᠬᠥᠮᠥᠷᠭᠡ ᠶᠢᠨ ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠢᠯ ᠤᠨ ᠳᠣᠲᠣᠷ᠎ᠠ ᠤᠯᠤᠰ ᠤᠨ ᠳᠣᠲᠣᠭᠠᠳᠤ ᠭᠠᠳᠠᠭᠠᠳᠤ ᠳᠤ ᠦᠢᠯᠡᠴᠢᠯᠡᠬᠦ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ 150 ᠡᠷᠦᠬᠡ ᠳᠤ ᠬᠦᠷᠦᠭᠦᠯᠬᠦ ᠪᠠᠷ ᠴᠢᠷᠮᠠᠶᠢᠵᠤ᠂ ᠠᠷᠠᠯᠵᠢᠶᠠᠨ ᠤ ᠬᠡᠪᠴᠢᠶ᠎ᠡ ᠶᠢ 2 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃       ᠤᠯᠤᠰ ᠤᠨ ᠳᠡᠰ ᠤᠨ ᠦᠷ᠎ᠡ ᠦᠷ᠎ᠡ ᠶᠢᠨ ᠲᠥᠷᠥᠯ ᠤᠨ ᠪᠦᠲᠦᠭᠡᠭᠳᠡᠬᠦᠨ ᠤ ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠤᠨ ᠦᠨᠡᠯᠡᠬᠦ ᠰᠠᠭᠤᠷᠢᠨ ᠭᠠᠵᠠᠷ ᠲᠤ ᠲᠦᠰᠢᠭᠯᠡᠨ᠂ ᠮᠠᠨ ᠤ ᠬᠤᠲᠠ ᠶᠢᠨ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠳᠡᠯᠡᠬᠡᠢ ᠶᠢᠨ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠠᠵᠢᠯ ᠥᠷᠨᠢᠭᠦᠯᠬᠦ ᠶᠢ ᠳᠡᠮᠵᠢᠵᠦ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ᠂ ᠮᠡᠷᠭᠡᠵᠢᠯ ᠤᠨ ᠥᠭᠡᠷᠡᠴᠢᠯᠡᠯᠲᠡ ᠬᠢᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠭᠠᠳᠠᠭᠠᠳᠤ ᠳᠤ ᠭᠠᠷᠭᠠᠬᠤ ᠦᠢᠯᠡᠳᠬᠦᠨ ᠤ ᠶᠠᠰᠤ ᠴᠢᠨᠠᠷ ᠪᠠ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠤᠯᠠᠮᠵᠢᠯᠠᠯᠲᠤ ᠵᠠᠬ᠎ᠠ ᠳᠡᠯᠭᠡᠭᠦᠷ ᠢ ᠪᠠᠬᠢᠵᠢᠭᠦᠯᠬᠦ᠂ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠢ ᠥᠷᠭᠡᠳᠬᠡᠬᠦ ᠂ ᠡᠷᠬᠢᠨ ᠲᠣᠭᠤᠷᠢᠨ ᠤ ᠵᠠᠬ᠎ᠠ ᠳᠡᠯᠭᠡᠭᠦᠷ ᠢ ᠪᠣᠶᠢᠵᠢᠭᠤᠯᠬᠤ ᠬᠥᠭᠵᠢᠯᠲᠡ ᠶᠢᠨ ᠰᠡᠳᠬᠢᠴᠡ ᠶᠣᠰᠣᠭᠠᠷ᠂ ᠵᠢᠯ ᠤᠨ ᠳᠣᠲᠣᠷ᠎ᠠ 150 ᠠᠴᠠ ᠴᠥᠭᠡᠨ ᠪᠤᠰᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠲᠥᠯᠥᠪᠯᠡᠭᠡ ᠲᠠᠢ ᠴᠢᠭᠯᠡᠭᠦᠯᠬᠦ ᠴᠢᠨᠠᠷᠲᠠᠢ ᠪᠠᠷ ᠳᠣᠲᠣᠭᠠᠳᠤ ᠭᠠᠳᠠᠭᠠᠳᠤ ᠠᠷᠠᠯᠵᠢᠶᠠᠨ ᠤ ᠠᠭᠤᠰᠤᠯᠴᠠᠯ ᠤᠨ ᠦᠵᠡᠰᠬᠦᠯᠡᠩ ᠳᠤ ᠣᠷᠣᠯᠴᠠᠭᠤᠯᠵᠤ᠂ ᠤᠯᠤᠰ ᠤᠨ ᠳᠣᠲᠣᠭᠠᠳᠤ ᠶᠢᠨ ᠤᠯᠠᠨ ᠤᠯᠤᠰ ᠤᠨ ᠵᠠᠬ᠎ᠠ ᠳᠡᠯᠭᠡᠭᠦᠷ ᠤᠨ ᠳᠦᠷᠢᠮ ᠪᠣᠯᠣᠨ ᠪᠠᠷᠢᠮᠵᠢᠶ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃       ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠲᠣᠭᠲᠠᠭᠤᠨ ᠬᠡᠪᠴᠢᠶ᠎ᠡ ᠲᠠᠢ ᠰᠢᠯᠢᠳᠡᠭ ᠪᠦᠲᠦᠴᠡ ᠲᠠᠢ ᠪᠠᠶᠢᠬᠤ ᠶᠢ ᠠᠬᠢᠭᠤᠯᠵᠤ᠂ ᠮᠠᠰᠢᠨ ᠴᠠᠬᠢᠯᠭᠠᠨ ᠤ ᠦᠢᠯᠡᠳᠬᠦᠨ ᠪᠠ ᠳᠡᠭᠡᠳᠦ ᠰᠢᠨ᠎ᠡ ᠮᠡᠷᠭᠡᠵᠢᠯ ᠤᠨ ᠭᠠᠳᠠᠭᠠᠳᠤ ᠭᠠᠷᠭᠠᠯᠲᠠ ᠶᠢ ᠤᠯᠠᠮ ᠨᠢᠭᠡ ᠠᠯᠬᠤᠮ ᠥᠷᠭᠡᠳᠬᠡᠨ᠂ ᠲᠠᠷᠢᠶᠠᠯᠠᠩ ᠤᠨ ᠮᠠᠰᠢᠨ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠭᠦᠵᠡᠭᠡᠨ ᠤ ᠬᠤᠮᠵᠢᠶ᠎ᠠ ᠵᠡᠷᠭᠡ ᠬᠦᠷᠢᠶ᠎ᠡ ᠴᠠᠷᠠᠭ᠎ᠠ ᠳᠤ ᠦᠢᠯᠡᠴᠢᠯᠡᠭᠡᠨ ᠤ ᠠᠷᠠᠯᠵᠢᠶ᠎ᠠ ᠶᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠨᠴᠠᠯᠢᠭᠲᠤ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠢ ᠡᠭᠦᠳᠦᠨ ᠰᠢᠨ᠎ᠡ ᠨᠢᠭᠡ ᠡᠭᠡᠯᠵᠢ ᠶᠢᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠠᠭᠤᠷᠢᠨ ᠭᠠᠵᠠᠷ ᠢ ᠪᠣᠶᠢᠵᠢᠭᠤᠯᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ᠂ ᠰᠢᠨ᠎ᠡ ᠰᠣᠷᠭᠤᠭ ᠢᠳᠡᠭᠡᠨ ᠤ ᠯᠠᠵᠤᠤ᠂ ᠬᠢᠲᠠᠳ ᠡᠮ ᠤᠨ ᠮᠠᠲ᠋ᠧᠷᠢᠶᠠᠯ᠂ ᠬᠠᠮᠢᠯ ᠬᠡᠮᠬᠡ ᠵᠡᠷᠭᠡ ᠳᠠᠪᠠᠭᠤᠯᠢᠭ ᠪᠦᠲᠦᠭᠡᠭᠳᠡᠬᠦᠨ ᠢ ᠭᠤᠣᠯᠳᠠᠯᠭ᠎ᠠ ᠲᠠᠢ ᠪᠣᠶᠢᠵᠢᠭᠤᠯᠵᠤ᠂ ᠵᠢᠯ ᠤᠨ ᠳᠣᠲᠣᠷ᠎ᠠ ᠪᠣᠭᠤᠮᠲᠠ ᠶᠢᠨ ᠳᠠᠩᠰᠠᠯᠠᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠢ 1 ᠲᠦᠮᠡᠨ ᠮᠦ ᠰᠢᠨ᠎ᠡ ᠪᠠᠷ ᠪᠠᠶᠢᠭᠤᠯᠵᠤ᠂ ᠰᠢᠨ᠎ᠡ ᠪᠠᠷ ᠨᠡᠮᠡᠭᠳᠡᠭᠦᠯᠬᠦ ᠭᠠᠳᠠᠭᠠᠳᠤ ᠭᠠᠷᠭᠠᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ ᠪᠣᠯᠣᠨ᠎ᠠ᠃ ᠠᠵᠤ ᠠᠬᠤᠶᠢᠯᠠᠯ ᠤᠨ ᠪᠣᠭᠤᠮᠲᠠ ᠶᠢᠨ AEO ᠶᠢᠨ ᠳᠡᠭᠡᠳᠦ ᠵᠡᠷᠭᠡ ᠶᠢᠨ ᠭᠡᠷᠡᠴᠢᠯᠡᠯ ᠥᠷᠨᠢᠭᠦᠯᠬᠦ ᠶᠢ ᠳᠡᠮᠵᠢᠵᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠦᠷᠢᠶᠡᠨ ᠳᠠᠬᠢ ᠪᠠᠷᠠᠭᠠᠨ ᠤ ᠭᠦᠢᠯᠭᠡᠭᠡᠨ ᠤ ᠠᠷᠭ᠎ᠠ ᠵᠠᠮ ᠪᠠ ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ