ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/1
                                 ᠵᠠᠰᠠᠭ ᠤᠨ ᠣᠷᠳᠣᠨ ᠤ ᠠᠵᠢᠯ ᠤᠨ ᠢᠯᠡᠳᠬᠡᠯ           —2024 ᠣᠨ ᠤ 1 ᠰᠠᠷ᠎ᠠ ᠶᠢᠨ 16 ᠤ ᠡᠳᠦᠷ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ           ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ                                                                    ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ     ᠸᠠᠩ ᡁᠢ ᠫᠢᠩᠲᠥᠯᠥᠭᠡᠯᠡᠭᠴᠢᠳ ᠠ᠋᠄       ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2023 ᠣᠨ ᠤ ᠠᠵᠢᠯ ᠤᠨ ᠡᠷᠭᠢᠴᠡᠭᠦᠯᠦᠯ       2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠬᠤ ᠪᠥᠭᠡᠳ ᠪᠠᠶᠠᠨᠨᠠᠭᠤᠷ ᠤᠨ ᠬᠥᠭᠵᠢᠯᠲᠡ ᠶᠢᠨ ᠲᠡᠦᠬᠡᠨ ᠳᠡᠭᠡᠷᠡᠬᠢ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠰᠢ ᠶᠢᠨ ᠫᠢᠩ ᠶᠡᠷᠦᠩᠬᠡᠢ ᠱᠦᠵᠢ ᠮᠠᠨ ᠤ ᠬᠤᠲᠠ ᠳᠤ ᠰᠠᠭᠠᠲᠠᠵᠤ ᠰᠢᠨᠵᠢᠯᠡᠨ ᠪᠠᠶᠢᠴᠠᠭᠠᠵᠤ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠢᠳᠡᠨ ᠳᠤ ᠲᠤᠩ ᠶᠡᠭᠡ ᠤᠯᠤᠰ ᠲᠦᠷᠦ ᠶᠢᠨ ᠬᠠᠯᠠᠮᠵᠢᠯᠠᠯ ᠪᠣᠯᠣᠨ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ  ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠥᠨᠳᠥᠷ ᠲᠠᠪᠤᠨ ᠣᠷᠣᠨ︾  ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ᠃       ᠨᠢᠭᠡ ᠳᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠠᠭᠠᠤ ᠳᠤ ᠰᠠᠶᠢᠵᠢᠷᠠᠪᠠ᠃ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ 138 ᠵᠤᠷᠪᠤᠰ ᠢ ᠲᠣᠭᠲᠠᠭᠠᠨ ᠨᠡᠶᠢᠲᠡᠯᠡᠵᠦ᠂ 37.13 ᠳ᠋ᠦᠩᠰᠢᠭᠤᠷ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ 194 ᠴᠢᠬᠤᠯᠠ ᠶᠡᠭᠡ ᠲᠥᠷᠥᠯ ᠵᠦᠢᠯ ᠳᠤ 407.99 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 27.5% ᠪᠠᠷ ᠨᠡᠮᠡᠭᠳᠡᠪᠡ᠃ ᠵᠢᠱᠢᠯᠲᠡ ᠪᠠᠷ 280 ᠳ᠋ᠦᠩᠰᠢᠭᠤᠷ ᠲᠥᠭᠦᠷᠢᠭ ᠣᠷᠴᠢᠮ ᠤᠨ ᠪᠠᠶᠢᠷᠢᠨ ᠳᠤ ᠣᠷᠣᠭᠰᠠᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ 58.6% ᠪᠠᠷ  ᠨᠡᠮᠡᠭᠳᠡᠪᠡ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠵᠦᠭᠰᠢᠷᠡᠭᠦᠯᠬᠦ ᠣᠨ ᠤ ᠬᠠᠷᠠᠯᠲᠠ ᠪᠠᠨ ᠪᠡᠶᠡᠯᠡᠭᠦᠯᠵᠦ᠂ ᠲᠡᠦᠬᠡ ᠶᠢᠨ ᠦᠯᠡᠳᠡᠭᠳᠡᠯ ᠥᠷᠢᠲᠦᠭᠰᠡᠨ ᠪᠡᠯᠡ ᠮᠥᠩᠭᠦ ᠶᠢ145.88 ᠳ᠋ᠦᠩᠰᠢᠭᠤᠷ ᠲᠥᠭᠦᠷᠢᠭ ᠲᠥᠯᠥᠪᠡ᠃ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ᠂ ᠲᠤᠰᠢᠶᠠᠬᠤ ᠭᠠᠶᠢᠯᠢ ᠶᠢᠨ ᠰᠦᠢᠳᠬᠡᠯ ᠨᠢ ᠴᠥᠮ ᠶᠡᠭᠡ ᠬᠡᠮᠵᠢᠶ᠎ᠡ ᠪᠠᠷ ᠨᠡᠮᠡᠭᠳᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠭᠰᠢᠭᠦᠷᠢ᠂ ᠭᠡᠷ ᠪᠠᠶᠢᠰᠢᠩ ᠭᠠᠵᠠᠷ ᠰᠢᠷᠣᠢ ᠶᠢᠨ ᠠᠵᠤ ᠠᠬᠤᠶᠢᠯᠠᠯ ᠤᠨ ᠭᠡᠷ᠎ᠡ ᠶᠢ ᠭᠦᠢᠴᠡᠳᠬᠡᠬᠦ ᠲᠦᠭᠰᠢᠭᠦᠷᠢ ᠶᠢ ᠯᠠᠪᠳᠠᠭᠤᠨ ᠬᠢᠴᠢᠶᠡᠩᠭᠦᠢ ᠰᠢᠢᠳᠪᠦᠷᠢᠯᠡᠪᠡ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ︾ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ 5876 ᠮᠦ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ ᠰᠢᠢᠳᠪᠦᠷᠢᠯᠡᠵᠦ᠂ 1058 ᠮᠦ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠵᠡᠢ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ  ᠵᠠᠷᠤᠯᠭ᠎ᠠ 80.15 ᠳ᠋ᠦᠩᠰᠢᠭᠤᠷ ᠲᠥᠭᠦᠷᠢᠭ᠂ 364.73 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2022 ᠣᠨ ᠳᠤ 30.9%᠂ 14.5% ᠨᠡᠮᠡᠭᠳᠡᠭᠰᠡᠨ ᠰᠠᠭᠤᠷᠢᠨ ᠳᠡᠭᠡᠷ᠎ᠡ ᠳᠠᠬᠢᠨ 3.4%᠂ 18.7% ᠪᠠᠷ ᠨᠡᠮᠡᠭᠳᠡᠪᠡ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 11.4 % ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 24% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 7% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 8% ᠣᠷᠴᠢᠮ ᠨᠡᠮᠡᠭᠳᠡᠭᠦᠯᠪᠡ᠃       ᠬᠤᠶᠠᠷ ᠲᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠠᠯᠬᠤᠴᠠ ᠶᠢ ᠲᠦᠷᠭᠡᠳᠬᠡᠪᠡ᠃ ᠪᠦᠬᠦᠶᠢᠯᠡ ᠤᠰᠤᠯᠠᠯᠲᠠ ᠶᠢᠨ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠯᠤᠰ ᠤᠨ ᠲᠤᠷᠰᠢᠯᠲᠠ ᠶᠢᠨ ᠣᠷᠣᠨ ᠵᠥᠪᠰᠢᠶᠡᠷᠡᠭᠳᠡᠨ ᠬᠡᠷᠡᠭᠵᠢᠭᠦᠯᠵᠦ᠂ ᠵᠢᠯ ᠤᠨ ᠳᠣᠲᠣᠷ᠎ᠠ 93 ᠲᠦᠮᠡᠨ ᠮᠦ ᠪᠠᠶᠢᠭᠤᠯᠵᠤ ᠳᠠᠭᠤᠰᠬᠠᠪᠠ᠃ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠤᠨ ᠴᠤᠭᠯᠠᠭᠠᠨ ᠢ ᠡᠷᠭᠢᠯᠡᠵᠦ᠂ ︽ᠨᠢᠭᠡ ᠬᠦᠷᠢᠶᠡᠯᠡᠩ ᠲᠤᠯᠤᠭᠠᠨ ᠲᠥᠪ︾ ᠢ ᠪᠠᠶᠢᠭᠤᠯᠬᠤ ᠶᠢᠨ ᠬᠠᠮᠲᠤ ᠪᠣᠳᠠᠲᠤ ᠴᠣᠭᠴᠠᠵᠢᠭᠤᠯᠤᠨ ᠠᠵᠢᠯᠯᠠᠭᠤᠯᠪᠠ᠃ ᠠᠮᠤ ᠪᠤᠳᠠᠭ᠎ᠠ᠂ ᠮᠢᠬᠠᠨ ᠤ ᠵᠦᠢᠯ᠂ ᠦᠨᠢᠶᠡᠨ ᠰᠦ ᠶᠢᠨ ᠭᠠᠷᠤᠯᠲᠠ ᠲᠣᠰ ᠲᠣᠰ 58.89 ᠳ᠋ᠦᠩᠰᠢᠭᠤᠷ ᠵᠢᠩ᠂ 51.04 ᠲᠦᠮᠡᠨ ᠲᠣᠨ᠂ 134.95 ᠲᠦᠮᠡᠨ ᠲᠣᠨ ᠳᠤ ᠬᠦᠷᠴᠦ᠂ ᠪᠤᠭᠤᠳᠠᠢ᠂ ᠨᠡᠷᠡᠨ ᠬᠤᠸᠠᠷ ᠤᠨ ᠲᠠᠯᠠᠪᠠᠶ ᠨᠢᠭᠡᠴᠢ ᠶᠢᠨ ᠤᠨᠠᠯᠲᠠ ᠨᠢ ᠪᠦᠬᠦ ᠣᠷᠣᠨ ᠤ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠮᠠᠨ ᠤ ᠬᠤᠲᠠ ︽ᠳᠤᠮᠳᠠᠳᠤ ᠤᠯᠤᠰ ᠤᠨ ᠬᠤᠨᠢᠨ ᠤ ᠬᠤᠲᠠ︾ ︽ᠳᠤᠮᠳᠠᠳᠤ ᠤᠯᠤᠰ ᠤᠨ ᠡᠯᠡᠰᠦᠨ ᠴᠥᠯ ᠤᠨ ᠣᠷᠭᠠᠨᠢᠭ ᠰᠦ ᠶᠢᠨ ᠰᠠᠭᠤᠷᠢᠨ ᠭᠠᠵᠠᠷ︾ ᠤᠨ ᠴᠣᠯᠠ ᠭᠥᠷᠳᠡᠪᠡ᠃ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠨᠡᠶᠢᠲᠡ 22 ᠠᠵᠤ ᠠᠬᠤᠶᠢᠯᠠᠯ᠂ 132 ᠵᠦᠢᠯ ᠤᠨ ᠦᠢᠯᠡᠳᠬᠦᠨ ᠳᠤ ᠡᠷᠬᠡ ᠣᠯᠭᠤᠪᠠ᠃ ᠤᠯᠤᠰ ᠤᠨ ᠲᠠᠰ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ 1᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 20 ᠰᠢᠨ᠎ᠡ ᠪᠠᠷ ᠨᠡᠮᠡᠭᠳᠡᠭᠦᠯᠦᠨ᠂ ᠵᠢᠱᠢᠯᠲᠡ ᠪᠠᠷ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠤᠨ ᠨᠡᠮᠡᠭᠳᠡᠯ ᠥᠷᠲᠡᠭ 12.4% ᠨᠡᠮᠡᠭᠳᠡᠪᠡ᠃ ᠤᠯᠠᠭᠠᠨᠪᠤᠬ᠎ᠠ ᠶᠢᠨ ᠡᠯᠡᠰᠦᠨ ᠴᠦᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠵᠥᠪᠰᠢᠶᠡᠷᠡᠭᠳᠡᠨ ᠪᠠᠶᠢᠭᠤᠯᠤᠭᠳᠠᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠲᠣᠣᠷ ᠲᠤ ᠨᠡᠶᠢᠯᠡᠭᠦᠯᠦᠭᠰᠡᠨ ᠬᠡᠮᠵᠢᠶ᠎ᠡ 397.77 ᠲᠦᠮᠡᠨ ᠺᠢᠯᠣᠸᠠᠲ ᠬᠦᠷᠪᠡ᠃ 4A ᠳᠡᠰ ᠤᠨ ᠦᠵᠡᠮᠵᠢ ᠶᠢᠨ ᠣᠷᠣᠨ ᠢ 2 ᠰᠢᠨ᠎ᠡ ᠪᠠᠷ ᠨᠡᠮᠡᠭᠳᠡᠭᠦᠯᠵᠦ᠂ ᠬᠠᠲᠤᠨ ᠭᠤᠣᠯ ᠤᠨ ᠲᠣᠬᠤᠢ ᠶᠠᠪᠠᠭᠠᠨ ᠵᠡᠭᠡᠯᠢ ᠤᠯᠤᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠰᠣᠩᠭᠤᠭᠳᠠᠪᠠ᠃ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠵᠥᠪᠰᠢᠶᠡᠷᠡᠭᠰᠡᠨ ᠦᠷ᠎ᠡ ᠴᠥᠮ᠎ᠡ ᠶᠢᠨ ᠲᠦᠷᠦᠯ ᠤᠨ ᠦᠢᠯᠡᠳᠬᠦᠨ ᠤ ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠤᠨ ᠦᠨᠡᠯᠡᠬᠦ ᠰᠠᠭᠤᠷᠢᠨ ᠭᠠᠵᠠᠷ᠂ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃       ᠭᠤᠷᠪᠠ ᠳᠤ᠂ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠮᠠᠨ ᠤ ᠬᠤᠲᠠ ᠳᠤ ᠨᠤᠲᠤᠭᠰᠢᠵᠤ᠂ 56.29 ᠲᠦᠮᠡᠨ ᠮᠦ ᠶᠢᠨ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠤᠯᠠᠭᠠᠨᠰᠤᠬᠠᠢ ᠨᠠᠭᠤᠷ ᠤᠯᠤᠰ ᠤᠨ ᠴᠢᠬᠤᠯᠠ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ᠃ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠶ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢᠨ ᠲᠤᠷᠰᠢᠯᠲᠠ ᠶᠢᠨ ᠢᠨᠵᠧᠨᠧᠷᠢᠩ  ᠶᠡᠷᠦᠩᠬᠡᠢ ᠰᠢᠯᠭᠠᠨ ᠪᠠᠶᠢᠴᠠᠭᠠᠯᠲᠠ ᠶᠢ ᠥᠩᠭᠡᠷᠡᠭᠦᠯᠵᠦ᠂ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠵᠠᠩᠭᠢᠯᠠᠭ᠎ᠠ ᠶᠢᠨ ᠮᠡᠷᠭᠡᠵᠢᠯ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠵᠠᠰᠠᠨ ᠰᠡᠷᠭᠦᠭᠡᠵᠦ ᠰᠢᠨ᠎ᠡ ᠶᠢ ᠡᠭᠦᠳᠬᠦ ᠬᠡᠷᠡᠭᠯᠡᠭᠡᠨ ᠤ ᠮᠡᠷᠭᠡᠵᠢᠯ ᠤᠨ ᠨᠡᠷᠡᠰ ᠤᠨ ᠵᠢᠭᠰᠠᠭᠠᠯᠲᠠ ᠳᠤ ᠣᠷᠣᠵᠤ᠂ ᠤᠯᠠᠭᠠᠨᠪᠤᠬ᠎ᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠦᠬᠦ ᠤᠯᠤᠰ ᠤᠨ ᠠᠭᠤᠯᠠ ᠤᠰᠤ ᠣᠶ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠤᠨ ᠲᠦᠷᠦᠭᠦᠸ ᠪᠦᠯᠦᠭ ᠤᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠳᠤ ᠣᠷᠣᠪᠠ᠃ ᠪᠦᠬᠦ ᠵᠢᠯ ᠳᠤ 1.43 ᠳ᠋ᠦᠩᠰᠢᠭᠤᠷ ᠺᠦᠪ ᠮᠧᠲᠷ ᠤᠨ ᠲᠠᠷᠢᠶᠠᠯᠠᠩ ᠤᠨ ᠤᠰᠤ ᠠᠷᠪᠢᠯᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠦᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠵᠢᠱᠢᠶ᠎ᠡ ᠦᠵᠡᠭᠦᠯᠬᠦ ᠤᠰᠤᠯᠠᠯᠲᠠ ᠵᠢᠨ‌ᠣᠷᠣᠨ ᠢᠶᠠᠷ ᠦᠨᠡᠯᠡᠭᠳᠡᠵᠦ᠂ ᠲᠠᠷᠢᠶᠠᠯᠠᠩ ᠤᠨ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠯᠪᠠᠨ ᠭᠡᠷ ᠠᠴᠠ ᠨᠠᠶᠢᠷᠠᠭᠤᠯᠤᠨ ᠲᠠᠷᠬᠠᠭᠠᠵᠤ ᠲᠠᠨᠢᠯᠴᠠᠭᠤᠯᠪᠠ᠃ ᠠᠭᠠᠷ ᠤᠨ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 90.8% ᠳᠤ ᠬᠦᠷᠴᠦ᠂ ᠭᠠᠵᠠᠷ ᠳᠡᠭᠡᠷᠡᠬᠢ ᠤᠰᠤᠨ ᠤ ᠤᠯᠤᠰ ᠤᠨ ᠡᠵᠡᠮᠳᠡᠯ ᠤᠨ ᠣᠭᠲᠣᠯᠣᠭᠠᠰᠤ ᠶᠢᠨ ᠤᠰᠤᠨ ᠤ ᠴᠢᠨᠠᠷ ᠲᠣᠭᠲᠠᠭᠤᠨ ᠢᠶᠠᠷ ᠪᠠᠷᠢᠮᠵᠢᠶ᠎ᠠ ᠳᠤ ᠬᠥᠷᠪᠡ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠪᠡ᠃      ᠳᠥᠷᠪᠡ ᠳᠤ᠂ ᠥᠭᠡᠷᠡᠴᠢᠯᠡᠯᠲᠡ ᠨᠡᠭᠡᠭᠡᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 181 ᠵᠤᠷᠪᠤᠰ ᠪᠠ ᠮᠠᠨ ᠤ ᠬᠤᠲᠠ ᠶᠢᠨ 183 ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠶᠡᠷᠦᠩᠬᠡᠶᠢᠯᠡᠭᠰᠡᠨ ᠨᠢᠭᠡ ᠴᠣᠩᠬᠤ ︾ ᠶᠢᠨ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ 84.5% ᠳᠤ ᠬᠥᠷᠪᠡ᠃ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ︽ᠦᠨᠡᠮᠯᠡᠯ ᠬᠡᠷᠡᠭᠯᠡᠬᠦ ᠦᠭᠡᠢ ᠪᠠᠷ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡ ᠲᠤᠰ ᠲᠤᠰ 275᠂ 658 ᠳᠤ ᠬᠦᠷᠴᠦ᠂ ︽ᠨᠢᠭᠡ ᠤᠴᠢᠷ ᠢ ᠨᠢᠭᠡ ᠤᠳᠠᠭ᠎ᠠ ᠳᠤ ᠰᠢᠢᠳᠪᠦᠷᠢᠯᠡᠬᠦ︾ ᠡᠷᠴᠢᠮᠵᠢᠭᠦᠯᠦᠭᠰᠡᠨ ᠦᠢᠯᠡᠴᠢᠯᠡᠭᠡ ᠶᠢ 323 ᠳᠤ ᠬᠦᠷᠦᠭᠦᠯᠵᠦ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ 866 ᠪᠠᠶᠢᠭᠤᠯᠪᠠ᠃ ᠪᠥᠬᠦ ᠬᠤᠲᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 3.25 ᠲᠦᠮᠡᠨ ᠡᠷᠦᠬᠡ ᠰᠢᠨ᠎ᠡ ᠪᠠᠷ ᠪᠠᠶᠢᠭᠤᠯᠵᠤ᠂ 35.0% ᠢᠶᠠᠷ ᠨᠡᠮᠡᠭᠳᠡᠪᠡ᠃ ᠭᠠᠭᠴᠠᠮᠣᠳᠤ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3785.67 ᠲᠦᠮᠡᠨ ᠲᠣᠨ ᠳᠤ ᠬᠦᠷᠴᠦ᠂ 98.5% ᠪᠠᠷ ᠨᠡᠮᠡᠭᠳᠡᠵᠦ᠂ AGV  ᠶᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠦᠷᠦᠯ ᠵᠦᠢᠯ ᠪᠦᠬᠦ ᠤᠯᠤᠰ ᠤᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠡᠭᠦᠳᠦᠨ ᠪᠠᠶᠢᠭᠤᠯᠬᠤ ᠲᠦᠷᠦᠯ ᠵᠦᠢᠯ ᠳᠤ ᠰᠣᠩᠭᠤᠭᠳᠠᠪᠠ᠃ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠥᠷᠲᠡᠭ 437.10 ᠳ᠋ᠦᠩᠰᠢᠭᠤᠷ ᠲᠥᠭᠦᠷᠢᠭ ᠲᠤ ᠬᠦᠷᠴᠦ᠂ 22.2% ᠢᠶᠠᠷ ᠨᠡᠮᠡᠭᠳᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠥᠷᠲᠡᠭ 65.48 ᠳ᠋ᠦᠩᠰᠢᠭᠤᠷ ᠲᠥᠭᠦᠷᠢᠭ ᠲᠤ ᠬᠦᠷᠴᠦ᠂ 31.4% ᠪᠠᠷ ᠨᠡᠮᠡᠭᠳᠡᠵᠦ᠂ 15 ᠵᠢᠯ ᠳᠠᠷᠠᠭᠠᠯᠠᠨ ᠪᠦᠬᠦ ᠣᠷᠣᠨ ᠤ ᠨᠢᠭᠡᠳᠦᠭᠡᠷ ᠲᠤ ᠣᠷᠣᠪᠠ᠃       ᠲᠠᠪᠤ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ   ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ 380 ᠵᠦᠢᠯ ᠤᠨ ᠴᠢᠨᠠᠷ ᠰᠠᠶᠢᠲᠠᠢ ᠮᠠᠯ ᠲᠠᠷᠢᠶᠠᠯᠠᠩ  ᠤᠨ ᠪᠦᠲᠦᠭᠡᠭᠳᠡᠬᠦᠨ ᠨᠡᠶᠢᠰᠯᠡᠯ ᠤᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠲᠤ ᠪᠣᠷᠣᠯᠠᠭᠤᠯᠤᠭᠳᠠᠪᠠ᠃ ᠪᠠᠴᠢᠮ ᠳᠤᠲᠠᠭᠳᠠᠵᠤ ᠪᠠᠶᠢᠭ᠎ᠠ ᠳᠡᠭᠡᠳᠦ ᠴᠢᠳᠠᠪᠤᠷᠢᠲᠠᠨ ᠢ 124 ᠤᠷᠢᠨ ᠣᠷᠣᠭᠤᠯᠤᠨ ᠠᠪᠴᠢᠷᠠᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.6%  ᠳᠤ ᠬᠢᠵᠠᠭᠠᠷᠯᠠᠪᠠ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ 13 ᠰᠢᠨ᠎ᠡ ᠪᠠᠷ ᠪᠠᠶᠢᠭᠤᠯᠵᠤ᠂ ᠦᠷᠭᠦᠯᠵᠢᠯᠡᠨ ᠪᠠᠶᠢᠭᠤᠯᠵᠤ᠂ ᠡᠷᠳᠡᠮ ᠤᠨ ᠴᠣᠯᠠ ᠶᠢ 5400 ᠰᠢᠨ᠎ᠡ ᠪᠠᠷ ᠨᠡᠮᠡᠭᠳᠡᠭᠦᠯᠪᠡ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠵᠤ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠮᠠᠯᠵᠢᠬᠤ ᠲᠠᠷᠢᠶᠠᠯᠠᠬᠤ ᠣᠷᠣᠨ ᠤ 42586 ᠡᠷᠦᠬᠡ ᠶᠢᠨ ᠨᠡᠭᠦᠷᠡᠰᠦ ᠶᠢ ᠴᠠᠬᠢᠯᠭᠠᠨ  ᠪᠣᠯᠭᠠᠨ ᠥᠭᠡᠷᠡᠴᠢᠯᠡᠬᠦ ᠲᠥᠷᠥᠯ ᠵᠦᠢᠯ ᠢ ᠪᠡᠶᠡᠯᠡᠭᠦᠯᠵᠦ᠂ 19413 ᠢᠵᠢ ︽ᠲᠤᠰᠢᠶᠠᠬᠤ ᠪᠠᠲᠤᠯᠠᠭᠠᠲᠤ ᠠᠰᠠᠷ︾ ᠢ ᠲᠤᠰᠢᠶᠠᠨ ᠥᠭᠴᠦ᠂ 6643 ᠢᠵᠢ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠭᠡᠷ ᠪᠠᠶᠢᠰᠢᠩ᠂ 12764 ᠢᠵᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠪᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠶᠡᠷᠦᠩᠬᠡᠶᠢᠯᠡᠭᠰᠡᠨ ᠠᠶᠠᠨᠴᠢᠳ ᠤᠨ ᠲᠡᠭᠡᠭᠡᠪᠦᠷᠢ ᠶᠢᠨ ᠵᠠᠩᠭᠢᠯᠠᠭ᠎ᠠ ᠶᠢᠨ ᠭᠤᠣᠯ ᠴᠣᠭᠴᠠ ᠶᠢᠨ ᠠᠵᠢᠯ ᠳᠠᠭᠤᠰᠴᠤ᠂ ᠣᠯᠠᠨ ᠲᠦᠮᠡᠨ ᠤ ᠬᠦᠰᠡᠭᠡᠳ ᠤᠳᠠᠭᠰᠠᠨ ᠯᠢᠨ ᠾᠧ ᠠᠴᠠ ᠱᠠᠮᠪᠠ ᠬᠦᠷᠬᠦ ᠵᠠᠮ ᠤᠨ ᠥᠷᠭᠡᠳᠬᠡᠨ ᠥᠭᠡᠷᠡᠴᠢᠯᠡᠬᠦ ᠢᠨᠵᠧᠨᠧᠷᠢᠩ ᠠᠵᠢᠯ ᠳᠠᠭᠤᠰᠴᠤ ᠲᠡᠷᠭᠡ ᠨᠡᠪᠲᠡᠷᠡᠪᠡ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾᠂ ᠠᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠠᠨ ᠤ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠠᠯᠲᠠᠨ ᠮᠧᠳᠠᠯ ᠤᠨ ᠲᠤᠭ᠎ᠠ᠂ ᠮᠧᠳᠠᠯ ᠤᠨ ᠲᠤᠭ᠎ᠠ ᠴᠥᠮ ᠰᠢᠨ᠎ᠡ ᠥᠨᠳᠥᠷ ᠢ ᠡᠭᠦᠳᠪᠡ᠃ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠬᠦᠴᠦᠯᠡᠨ ᠠᠬᠢᠭᠤᠯᠵᠤ᠂ ︽ᠤᠮᠠᠷᠠᠲᠤ ᠬᠢᠯᠢ ᠶᠢᠨ ᠰᠣᠶᠣᠯ︾  ᠤᠨ ᠪᠠᠶᠢᠭᠤᠯᠤᠯᠲᠠ ᠶᠢ ᠪᠦᠲᠦᠮᠵᠢᠲᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠥᠰ ᠤᠨ ᠰᠡᠳᠬᠢᠯ ᠳᠤ ᠬᠠᠳᠠᠩᠰᠢᠭᠤᠯᠪᠠ᠃ ᠪᠥᠬᠦ ᠤᠯᠤᠰ ᠤᠨ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠶᠢᠭᠤᠯᠪᠠ᠃ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ᠂ ᠠᠳᠡᠭᠰᠡᠨ ᠬᠥᠮᠥᠨ ᠤ ᠲᠤᠭ᠎ᠠ ᠲᠤᠰ ᠲᠤᠰ 53.6%᠂ 64.3% ᠪᠠᠷ ᠪᠠᠭᠤᠷᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠯᠠᠪᠳᠠᠭᠤᠨ ᠢᠶᠠᠷ ᠠᠬᠢᠵᠤ᠂ ᠨᠡᠶᠢᠭᠡᠮ ᠤᠨ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠱᠠᠰᠢᠨ ᠰᠤᠷᠲᠠᠬᠤᠨ ᠡᠪ ᠨᠠᠶᠢᠷᠲᠠᠢ᠂ ᠨᠡᠶᠢᠭᠡᠮ ᠡᠶ᠎ᠡ ᠵᠣᠬᠢᠴᠠᠯ ᠲᠠᠢ᠂ ᠬᠢᠯᠢ ᠬᠢᠵᠠᠭᠠᠷ ᠠᠮᠤᠷ ᠲᠠᠶᠢᠪᠤᠩ ᠪᠠᠶᠢᠬᠤ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃       ᠵᠢᠷᠭᠤᠭ᠎ᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠠᠭᠤᠰᠤᠯᠴᠠᠭᠤᠯᠤᠨ ᠥᠷᠨᠢᠭᠦᠯᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ︽ᠬᠤᠶᠠᠷ ᠢ ᠲᠣᠭᠲᠠᠭᠠᠭᠰᠠᠨ︾  ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ  ᠢᠶᠠᠨ  ᠤᠯᠠᠮ  ᠨᠢᠭᠡ  ᠠᠯᠬᠤᠮ ᠴᠢᠩᠭᠠᠳᠬᠠᠬᠤ  ᠶᠢ  ᠡᠷᠡᠰ ᠪᠡᠶᠡᠯᠡᠭᠦᠯᠪᠡ᠃ ︽ᠳᠣᠯᠤᠭ᠎ᠠ ᠶᠢ ᠲᠠᠶᠠᠭᠳᠠᠬᠤ︾ ᠪᠠ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ᠲᠠᠪᠤᠨ ᠶᠡᠭᠡ ᠠᠵᠢᠯᠯᠠᠭ᠎ᠠ ︾ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠬᠦᠴᠦᠲᠡᠢ ᠠᠳᠬᠤᠨ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ᠂ ᠣᠯᠠᠨ ᠨᠡᠶᠢᠲᠡ ᠶᠢ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃ ᠪᠥᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ ᠣᠯᠵᠤ᠂ ︽ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠨ ᠬᠡᠷᠡᠭᠵᠢᠭᠦᠯᠪᠡ᠃ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 131 ᠬᠤᠪᠢ ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 209 ᠬᠤᠪᠢ ᠰᠠᠨᠠᠯ ᠳᠤᠷᠠᠳᠤᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ ᠬᠠᠷᠢᠭᠤᠯᠲᠠ ᠥᠭᠪᠡ᠃ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠠᠴᠢᠮ ᠬᠡᠷᠡᠭᠴᠡᠭᠡᠨ ᠤ ᠪᠤᠰᠤ᠂ ᠬᠠᠳᠠᠨ ᠴᠢᠨᠠᠷᠲᠠᠢ ᠪᠤᠰᠤ ᠵᠠᠷᠤᠯᠭ᠎ᠠ ᠶᠢ 2 ᠳ᠋ᠦᠩᠰᠢᠭᠤᠷ ᠲᠥᠭᠦᠷᠢᠭ ᠪᠠᠭᠠᠰᠬᠠᠨ᠎ᠠ᠃       ᠲᠥᠯᠥᠭᠡᠯᠡᠭᠴᠢᠳ ᠠ᠋︕ ᠲᠡᠮᠡᠴᠡᠯ ᠤᠨ ᠶᠠᠪᠤᠴᠠ ᠵᠣᠪᠠᠭᠤᠷᠢ ᠵᠦᠳᠡᠭᠦᠷᠢ ᠲᠠᠢ ᠪᠠᠶᠢᠵᠤ᠂ ᠦᠷ᠎ᠡ ᠪᠦᠲᠦᠭᠡᠯ ᠢ ᠣᠯᠣᠭᠰᠠᠨ ᠨᠢ ᠲᠤᠶᠢᠯ ᠤᠨ ᠬᠢᠯᠪᠠᠷ ᠪᠤᠰᠤ ᠶᠤᠮ᠃ ᠡᠳᠡᠭᠡᠷ ᠠᠮᠵᠢᠯᠲᠠ ᠶᠢ ᠣᠯᠣᠭᠰᠠᠨ ᠦᠨᠳᠦᠰᠦ ᠨᠢ ᠰᠢ ᠶᠢᠨ ᠫᠢᠩ ᠶᠡᠷᠦᠩᠬᠡᠢ ᠱᠦᠵᠢ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠤᠭᠰᠠᠨ ᠤ ᠬᠤᠪᠢ ᠳᠤ ᠤᠳᠤᠷᠢᠳᠤᠨ ᠵᠢᠯᠣᠭᠤᠳᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠠᠶᠢᠪᠤᠩ ᠪᠠᠶᠢᠵᠤ ᠴᠢᠳᠠᠨ᠎ᠠ᠂ ᠰᠠᠨᠠᠭᠠᠰᠢᠷᠠᠬᠤ ᠶᠢ ᠮᠡᠳᠡᠪᠡᠯ ᠰᠠᠶ᠋ᠢ ᠬᠦᠴᠢᠷ ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ᠃ ᠰᠢᠨ᠎ᠡ ᠠᠶᠠᠨ ᠵᠠᠮ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠨ᠎ᠠ᠃ ᠲᠤᠯᠭᠠᠷᠠᠵᠤ ᠪᠠᠶᠢᠭ᠎ᠠ ᠪᠠᠶᠢᠳᠠᠯ ᠠᠴᠠ ᠦᠵᠡᠪᠡᠯ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ᠂ ᠬᠤᠲᠠ ᠶᠢᠨ ᠬᠡᠪᠴᠢᠶᠡᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠪᠦᠲᠦᠴᠡ ᠶᠢᠨ ᠵᠦᠢ ᠵᠣᠬᠢᠰ ᠨᠢ ᠬᠦᠷᠦᠯᠴᠡᠬᠦ ᠦᠭᠡᠢ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠨᠢ ᠤᠳᠠᠭᠠᠨ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠭᠤᠷᠠᠢ᠂ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠠᠬᠢ ᠪᠢᠰᠢ ᠪᠠᠶᠢᠨ᠎ᠠ᠃ ᠬᠥᠭᠵᠢᠯᠲᠡ ᠶᠢᠨ ᠬᠥᠳᠡᠯᠭᠡᠬᠦ ᠬᠦᠴᠦᠨ ᠠᠴᠠ ᠦᠵᠡᠪᠡᠯ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠪᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠠᠴᠢᠶᠠᠯᠠᠬᠤ ᠴᠢᠳᠠᠪᠤᠷᠢ ᠬᠦᠷᠦᠯᠴᠡᠬᠦ ᠦᠭᠡᠢ᠂ ᠠᠵᠤ ᠠᠬᠤᠢ ᠶᠢᠨ ᠨᠡᠮᠡᠭᠳᠡᠯ ᠤᠨ ᠳᠣᠲᠣᠭᠠᠳᠤ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠪᠠᠰᠠ ᠦᠷᠭᠦᠯᠵᠢᠯᠡᠨ ᠭᠦᠨᠵᠡᠭᠡᠶᠢᠷᠡᠭᠦᠯᠬᠦ ᠴᠢᠬᠤᠯᠠᠲᠠᠢ ᠪᠠᠶᠢᠨ᠎ᠠ᠃ ᠬᠥᠭᠵᠢᠯᠲᠡ ᠶᠢᠨ ᠣᠷᠴᠢᠨ ᠠᠴᠠ ᠦᠵᠡᠪᠡᠯ᠂ ᠠᠮᠢ ᠠᠬᠤᠢ ᠶᠢᠨ ᠣᠷᠴᠢᠨ ᠲᠣᠭᠤᠷᠢᠨ ᠤ ᠰᠠᠭᠤᠷᠢ ᠬᠡᠪᠡᠷᠡᠭ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠪᠠᠰᠠ ᠴᠥᠭᠡᠨ ᠪᠤᠰᠤ ᠵᠢᠮᠡᠯᠡᠭᠦᠯᠬᠦ ᠭᠠᠵᠠᠷ ᠪᠠᠶᠢᠵᠤ᠂ ᠮᠥᠨ ᠴᠢᠨᠠᠷ ᠤᠨ ᠠᠮᠤᠷ ᠲᠦᠪᠰᠢᠨ ᠤ ᠰᠠᠭᠤᠷᠢ ᠪᠠᠰᠠ ᠪᠠᠲᠤ ᠪᠠᠬᠢ ᠪᠢᠰᠢ ᠪᠠᠶᠢᠵᠤ᠂ ᠡᠳ᠋ ᠤᠨ ᠵᠠᠰᠠᠭ ᠮᠥᠩᠭᠦᠨ ᠭᠦᠢᠯᠭᠡᠭᠡ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠬᠦᠷᠢᠶᠡᠨ ᠤ ᠲᠦᠭᠰᠢᠭᠦᠷᠢ ᠶᠢᠨ ᠬᠡᠮ ᠰᠣᠭᠤᠭ ᠢ ᠮᠥᠨ ᠬᠦ ᠣᠮᠲᠣᠭᠠᠶᠢᠯᠠᠵᠤ ᠪᠣᠯᠣᠰᠢ ᠦᠭᠡᠢ ᠪᠠᠶᠢᠭᠰᠠᠭᠠᠷ᠃ ᠤᠯᠠᠨ ᠨᠡᠶᠢᠲᠡ ᠶᠢᠨ ᠦᠢᠯᠡᠴᠢᠯᠡᠭᠡ ᠠᠴᠠ ᠦᠵᠡᠪᠡᠯ᠂ ᠬᠠᠩᠭᠠᠯᠭ᠎ᠠ ᠶᠢᠨ ᠲᠦᠪᠰᠢᠨ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠷᠢ ᠰᠢᠷᠢ ᠨᠡᠯᠢᠶᠡᠳ ᠤᠯᠠᠨ ᠪᠠᠶᠢᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠠᠵᠢᠯ ᠤᠨ ᠨᠠᠶᠢᠳᠠᠪᠤᠷᠢᠵᠢᠭᠤᠯᠤᠯᠲᠠ ᠠᠴᠠ ᠦᠵᠡᠪᠡᠯ᠂ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠬᠢᠷᠠᠭᠤᠯᠤᠭᠰᠠᠨ 166 ᠠᠵᠢᠯ  ᠠᠴᠠ ︽ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠠᠶᠠᠨᠨᠠᠭᠤᠷ ᠥᠷᠲᠡᠭᠡ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ᠂ ᠡᠳᠦᠷ ᠲᠤ 2000 ᠲᠣᠨ ᠴᠠᠭᠠᠨ ᠢᠳᠡᠭᠡ ᠡᠳ᠋ᠰᠢᠭᠦᠯᠬᠦ ᠲᠥᠷᠥᠯ ᠵᠦᠢᠯ ᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠪᠰᠤᠷᠤᠨ ᠵᠢᠯᠤᠭᠤᠳᠴᠤ ᠳᠠᠩᠰᠠᠯᠠᠭᠤᠯᠤᠭᠰᠠᠨ 2 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ︾ 3 ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠳᠡᠶᠢᠯᠦᠭᠰᠡᠨ ᠦᠭᠡᠢ᠃ ᠠᠵᠢᠯ ᠤᠨ ᠴᠢᠳᠠᠪᠤᠷᠢ ᠠᠴᠠ ᠦᠵᠡᠪᠡᠯ᠂ ᠵᠠᠷᠢᠮ ᠺᠠᠳ᠋ᠷ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠡᠳᠬᠢᠮᠵᠢ ᠪᠠᠰᠠ ᠲᠡᠶᠢᠮᠦ ᠥᠷᠭᠡᠨ ᠪᠢᠰᠢ ᠪᠠᠶᠢᠵᠤ᠂ ᠰᠢᠰᠲ᠋ᠧᠮ ᠲᠠᠢ ᠰᠡᠳᠬᠢᠬᠦᠢ ᠪᠠᠷ ᠤᠴᠢᠷ ᠶᠠᠪᠤᠳᠠᠯ ᠢ ᠪᠣᠳᠣᠯᠬᠢᠯᠠᠬᠤ᠂ ᠪᠤᠰᠤᠳᠴᠢ ᠵᠢᠮ᠎ᠡ ᠶᠣᠰᠣ ᠪᠠᠷ ᠠᠵᠢᠯ ᠶᠠᠪᠤᠳᠠᠯ ᠭᠦᠢᠴᠡᠳᠬᠡᠬᠦ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠭᠦᠨ ᠤ ᠲᠤᠬᠠᠢ ᠪᠢᠳᠡ ᠶᠠᠭ ᠠᠷᠭ᠎ᠠ ᠬᠡᠮᠵᠢᠶ᠎ᠡ ᠠᠪᠴᠤ ᠵᠣᠷᠢᠭ ᠰᠢᠭᠤᠳᠤᠨ ᠰᠢᠢᠳᠪᠦᠷᠢᠯᠡᠵᠦ ᠪᠠᠶᠢᠨ᠎ᠠ᠃       ᠬᠤᠶᠠᠷ᠂ 2024 ᠣᠨ ᠤ ᠠᠵᠢᠯ ᠤᠨ ᠭᠤᠣᠯᠳᠠᠯᠭ᠎ᠠ       2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ᠮᠥᠨᠴᠦ ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ ᠶᠡᠭᠡ ᠤᠯᠤᠰ ᠲᠦᠷᠦ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠡᠭᠦᠳᠦᠨ᠎ᠡ᠃       ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠯᠠᠪᠳᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠤᠨ᠂ ︽ᠲᠠᠪᠤᠨ ᠥᠨᠳᠥᠷ ᠲᠠᠪᠤᠨ ᠣᠷᠣᠨ︾ ᠢ ᠪᠦᠲᠦᠭᠡᠨ ᠪᠠᠶᠢᠭᠤᠯᠵᠤ᠂ ᠠᠵᠤ ᠠᠬᠤᠢ ᠶᠢᠨ ᠴᠢᠨᠠᠷᠲᠠᠢ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶ᠎ᠡ  ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠳᠠᠪᠰᠢᠨ ᠣᠷᠣᠬᠤ︾ ᠳᠤ ᠦᠢᠯᠡᠴᠢᠯᠡᠵᠦ᠂ ᠪᠠᠶᠠᠨᠨᠠᠭᠤᠷ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃       ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ  ᠤ ᠦᠢᠯᠡᠳᠪᠦᠷᠢᠯᠡᠯ  ᠤᠨ ᠶᠡᠷᠦᠩᠬᠡᠢ ᠥᠷᠳᠡᠭ ᠢ 6% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 5.5% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6%᠂ 8% ᠣᠷᠴᠢᠮ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠯᠠᠬᠤ ᠴᠢᠨᠠᠷᠲᠠᠢ ᠭᠦᠢᠴᠡᠳᠬᠡᠬᠦ ᠲᠤᠭ᠎ᠠ ᠪᠣᠯᠣᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃       ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄       ︵ᠨᠢᠭᠡ︶ ᠴᠢᠩᠭ᠎ᠠ ᠬᠠᠮᠠᠭᠠᠯᠠᠵᠤ᠂ ᠵᠠᠰᠠᠬᠤ ᠳᠠᠭᠠᠨ ᠴᠢᠳᠠᠮᠠᠭᠠᠢ ᠪᠠᠶᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ︽ᠵᠢᠷᠭᠤᠭᠠᠨ ᠲᠠᠯᠠᠪᠤᠷ ᠤᠨ ᠠᠮᠢ ᠠᠬᠤᠢ ᠶᠢᠨ ᠵᠠᠰᠠᠯᠲᠠ ᠬᠠᠮᠠᠭᠠᠯᠠᠯᠲᠠ  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠭᠦᠨᠵᠡᠭᠡᠢ ᠰᠠᠶᠢᠲᠤᠷ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠪᠣᠯᠣᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ ᠪᠠᠶᠢᠭᠤᠯᠤᠨ᠎ᠠ᠃       ᠬᠠᠲᠤᠨ ᠭᠤᠣᠯ ᠤᠨ ︽几ᠦᠰᠦᠭ ᠤᠨ ᠲᠣᠬᠤᠢ︾ ᠶᠢᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ ᠲᠥᠷᠥᠯ ᠵᠦᠢᠯ ᠢ ᠡᠬᠢᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 300 ᠲᠦᠮᠡᠨ ᠮᠦ ᠪᠡᠶᠡᠯᠡᠭᠦᠯᠦᠨ᠎ᠡ᠃ ᠡᠯᠡᠰᠦᠷᠬᠡᠭᠵᠢᠬᠦ ᠶᠢ ᠰᠡᠷᠭᠡᠶᠢᠯᠡᠵᠦ   ᠡᠯᠡᠰᠦ ᠶᠢ ᠵᠠᠰᠠᠬᠤ ︽ᠳ᠋ᠧᠩᠺᠸᠦ ᠶᠢᠨ ᠵᠠᠭᠪᠤᠷ︾ ᠢ ᠳ᠋ᠦᠩᠨᠡᠨ ᠳᠡᠯᠭᠡᠷᠡᠭᠦᠯᠵᠦ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠰᠠᠶᠢᠲᠤᠷ ᠠᠳᠬᠤᠵᠤ᠂ ᠤᠯᠠᠭᠠᠨᠪᠤᠬ᠎ᠠ ᠶᠢᠨ ᠡᠯᠡᠰᠦᠨ ᠴᠥᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠬᠡᠷᠡᠯ ᠴᠡᠨᠡᠭ᠂ ᠮᠧᠩ ᠨᠧᠩ 460 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠰᠠᠯᠬᠢ ᠴᠠᠬᠢᠯᠭᠠᠨ ᠬᠡᠷᠡᠯ ᠴᠡᠨᠡᠭ ᠢ ᠪᠠᠶᠢᠭᠤᠯᠤᠨ ᠲᠣᠣᠷ ᠲᠤ ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠰᠦ᠋ ᠵᠢᠢ  ᠶᠢᠨ ᠡᠯᠡᠰᠦᠷᠬᠡᠭ ᠭᠠᠵᠠᠷ ᠤᠨ 200 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠬᠡᠷᠡᠯ ᠴᠡᠨᠡᠭ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠢᠯᠤᠭᠤᠳᠬᠤ ᠰᠠᠭᠤᠷᠢ ᠮᠥᠩᠭᠦ  ᠶᠢ ᠣᠯᠬᠤ ᠪᠠᠷ ᠢᠳᠡᠪᠬᠢᠲᠡᠢ ᠴᠢᠷᠮᠠᠶᠢᠵᠤ ᠂  ︽  ᠠᠵᠢᠯ  ᠣᠯᠭᠤᠬᠤ  ᠪᠠᠷ ᠲᠡᠳᠬᠦᠮᠵᠢ ᠶᠢ ᠣᠷᠣᠯᠠᠭᠤᠯᠬᠤ︾ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠬᠢᠭᠡᠳ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠤᠨ᠎ᠠ᠃ ᠰᠢᠨᠬᠤᠸᠠ ᠤᠢ ᠰᠢᠭᠤᠢ ᠶᠢᠨ ᠲᠠᠯᠠᠪᠠᠢ ᠵᠡᠷᠭᠡ ᠪᠦᠬᠦ ᠤᠯᠤᠰ ᠤᠨ ᠲᠤᠷᠰᠢᠯᠲᠠ ᠶᠢᠨ ᠴᠡᠭ ᠤᠨ 6 ᠤᠢ ᠰᠢᠭᠤᠢ ᠶᠢᠨ ᠲᠠᠯᠠᠪᠠᠢ ᠶᠢ ᠪᠦᠲᠦᠭᠡᠨ ᠪᠠᠶᠢᠭᠤᠯᠤᠨ᠎ᠠ᠃       ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠠᠵᠢᠯ ᠢ ᠡᠷᠡᠰ ᠰᠠᠶᠢᠲᠤᠷ ᠠᠳᠬᠤᠨ᠎ᠠ᠃ ᠬᠠᠲᠤᠨ ᠭᠤᠣᠯ ᠤᠨ ᠭᠤᠣᠯ ᠤᠨ ᠵᠠᠮ ᠪᠣᠯᠣᠨ ᠲᠠᠩ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠢᠳᠡᠭᠵᠢᠭᠦᠯᠵᠦ᠂ ᠵᠠᠰᠠᠯᠲᠠ ᠶᠢᠨ ᠮᠡᠷᠭᠡᠵᠢᠯ ᠤᠨ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠣᠯᠠᠨ ᠡᠬᠢᠲᠦ ᠪᠠ ᠳᠣᠲᠣᠭᠠᠳᠤ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠡᠨᠡᠬᠦ ︽ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ︾  ᠢ ᠡᠷᠡᠰ ᠰᠠᠬᠢᠨ ᠬᠠᠮᠠᠭᠠᠯᠠᠨ᠎ᠠ᠃ ᠪᠣᠷᠣᠳᠣᠬᠤᠢ ᠶᠢᠨ ᠲᠠᠯ᠎ᠠ ᠭᠠᠵᠠᠷ ᠤᠨ ᠨᠤᠭᠤ ᠭᠠᠵᠠᠷ ᠪᠠ ᠪᠠᠶᠢᠭᠠᠯᠢ ᠶᠢᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠵᠦ᠂ ᠨᠤᠭᠤ ᠭᠠᠵᠠᠷ ᠲᠤ ᠤᠰᠤ ᠨᠥᠬᠦᠪᠦᠷᠢᠯᠡᠬᠦ ᠪᠠ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠡᠳᠦ ᠮᠠᠯᠵᠢᠬᠤ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠨ᠎ᠡ᠃       ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠪᠣᠯᠣᠳ ᠲᠡᠮᠦᠷ᠂ ᠬᠡᠦᠷᠰᠢᠭᠦᠯᠦᠯᠲᠡ᠂ ᠱᠦᠢᠨᠢ ᠵᠡᠷᠭᠡ ᠠᠵᠢᠯ ᠲᠦᠷᠦᠯ ᠤᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠ ᠠᠭᠠᠷ ᠤᠨ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ    ᠬᠠᠷᠢᠴᠠᠯ ᠤᠨ ᠬᠠᠷᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠤᠲᠠ ᠪᠠᠯᠭᠠᠰᠤ ᠪᠠ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠡᠪᠡᠷᠰᠢᠭᠦᠯᠦᠭᠰᠡᠨ ᠤᠰᠤᠨ ᠤ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠤᠷᠮ᠎ᠠ ᠶᠢ ᠴᠥᠮ 42.5% ᠳᠤ ᠬᠦᠷᠭᠡᠨ᠎ᠡ᠃ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠬᠤᠯᠪᠣᠯᠳᠤᠭᠤᠯᠬᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠲᠠᠭᠤ ᠱᠤᠤᠭᠢᠶᠠᠨ ᠢᠶᠠᠷ ᠠᠷᠠᠳ ᠢ ᠦᠢᠮᠡᠭᠦᠯᠬᠦ ᠠᠰᠠᠭᠤᠳᠠᠯ ᠢ ᠰᠢᠢᠳᠪᠦᠷᠢᠯᠡᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃      ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡᠲᠦ ᠬᠥᠭᠵᠢᠯᠲᠡ ᠶᠢ ᠶᠡᠬᠡᠪᠡᠷ ᠰᠠᠨᠠᠭᠠᠴᠢᠯᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ︽ᠬᠤᠶᠠᠷ ᠥᠨᠳᠥᠷ ᠨᠢᠭᠡ ᠳᠣᠣᠷ᠎ᠠ︾ ᠲᠥᠷᠥᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 91 ᠡᠷᠦᠬᠡ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠪᠡᠶᠡᠯᠡᠭᠦᠯᠵᠦ᠂ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢ 10 ᠠᠴᠠ ᠳᠡᠭᠡᠭᠰᠢ ᠡᠭᠦᠳᠦᠨ ᠪᠠᠶᠢᠭᠤᠯᠤᠨ᠎ᠠ᠃ ᠬᠥᠬᠡ ᠠᠭᠤᠯᠠ ᠬᠥᠬᠡᠮᠳᠦᠭ ᠤᠰᠤ ᠶᠢ ᠠᠯᠳᠠᠨ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠢᠯᠡᠷᠡᠭᠦᠯᠬᠦ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠳᠥᠭᠦᠮ ᠪᠥᠭᠡᠳ ᠵᠣᠬᠢᠰᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠡᠷᠡᠭᠦᠯ ᠠᠮᠢᠳᠤᠷᠠᠯ ᠤᠨ ᠣᠨᠣᠯᠵᠢᠬᠤᠨ ᠪᠠ ᠬᠡᠷᠡᠭᠯᠡᠭᠡᠨ ᠤ ᠠᠷᠭ᠎ᠠ ᠮᠠᠶ᠋ᠢᠭ ᠢ ᠰᠠᠨᠠᠭᠠᠴᠢᠯᠠᠨ᠎ᠠ᠃       ︵ᠬᠤᠶᠠᠷ︶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠡᠰᠢᠲᠦ ᠬᠥᠭᠵᠢᠯᠲᠡ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ᠃ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠬᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠶᠠᠨ ᠬᠠᠳᠠᠨ ᠴᠢᠨᠠᠷ ᠲᠠᠢ᠂ ᠲᠡᠷᠢᠭᠦᠨ ᠤ ᠪᠥᠭᠡᠳ ᠨᠠᠶᠢᠳᠠᠪᠤᠷᠢᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠵᠤ ᠦᠢᠯᠡᠰ ᠤᠨ ᠪᠣᠬᠢᠷᠲᠤᠯ ᠦᠭᠡᠢ᠂ ᠬᠡᠯᠪᠡᠷᠢ ᠪᠠᠨ ᠬᠤᠪᠢᠷᠠᠭᠤᠯᠬᠤ ᠬᠤᠰᠢᠭᠤᠴᠢ ᠣᠷᠣᠨ ᠢ ᠲᠦᠷᠭᠡᠪᠴᠢᠯᠡᠨ ᠪᠠᠶᠢᠭᠤᠯᠤᠨ᠎ᠠ᠃       ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠨ᠎ᠠ᠃ ᠬᠤᠯᠠ ᠣᠶᠢᠷ᠎ᠠ ᠶᠢ ᠤᠶᠠᠯᠳᠤᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ  ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠬᠠᠳᠠᠨ ᠴᠢᠨᠠᠷᠲᠠᠢ ᠨᠡᠮᠡᠭᠳᠡᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠤᠯᠠᠨ ᠠᠷᠭ᠎ᠠ ᠵᠠᠮ ᠢᠶᠠᠷ ᠣᠷᠣᠭᠤᠯᠤᠯᠲᠠ ᠬᠢᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠪᠦᠬᠦ ᠨᠡᠶᠢᠭᠡᠮ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢ 22% ᠠᠴᠠ ᠳᠡᠭᠡᠭᠰᠢ ᠨᠡᠮᠡᠭᠳᠡᠭᠦᠯᠦᠨ᠎ᠡ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠶᠠᠨᠨᠠᠭᠤᠷ ᠤᠨ ᠰᠤᠳᠤᠯᠭᠠᠨ ᠤ ᠬᠦᠷᠢᠶᠡᠯᠡᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠤᠨ ᠤᠰᠤ ᠠᠷᠪᠢᠯᠠᠬᠤ᠂ ᠭᠠᠵᠠᠷ ᠤᠨ ᠬᠦᠴᠦᠨ ᠢ ᠳᠡᠭᠡᠭᠰᠢᠯᠡᠭᠦᠯᠬᠦ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠬᠦᠷᠢᠶᠡᠨ ᠳᠤ ᠲᠥᠪᠯᠡᠷᠡᠭᠦᠯᠵᠦ᠂ ᠠᠯᠠᠰᠢᠨ ᠬᠤᠨᠢ᠂ ᠪᠤᠭᠤᠳᠠᠢ᠂ ᠡᠷᠳᠡᠨᠢ ᠰᠢᠰᠢ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ ᠨᠢᠭᠡ ᠪᠦᠯᠦᠭ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠡᠷᠡᠭᠵᠢᠭᠦᠯᠵᠦ᠂ ᠮᠡᠷᠭᠡᠵᠢᠯ ᠤᠨ ᠠᠷᠠᠯᠵᠢᠶ᠎ᠠ ᠶᠢᠨ ᠲᠤᠭ᠎ᠠ ᠬᠡᠮᠵᠢᠶ᠎ᠡ ᠪᠠ ᠠᠷᠠᠯᠵᠢᠶ᠎ᠠ ᠶᠢᠨ ᠥᠷᠲᠡᠭ ᠢ 20% ᠠᠴᠠ ᠳᠡᠭᠡᠭᠰᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠲᠣᠯᠣᠭᠠᠶᠢᠯᠠᠬᠤ ᠠᠵᠤ ᠠᠬᠤᠶᠢᠯᠠᠯ᠂ ᠬᠡᠯᠬᠢᠶᠡᠨ ᠤ ᠭᠤᠣᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ  ᠶᠢ ᠬᠠᠮᠲᠤᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠯᠣᠭᠠᠶᠢᠯᠠᠬᠤ ᠠᠵᠤ ᠠᠬᠤᠶᠢᠯᠠᠯ ᠤᠨ ᠬᠤᠭᠤᠰᠣᠨ ᠢ ᠨᠥᠬᠦᠬᠦ  ᠶᠢ ᠰᠢᠪᠲᠤᠯᠬᠤ ᠶᠢ ᠴᠢᠷᠮᠠᠶᠢᠨ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ 100 ᠶᠢ ᠳᠠᠪᠠᠵᠤ᠂ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ 120 ᠶᠢ ᠳᠠᠪᠠᠨ᠎ᠠ᠃ ᠴᠢᠳᠠᠪᠤᠷᠢᠲᠠᠨ ᠢ ᠤᠷᠢᠵᠤ ᠣᠷᠣᠭᠤᠯᠤᠨ ᠬᠥᠮᠥᠵᠢᠭᠦᠯᠬᠦ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷᠠᠴᠤᠤᠯ ᠪᠠ ᠣᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ  ᠠᠴᠠ ᠪᠠᠨ ᠦᠢᠯᠡᠴᠢᠯᠡᠬᠦ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠤᠨ᠂ ᠴᠢᠳᠠᠪᠤᠷᠢᠲᠠᠨ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠨᠠᠩ ᠣᠯᠠᠨ ᠣᠶᠤᠲᠠᠳ ᠢ ︽ᠪᠠᠶᠠᠨᠨᠠᠭᠤᠷ ᠲᠠᠭᠠᠨ ᠬᠠᠷᠢᠵᠤ ᠪᠠᠶᠠᠨᠨᠠᠭᠤᠷ ᠲᠤ ᠢᠷᠡᠵᠦ︾ ᠠᠵᠢᠯ ᠣᠯᠵᠤ ᠠᠳᠠᠯ ᠦᠢᠯᠡᠰ ᠴᠣᠭᠴᠠᠯᠠᠨ᠂ ᠨᠠᠩ ᠣᠯᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠨ ᠣᠷᠣᠭᠤᠯᠵᠤ  ᠬᠥᠮᠦᠵᠢᠭᠦᠯᠵᠦ ᠪᠠᠶᠠᠨᠨᠠᠭᠤᠷ ᠢ ᠪᠦᠲᠦᠭᠡᠨ ᠪᠠᠶᠢᠭᠤᠯᠤᠨ᠎ᠠ᠃       ᠲᠦᠷᠦᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠳᠡᠭᠡᠷ᠎ᠡ ᠬᠦᠴᠦ ᠲᠠᠯᠪᠢᠨ᠎ᠠ᠃ ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠵᠦ᠂ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠮᠥᠷᠳᠡᠨ ᠦᠢᠯᠡᠴᠢᠯᠡᠬᠦ ᠲᠣᠭᠲᠠᠴᠠ ᠶᠢ ᠪᠦᠷᠢᠨᠰᠢᠭᠦᠯᠵᠦ᠂ ᠪᠥᠬᠦ ᠵᠢᠯ ᠳᠤ 172 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ 450 ᠳ᠋ᠦᠩᠰᠢᠭᠤᠷ ᠲᠥᠭᠦᠷᠢᠭ ᠠᠴᠠ ᠳᠡᠭᠡᠭᠰᠢ  ᠪᠡᠶᠡᠯᠡᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠠᠳᠬᠤᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠨᠢᠭᠡ ᠪᠦᠯᠦᠭ ᠠᠵᠤ ᠦᠢᠯᠡᠰ ᠢ ᠬᠦᠴᠦᠷᠬᠡᠭᠵᠢᠭᠦᠯᠬᠦ᠂ ᠠᠯᠤᠰ ᠬᠡᠲᠦ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠠᠶᠢᠨ ᠲᠥᠷᠥᠯ ᠵᠦᠢᠯ ᠢ ᠨᠠᠷᠢᠨ ᠨᠢᠮᠪᠠᠢ ᠲᠥᠯᠥᠪᠯᠡᠨ᠎ᠡ᠃ ᠠᠷᠠᠯᠵᠢᠶᠠᠴᠢᠨ ᠤᠷᠢᠬᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠤᠶ ᠪᠣᠯᠭᠠᠵᠤ᠂ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠪᠣᠯᠣᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠬᠠᠨᠳᠤᠯᠭ᠎ᠠ ᠲᠠᠢ ᠪᠠᠷ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠵᠤ᠂ ᠪᠥᠬᠦ ᠵᠢᠯ ᠳᠤ ᠣᠷᠣᠭᠤᠯᠤᠨ ᠠᠪᠴᠢᠷᠠᠵᠤ  ᠪᠠᠶᠢᠷᠢᠨ ᠳᠤ ᠬᠦᠷᠦᠭᠰᠡᠨ ᠪᠡᠯᠡ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠢ ᠪᠦᠬᠦ ᠲᠠᠯ᠎ᠠ  ᠪᠠᠷ ᠳᠡᠭᠡᠭᠰᠢᠯᠡᠭᠦᠯᠵᠦ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ᠂ ᠠᠵᠢᠯ ᠳᠠᠭᠤᠰᠬᠠᠭᠰᠠᠨ ᠨᠣᠷᠮ᠎ᠠ ᠪᠣᠯᠣᠨ ᠪᠡᠯᠡ ᠮᠥᠩᠭᠦ ᠶᠢᠨ ᠪᠣᠳᠠᠲᠠᠶᠢᠵᠢᠭᠤᠯᠤᠭᠰᠠᠨ ᠨᠣᠷᠮ᠎ᠠ ᠶᠢ ᠴᠥᠮ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠭᠤᠯᠤᠨ᠎ᠠ᠃       ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠳᠡᠭᠡᠷ᠎ᠡ ᠬᠦᠴᠦ ᠲᠠᠯᠪᠢᠨ᠎ᠠ᠃ ᠳᠡᠭᠡᠳᠦ ᠦᠵᠦᠭᠦᠷᠴᠢᠯᠡᠬᠦ᠂ ᠣᠶᠤᠨᠴᠢᠯᠠᠬᠤ᠂ ᠪᠣᠬᠢᠷᠲᠤᠯ ᠦᠭᠡᠢ ᠶᠢ ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠮᠵᠢᠶ᠎ᠡ ᠶᠢ ᠥᠷᠭᠡᠳᠬᠡᠬᠦ᠂ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ︽ᠬᠡᠯᠪᠡᠷᠢ ᠪᠠᠨ ᠬᠤᠪᠢᠷᠠᠭᠤᠯᠤᠨ ᠥᠭᠡᠷᠡᠴᠢᠯᠡᠬᠦ︾ ᠶᠢ ᠲᠦᠯᠬᠢᠨ ᠠᠬᠢᠭᠤᠯᠵᠤ᠂ ᠲᠣᠭᠠᠴᠢᠯᠠᠭᠰᠠᠨ ᠣᠶᠤᠨᠲᠤ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ ᠢ ᠥᠷᠭᠡᠨ ᠢᠶᠠᠷ ᠬᠡᠷᠡᠭᠵᠢᠭᠦᠯᠦᠨ᠂ ᠡᠨᠧᠷᠭᠢ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠲᠣᠭᠠᠴᠢᠯᠠᠵᠤ ᠬᠦᠴᠦᠨ ᠨᠡᠮᠡᠷᠢᠯᠡᠬᠦ᠂ ᠲᠥᠬᠦᠭᠡᠷᠦᠮᠵᠢ ᠶᠢ ᠰᠢᠨᠡᠳᠬᠡᠬᠦ᠂ ᠤᠷᠠᠯᠠᠯ ᠢ ᠲᠠᠰ ᠳᠡᠪᠰᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠣᠨᠴᠠᠯᠢᠭᠲᠤ ᠠᠵᠤ ᠦᠢᠯᠡᠰ ᠤᠨ ︽ᠴᠢᠨᠠᠷ ᠢ ᠳᠡᠭᠡᠭᠰᠢᠯᠡᠭᠦᠯᠦᠨ ᠲᠥᠪᠯᠡᠷᠡᠭᠦᠯᠦᠨ ᠬᠤᠪᠢᠷᠠᠭᠤᠯᠬᠤ︾ ᠶᠢ ᠲᠦᠯᠬᠢᠨ ᠠᠬᠢᠭᠤᠯᠵᠤ᠂ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠬᠤ᠂ ᠬᠡᠯᠬᠢᠶ᠎ᠡ ᠶᠢ ᠤᠷᠲᠤᠳᠬᠠᠬᠤ᠂ ᠬᠡᠪᠴᠢᠶ᠎ᠡ ᠶᠢ ᠥᠷᠭᠡᠳᠬᠡᠬᠦ᠂ ᠰᠦᠷᠦᠭᠵᠢᠯ ᠢ ᠴᠢᠩᠭᠠᠳᠬᠠᠬᠤ ᠶᠢᠨ ᠲᠣᠭᠤᠷᠢᠨ ᠳᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠦᠨ  ᠪᠣᠯᠪᠠᠰᠤᠷᠠᠭᠤᠯᠬᠤ ᠶᠢ ᠨᠠᠷᠢᠯᠢᠭ ᠰᠢᠯᠢᠳᠡᠭ ᠬᠢᠵᠦ᠂ ᠨᠡᠮᠡᠭᠳᠡᠯ ᠥᠷᠲᠡᠭ ᠢ 10% ᠠᠴᠠ ᠳᠡᠭᠡᠭᠰᠢ ᠨᠡᠮᠡᠭᠳᠡᠭᠦᠯᠦᠨ᠎ᠡ᠃ ︽ᠭᠤᠷᠪᠠᠨ ᠬᠤᠨᠢ︾ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ︽ᠳᠤᠮᠳᠠᠳᠤ ᠤᠯᠤᠰ ᠤᠨ ᠬᠤᠨᠢᠨ ᠤ ᠬᠤᠲᠠ︾ ᠶᠢᠨ ᠰᠦᠷᠦᠭᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠣᠣᠯᠣᠭᠤᠷ ᠡᠳ᠋ᠰᠢᠭᠦᠯᠬᠦ ᠶᠢ ᠰᠢᠯᠢᠳᠡᠭᠵᠢᠭᠦᠯᠦᠨ ᠨᠡᠶᠢᠳᠬᠡᠬᠦ᠂ ᠬᠤᠨᠢᠨ ᠨᠣᠣᠰᠣ ᠡᠳ᠋ᠰᠢᠭᠦᠯᠬᠦ ᠴᠢᠳᠠᠪᠬᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ᠂ ᠬᠤᠨᠢᠨ ᠠᠷᠠᠰᠤ ᠡᠳ᠋ᠰᠢᠭᠦᠯᠵᠦ ᠪᠣᠯᠪᠠᠰᠤᠷᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠴᠢᠨᠠᠷ ᠰᠠᠶᠢᠲᠠᠢ ᠨᠣᠣᠯᠣᠭᠤᠷ ᠦᠢᠯᠡᠳᠪᠦᠷᠢᠯᠡᠬᠦ ᠰᠠᠭᠤᠷᠢᠨ ᠭᠠᠵᠠᠷ᠂ ᠪᠦᠬᠦ ᠤᠯᠤᠰ ᠤᠨ ᠴᠢᠬᠤᠯᠠ ᠬᠤᠨᠢᠨ ᠨᠣᠣᠰᠣ ᠶᠢ ᠰᠠᠯᠭᠠᠵᠤ ᠰᠠᠮᠨᠠᠬᠤ ᠰᠠᠭᠤᠷᠢᠨ ᠭᠠᠵᠠᠷ᠂ ᠪᠦᠬᠦ ᠤᠯᠤᠰ ᠤᠨ ᠬᠤᠨᠢᠨ ᠠᠷᠠᠰᠤ ᠶᠢ ᠢᠳᠡᠭᠡᠨᠵᠢᠭᠦᠯᠵᠦ ᠡᠳ᠋ᠰᠢᠭᠦᠯᠵᠦ ᠪᠣᠯᠪᠠᠰᠤᠷᠠᠭᠤᠯᠬᠤ ᠲᠥᠪ ᠢ ᠪᠦᠲᠦᠭᠡᠨ ᠪᠠᠶᠢᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ︽ᠴᠤᠭᠯᠠᠷᠠᠯ ᠪᠠ ᠬᠠᠭᠠᠷᠠᠯ︾  ᠢ ᠲᠦᠯᠬᠢᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠲᠤ ᠰᠠᠭᠤᠷᠢᠯᠠᠨ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠥᠷᠢᠯᠡᠬᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠲᠣᠪᠤᠶᠢᠯᠭᠠᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠭᠤᠰᠤᠯᠴᠠᠨ ᠰᠦᠷᠦᠭᠵᠢᠨ ᠬᠥᠭᠵᠢᠭᠦᠯᠬᠦ ᠶᠢ ᠰᠢᠰᠲ᠋ᠧᠮ ᠲᠠᠢ ᠲᠦᠯᠬᠢᠨ ᠠᠬᠢᠭᠤᠯᠵᠤ᠂ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠤᠨ ︽ᠮᠥᠰᠥ ᠶᠢ ᠬᠠᠭᠠᠯᠵᠤ ᠬᠤᠪᠢᠷᠠᠯᠲᠠ ᠶᠢ ᠰᠦᠪᠡᠭᠴᠢᠯᠡᠬᠦ︾ ᠶᠢ ᠠᠬᠢᠭᠤᠯᠵᠤ᠂ ᠤᠬᠠᠭᠠᠯᠠᠨ ᠰᠤᠳᠤᠯᠬᠤ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠰᠠᠶᠢᠲᠤᠷ ᠬᠢᠵᠦ᠂ ᠪᠠᠯ ᠴᠢᠯᠠᠭᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ᠂ ᠠᠮᠢᠳᠤ ᠪᠣᠳᠠᠰ ᠤᠨ ᠡᠮ ᠡᠮᠨᠡᠯᠭᠡ᠂ ᠢᠷᠡᠭᠡᠳᠦᠢ ᠶᠢᠨ ᠡᠷᠡᠭᠦᠯ ᠮᠡᠨᠳᠦ ᠵᠡᠷᠭᠡ ᠬᠦᠷᠢᠶ᠎ᠡ ᠶᠢᠨ ᠲᠣᠭᠤᠷᠢᠨ ᠳᠤ᠂ ᠪᠠᠷᠠᠭᠠᠯᠬᠢᠯᠠᠯ ᠤᠨ ᠴᠢᠨᠠᠷᠲᠠᠢ ᠪᠠᠶᠢᠷᠢᠰᠢᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠠᠶᠢᠨ ᠰᠦᠪᠡᠭᠴᠢᠯᠡᠯᠲᠡ ᠬᠢᠵᠦ᠂ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠭᠤᠶᠣᠮᠰᠤᠭ ᠰᠢᠨ᠎ᠡ ᠬᠤᠪᠢᠷᠠᠯᠲᠠ︾ ᠶᠢ ᠲᠦᠯᠬᠢᠨ ᠠᠬᠢᠭᠤᠯᠵᠤ᠂ ︽ᠬᠦᠷᠢᠶᠡᠯᠡᠩ ᠲᠣᠭᠤᠷᠢᠭ ᠢ ᠠᠳᠬᠤᠬᠤ ᠨᠢ ᠳᠠᠷᠤᠢ ᠠᠵᠤ ᠦᠢᠯᠡᠳᠪᠦᠷᠢ ᠶᠢ ᠠᠳᠬᠤᠬᠤ ᠶᠠᠪᠤᠳᠠᠯ ᠮᠥᠨ︾ ᠭᠡᠬᠦ ᠣᠨᠣᠯᠵᠢᠬᠤᠨ ᠢ ᠪᠠᠲᠤ ᠪᠤᠢ ᠪᠣᠯᠭᠠᠵᠤ᠂ ᠬᠦᠷᠢᠶᠡᠯᠡᠩ ᠲᠣᠭᠤᠷᠢᠭ ᠤᠨ ᠶᠡᠷᠦᠩᠬᠡᠢ ᠲᠥᠯᠦᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠵᠦ᠂ ᠠᠵᠤ ᠠᠬᠤᠶᠢᠯᠠᠯ ᠢ ᠤᠷᠢᠵᠤ ᠬᠦᠷᠢᠶᠡᠯᠡᠩ ᠳᠤ ᠣᠷᠣᠭᠤᠯᠬᠤ᠂ ᠠᠵᠤ ᠠᠬᠤᠶᠢᠯᠠᠯ ᠢ ᠲᠡᠳᠬᠦᠵᠦ ᠬᠦᠷᠢᠶᠡᠯᠡᠩ ᠢ ᠬᠦᠴᠦᠷᠬᠡᠭᠵᠢᠭᠦᠯᠬᠦ ᠡᠷᠴᠢᠮ ᠢ ᠨᠡᠮᠡᠭᠳᠡᠭᠦᠯᠦᠨ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠪᠦᠬᠦᠨ ᠢ ︽ᠪᠠᠷᠢᠮᠵᠢᠶᠠᠲᠤ ᠭᠠᠵᠠᠷ︾ ᠤᠨ ᠵᠠᠭᠪᠤᠷ ᠢᠶᠠᠷ ᠬᠠᠩᠭᠠᠵᠤ᠂ ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 15 ᠠᠴᠠ ᠳᠡᠭᠡᠭᠰᠢ᠂ ᠲᠤᠰᠬᠠᠢ ᠨᠠᠷᠢᠯᠢᠭ ᠣᠨᠴᠠ ᠰᠢᠨ᠎ᠡ ᠪᠠ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠶᠡᠷᠦᠩᠬᠡᠢ ᠥᠷᠳᠡᠭ 1000 ᠳ᠋ᠦᠩᠰᠢᠭᠤᠷ ᠲᠥᠭᠦᠷᠢᠭ ᠢ ᠳᠠᠪᠠᠨ᠎ᠠ᠃      ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠨ᠎ᠠ᠃ ᠵᠠᠬ᠎ᠠ ᠳᠡᠯᠭᠡᠭᠦᠷ ᠤᠨ ᠰᠢᠨ᠎ᠡ ᠬᠠᠨᠳᠤᠰᠢ ᠶᠢ ᠡᠵᠡᠮᠳᠡᠵᠦ᠂ ᠣᠷᠣᠨ ᠰᠠᠭᠤᠴᠠ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠬᠡᠷᠡᠭᠯᠡᠭᠡ ᠶᠢ ᠬᠥᠭᠵᠢᠭᠦᠯᠵᠦ᠂ ᠣᠶᠤᠨᠲᠤ ᠭᠡᠷ ᠂ ᠰᠣᠶᠣᠯ ᠴᠡᠩᠭᠡᠯ ᠤᠨ ᠵᠢᠭᠤᠯᠴᠢᠯᠠᠯ᠂ ᠤᠯᠤᠰ ᠤᠨ ᠪᠠᠷᠠᠭᠠᠨ ᠤ ︽ᠤᠷᠤᠰᠬᠠᠯ ᠨᠡᠷᠡᠲᠦ ᠲᠡᠮᠳᠡᠭ︾ ᠵᠡᠷᠭᠡ ᠰᠢᠨ᠎ᠡ ᠮᠠᠶ᠋ᠢᠭ ᠤᠨ ᠬᠡᠷᠡᠭᠯᠡᠭᠡ ᠶᠢ ᠪᠣᠶᠢᠵᠢᠭᠤᠯᠵᠤ᠂ ︽ᠬᠠᠭᠤᠴᠢᠨ ᠨᠡᠷᠡᠲᠦ ᠲᠡᠮᠳᠡᠭ︾  ᠢ ᠤᠯᠠᠮᠵᠢᠯᠠᠨ ᠬᠠᠮᠠᠭᠠᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠣᠷᠣᠳᠣᠬᠤᠢ ᠶᠢᠨ ᠵᠠᠩ ᠦᠢᠯᠡ ᠶᠢᠨ ᠰᠣᠶᠣᠯ ᠤᠨ ᠰᠠᠭᠤᠭᠳᠠᠯ ᠢ ᠣᠶᠢᠯᠠᠭᠠᠬᠤ ᠭᠠᠵᠠᠷ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠠᠶᠢᠭᠤᠯᠬᠤ  ᠶᠢ ᠠᠬᠢᠭᠤᠯᠵᠤ᠂ 7 ᠥᠪᠡᠷ ᠢᠶᠠᠨ ᠲᠡᠷᠭᠡ ᠵᠢᠯᠣᠭᠤᠳᠬᠤ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ᠂ 7 ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ᠂ 2 ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ 2 ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠪᠣᠶ ᠪᠣᠯᠭᠠᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠡᠪᠦᠯ ᠤᠨ ᠤᠯᠠᠷᠢᠯ ᠤᠨ ᠮᠥᠰᠥ ᠴᠠᠰᠤᠨ ᠤ ᠰᠢᠷᠢᠰ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠨ᠂ ᠵᠢᠭᠤᠯᠴᠢᠯᠠᠯ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠦᠨ᠎ᠡ᠃ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠪᠡᠯᠡ ᠨᠡᠶᠢᠯᠡᠭᠦᠯᠦᠨ ᠬᠠᠮᠲᠤᠷᠠᠯᠴᠠᠬᠤ᠂ ᠲᠥᠷᠥ ᠶᠢᠨ ᠪᠣᠳᠣᠯᠭ᠎ᠠ ᠪᠠᠷ ᠳᠡᠮᠵᠢᠬᠦ ᠵᠡᠷᠭᠡ ᠪᠠᠷ ᠳᠠᠮᠵᠢᠭᠤᠯᠤᠨ᠂ ᠲᠣᠰ ᠭᠠᠵᠠᠷ ᠣᠷᠣᠨ ᠤ ᠪᠠᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠤ ᠭᠠᠷᠬᠤ ᠶᠢ ᠪᠣᠶᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃       ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠨ᠎ᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠬᠥᠭᠦᠷᠭᠡ ᠲᠠᠯᠪᠢᠬᠤ ᠪᠠ ᠵᠠᠮ ᠤᠨ ᠰᠠᠭᠤᠷᠢ ᠶᠢ ᠳᠡᠪᠢᠰᠬᠦ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠲᠥᠪ ᠬᠤᠲᠠ ᠶᠢᠨ ᠲᠣᠭᠤᠷᠢᠭ ᠤᠨ ᠬᠤᠲᠠ ᠶᠢᠨ ᠰᠢᠨᠡᠴᠢᠯᠡᠯᠲᠡ ᠶᠢ ᠳᠡᠮᠵᠢᠵᠦ᠂ ᠤᠰᠤ᠂ ᠬᠡᠢ᠂ ᠢᠯᠴᠢ᠂ ᠵᠠᠮ᠂ ᠬᠤᠭᠤᠯᠠᠢ ᠶᠢᠨ ᠲᠣᠣᠷ ᠵᠡᠷᠭᠡ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠨ᠎ᠡ᠃ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ ᠢ ᠪᠠᠶᠢᠭᠤᠯᠵᠤ ᠳᠠᠭᠤᠰᠬᠠᠨ᠂ 110 ᠤᠯᠤᠰ ᠤᠨ ᠵᠠᠮ ᠤᠨ  ᠳ᠋ᠧᠩᠺᠧᠦ ᠶᠢᠨ ᠶᠡᠭᠡ ᠬᠥᠭᠦᠷᠭᠡ᠂ ᠬᠤᠶᠠᠷ ᠮᠣᠳᠣ ᠠᠴᠠ ᠳ᠋ᠧᠩᠺᠧᠦ ᠬᠦᠷᠬᠦ ᠬᠡᠰᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ G0616 ᠮᠤᠨᠠ ᠠᠭᠤᠯᠠ ᠠᠴᠠ ᠬᠠᠯᠢᠭᠤᠲᠤ ᠬᠦᠷᠬᠦ ᠬᠡᠰᠡᠭ᠂ 628 ᠤᠯᠤᠰ ᠤᠨ ᠵᠠᠮ ᠤᠨ ᠾᠧᠢ ᠯᠢᠦ ᠽᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ  ᠠᠴᠠ ᠯᠢᠦ ᠭᠤᠸᠠᠢ ᠱᠠ ᠲᠧᠦ ᠬᠦᠷᠬᠦ ᠬᠡᠰᠡᠭ ᠤᠨ ᠲᠥᠷᠥᠯ ᠵᠦᠢᠯ ᠢ ᠠᠷᠭ᠎ᠠ ᠪᠦᠬᠦᠨ ᠢ ᠰᠦᠪᠡᠭᠴᠢᠯᠡᠨ ᠪᠠᠷᠢᠯᠭ᠎ᠠ ᠡᠬᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠭᠤᠯᠵᠠᠷ ᠲᠤ ︽ᠮᠢᠩᠭᠠᠨ ᠳ᠋ᠧᠩ ᠲᠦᠮᠡᠨ ᠪᠦᠰᠡ︾ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠢ ᠰᠤᠪᠠᠭ ᠤᠨ ᠬᠠᠰᠢᠯᠭ᠎ᠠ ᠶᠢᠨ ᠵᠠᠰᠠᠮᠠᠯ ᠵᠠᠮ ᠢ ᠪᠥᠬᠦ ᠱᠤᠭᠤᠮ ᠢᠶᠠᠷ ᠲᠡᠷᠭᠡ ᠨᠡᠪᠲᠡᠷᠡᠭᠦᠯᠦᠨ᠎ᠡ᠃ 5G ᠶᠢᠨ ᠰᠠᠭᠤᠷᠢ ᠥᠷᠲᠡᠭᠡ ᠶᠢ 1000  ᠠᠴᠠ ᠳᠡᠭᠡᠭᠰᠢ᠂ ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ 300  ᠠᠴᠠ ᠳᠡᠭᠡᠭᠰᠢ ᠰᠢᠨ᠎ᠡ ᠪᠠᠷ ᠪᠠᠶᠢᠭᠤᠯᠤᠨ᠎ᠠ᠃       ︵ᠭᠤᠷᠪᠠ︶ ᠬᠡᠯᠬᠢᠶ᠎ᠡ ᠶᠢ ᠤᠷᠲᠤᠳᠬᠠᠵᠤ᠂ ᠰᠠᠭᠤᠷᠢᠨ ᠭᠠᠵᠠᠷ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ᠃ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠪᠠ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠵᠤ᠂ ᠴᠡᠪᠡᠷ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠰᠠᠭᠤᠷᠢᠨ ᠭᠠᠵᠠᠷ ᠢ ᠲᠦᠷᠭᠡᠪᠴᠢᠯᠡᠨ ᠪᠠᠶᠢᠭᠤᠯᠤᠨ᠎ᠠ᠃       ᠤᠯᠠᠮᠵᠢᠯᠠᠯᠲᠤ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠡᠯᠬᠢᠶ᠎ᠡ ᠶᠢᠨ ᠤᠷᠲᠤᠳᠬᠠᠯ ᠢ ᠲᠦᠷᠭᠡᠳᠬᠡᠨ᠎ᠡ᠃ ᠪᠠᠶᠠᠨ ᠴᠢᠯᠠᠭᠤᠨ ᠲᠣᠰᠣᠨ ᠤ ᠠᠭᠤᠷᠬᠠᠢ ᠶᠢᠨ ᠨᠥᠭᠡᠴᠡ ᠪᠠᠨ ᠨᠡᠮᠡᠭᠳᠡᠭᠦᠯᠦᠨ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠵᠤ᠂ ᠲᠦᠭᠦᠬᠡᠢ ᠴᠢᠯᠠᠭᠤᠨ ᠲᠣᠰᠣᠨ ᠤ ᠭᠠᠷᠤᠯᠲᠠ ᠶᠢ 100 ᠲᠦᠮᠡᠨ ᠲᠣᠨ ᠠᠴᠠ ᠳᠠᠪᠠᠭᠤᠯᠬᠤ ᠪᠠᠷ ᠴᠢᠷᠮᠠᠶᠢᠨ᠎ᠠ᠃  ᠤᠯᠠᠭᠠᠨᠪᠤᠬ᠎ᠠ  ᠡᠯᠡᠰᠦᠨ  ᠴᠥᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠲᠤ 4×100 ᠲᠦᠮᠡᠨ ᠺᠢᠯᠣᠸᠠᠲ ᠨᠡᠭᠦᠷᠡᠰᠦ ᠴᠠᠬᠢᠯᠭᠠᠨ ᠤ ᠲᠥᠷᠥᠯ ᠵᠦᠢᠯ  ᠢ ᠲᠣᠬᠢᠷᠠᠭᠤᠯᠤᠨ ᠪᠠᠶᠢᠭᠤᠯᠬᠤ ᠶᠢ  ᠠᠵᠢᠯ ᠡᠬᠢᠯᠡᠭᠦᠯᠵᠦ᠂ ᠤᠷᠠᠳ ᠴᠠᠬᠢᠯᠭᠠᠨ ᠤ ᠦᠢᠯᠡᠳᠪᠦᠷᠢ ᠶᠢᠨ ᠠᠮᠢᠳᠤᠯᠢᠭ ᠴᠢᠨᠠᠷ ᠲᠠᠢ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠳᠡᠭᠡᠳᠦ ᠦᠵᠦᠭᠦᠷᠴᠢᠯᠡᠭᠰᠡᠨ ᠬᠥᠭᠵᠢᠯᠲᠡ ᠶᠢ ᠲᠦᠷᠭᠡᠳᠬᠡᠵᠦ᠂ ᠭᠦᠸᠧ ᠨᠧᠩ ᠤᠨ120 ᠲᠦᠮᠡᠨ ᠲᠣᠨ᠂ ᠾᠧᠢ ᠮᠣᠣ ᠶᠢᠨ 160 ᠲᠦᠮᠡᠨ ᠲᠣᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠ ᠶᠢᠨ ᠮᠣᠣ ᠶᠢᠨ12 ᠲᠦᠮᠡᠨ ᠲᠣᠨ ᠨᠡᠭᠦᠷᠡᠰᠦᠨ ᠬᠥ᠋ ᠶᠢᠨ ᠢᠨᠵᠧᠨᠧᠷᠢᠩ ᠢ ᠡᠷᠲᠡᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃      ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠲᠦᠷᠭᠡᠳᠬᠡᠨ᠎ᠡ᠃ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠪᠠ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠵᠦ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 683.8 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠵᠠᠩᠭᠢᠯᠠᠭ᠎ᠠ ᠶᠢᠨ ᠮᠠᠲ᠋ᠧᠷᠢᠶᠠᠯ᠂ ᠲᠣᠨᠤᠭ ᠲᠥᠬᠦᠭᠡᠷᠦᠮᠵᠢ ᠵᠢᠴᠢ ᠰᠡᠯᠪᠢᠭ ᠲᠣᠨᠤᠭ ᠵᠡᠷᠭᠡ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠵᠦ᠂ ᠶᠤᠸᠠᠨ ᠵᠢᠩ ᠰᠠᠯᠬᠢᠨ ᠬᠦᠴᠦᠨ ᠤ ᠴᠠᠬᠢᠯᠭᠠᠨ ᠤ ᠲᠣᠮᠣ ᠬᠡᠯᠪᠡᠷᠢ ᠶᠢᠨ ᠵᠢᠭᠦᠷ᠂ ᠶᠢᠨ ᠹᠧᠩ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ᠂ ᠭᠢᠷᠢᠨ ᠤ ᠬᠢᠮᠢ ᠶᠢᠨ ᠰᠢᠷᠬᠡᠭ ᠨᠡᠭᠦᠷᠡᠰᠦᠨ ᠰᠢᠷᠬᠡᠭᠯᠢᠭ ᠤᠨ ᠲᠠᠲᠠᠵᠤ ᠰᠢᠬᠠᠬᠤ ᠬᠠᠪᠲᠠᠰᠤ᠂ ᠢ ᠰᠦᠸᠧ ᠡᠯ ᠰᠠᠯᠬᠢᠨ ᠬᠦᠴᠦᠨ ᠤ ᠴᠠᠬᠢᠯᠭᠠᠨ ᠤ ᠨᠡᠶᠢᠯᠡᠮᠡᠯ ᠮᠠᠲ᠋ᠧᠷᠢᠶᠠᠯ᠂ ᠬᠤᠸᠠ ᠳ᠋ᠢᠶᠠᠨ ᠬᠡᠷᠡᠯ ᠴᠡᠨᠡᠭ ᠤᠨ ᠵᠢᠶᠠᠰᠠ᠂ ᠬᠤᠸᠠ ᠮᠢᠨ ᠰᠢᠨ᠎ᠡ ᠡᠨᠧᠷᠭᠢ ᠶᠢᠨ ᠬᠤᠭᠤᠯᠠᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠰᠠᠨ ᠢ ᠰᠠᠯᠬᠢᠨ ᠬᠦᠴᠦᠨ ᠤ ᠴᠠᠬᠢᠯᠭᠠᠨ ᠤ ᠭᠤᠣᠯ ᠮᠠᠰᠢᠨ᠂ ᠱᠠᠩᠬᠠᠢ ᠶᠢᠨ ᠴᠠᠬᠢᠯᠭᠠᠨ ᠬᠡᠢ ᠶᠢᠨ ᠦᠨᠳᠦᠰᠦᠨ ᠰᠡᠯᠪᠢᠭ ᠲᠣᠨᠤᠭ᠂ ᠭᠦᠸᠧ ᠱᠧᠩ ᠰᠢᠨ᠎ᠡ ᠡᠨᠧᠷᠭᠢ ᠶᠢᠨ ᠣᠨᠳᠣᠣ ᠡᠳ᠋ ᠤᠨ ᠪᠦᠲᠦᠴᠡᠲᠦ ᠴᠠᠬᠢᠯᠭᠠᠨ ᠴᠡᠨᠡᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠯᠢᠨ ᠾᠧ ᠲᠣᠭᠤᠷᠢᠭ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠳᠡᠮᠵᠢᠵᠦ᠂ ᠪᠥᠬᠦ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠪᠠᠶᠢᠭᠤᠯᠤᠮᠵᠢ ᠶᠢᠨ ᠲᠥᠬᠦᠷᠵᠢᠭᠦᠯᠬᠦ ᠴᠢᠳᠠᠪᠤᠷᠢ ᠶᠢ ᠵᠢᠯ ᠳᠤ 400 ᠲᠦᠮᠡᠨ ᠺᠢᠯᠣᠸᠠᠲ ᠲᠤ ᠬᠦᠷᠦᠭᠦᠯᠬᠦ ᠪᠠᠷ ᠴᠢᠷᠮᠠᠶᠢᠨ᠎ᠠ᠃  ᠲᠠᠢ ᠶᠠᠩ ᠭᠧᠦ ᠶᠢᠨ 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠠᠬᠢᠭᠤᠯᠵᠤ᠂ ᠭᠡᠷᠡᠯ ᠢᠯᠴᠢ ᠪᠠᠷ ᠴᠠᠬᠢᠯᠭᠠᠨ ᠭᠠᠷᠭᠠᠬᠤ ᠪᠠ ᠭᠡᠷᠡᠯ ᠴᠡᠨᠡᠭ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ  ᠶᠢ ᠳᠡᠮᠵᠢᠵᠦ᠂ ᠯᠦᠩ ᠲᠧᠩ ᠤᠨ ᠬᠡᠷᠡᠯ ᠢᠯᠴᠢ ᠡᠨᠧᠷᠭᠢ ᠨᠥᠭᠡᠴᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠢ ᠪᠠᠶᠢᠭᠤᠯᠵᠤ ᠳᠠᠭᠤᠰᠬᠠᠨ᠎ᠠ᠃ ᠬᠡᠷᠡᠭᠴᠡᠭᠡ ᠠᠴᠠ ᠭᠠᠷᠤᠭᠰᠠᠨ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠬᠤ ᠵᠡᠷᠭᠡ ᠦᠢᠯᠡᠴᠢᠯᠡᠭᠡᠨ ᠤ ᠠᠵᠤ ᠦᠢᠯᠡᠰ ᠢ ᠪᠠᠷᠠᠭᠠᠯᠬᠢᠯᠠᠯ ᠤᠨ ᠴᠢᠨᠠᠷᠲᠠᠢ ᠪᠠᠷ ᠪᠠᠶᠢᠷᠢᠰᠢᠭᠤᠯᠵᠤ᠂ ᠲᠤᠰᠬᠠᠢ  ᠠᠵᠢᠯᠯᠠᠬᠤ ᠶᠢ ᠪᠠᠲᠤᠯᠠᠬᠤ ᠦᠢᠯᠡᠴᠢᠯᠡᠭᠡᠨ ᠤ ᠬᠤᠳᠠᠯᠳᠤᠭᠠᠴᠢᠨ ᠢ ᠪᠣᠶᠢᠵᠢᠭᠤᠯᠤᠨ᠂ ᠰᠢᠨ᠎ᠡ ᠡᠨᠧᠷᠭᠢ ᠶᠢᠨ ᠠᠵᠤ ᠦᠢᠯᠡᠰ ᠯᠦᠭᠡ ᠵᠡᠷᠭᠡᠪᠡᠷ ᠬᠥᠭᠵᠢᠭᠦᠯᠵᠦ᠂ ᠨᠢᠭᠡ ᠴᠣᠭᠴᠠᠵᠢᠭᠤᠯᠤᠨ ᠪᠤᠵᠠᠭᠠᠶᠢᠷᠠᠭᠤᠯᠤᠨ᠎ᠠ᠃ ᠰᠢᠨ᠎ᠡ ᠡᠨᠧᠷᠭᠢ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠢ ᠥᠷᠭᠡᠳᠬᠡᠵᠦ᠂ ᠭᠤᠣᠯᠳᠠᠯᠭ᠎ᠠ ᠲᠠᠢ ᠠᠵᠤ ᠦᠢᠯᠡᠰ ᠪᠠ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠪᠣᠬᠢᠷᠲᠤᠯ ᠦᠭᠡᠢ ᠴᠠᠬᠢᠯᠭᠠᠨ ᠢᠶᠠᠷ ᠥᠨᠳᠥᠷ ᠬᠠᠷᠢᠴᠠᠯ ᠢᠶᠠᠷ ᠣᠷᠣᠯᠠᠭᠤᠯᠬᠤ ᠶᠢ ᠲᠦᠷᠭᠡᠳᠬᠡᠨ᠂ ᠰᠢᠨ᠎ᠡ ᠡᠨᠧᠷᠭᠢ ᠶᠢᠨ ᠲᠤᠬᠠᠢ ᠶᠢᠨ ᠭᠠᠵᠠᠷ ᠲᠤᠨᠢ ᠪᠠᠭᠲᠠᠭᠠᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃       ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ  ᠲᠠᠢ ᠨᠡᠭᠡᠭᠡᠨ ᠠᠰᠢᠭᠯᠠᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠠᠷᠢᠨ ᠲᠥᠯᠦᠪᠵᠢᠭᠦᠯᠭᠡ ᠪᠠ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠦᠨ᠎ᠡ᠃ ᠠᠭᠤᠷᠬᠠᠢ ᠡᠷᠢᠬᠦ ᠠᠵᠢᠯᠯᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠡᠰ᠂ ᠲᠡᠮᠦᠷ᠂ ᠬᠠᠷ᠎ᠠ ᠲᠤᠭᠤᠯᠭ᠎ᠠ᠂ ᠴᠠᠶᠢᠷ᠂ ᠪᠠᠯ ᠴᠢᠯᠠᠭᠤ ᠶᠢ ᠬᠠᠶᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ 6000 ᠮᠦ ᠭᠠᠵᠠᠷ ᠰᠢᠷᠣᠢ ᠶᠢ ᠰᠢᠩᠭᠡᠭᠡᠵᠦ᠂ 362 ᠮᠦ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠨᠥᠭᠡᠴᠡ ᠭᠠᠵᠠᠷ ᠰᠢᠷᠣᠢ ᠶᠢ ᠯᠠᠪᠳᠠᠭᠤᠨ ᠢᠶᠠᠷ ᠠᠮᠢᠳᠤᠯᠢᠭᠵᠢᠭᠤᠯᠤᠨ ᠠᠰᠢᠭᠯᠠᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠢᠯ ᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠲᠠᠷᠢᠶᠠᠨ ᠭᠠᠵᠠᠷ ᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠠᠵᠢᠯ ᠢ ᠢᠳᠡᠪᠬᠢᠲᠡᠢ ᠪᠠᠷ ᠠᠬᠢᠭᠤᠯᠤᠨ᠎ᠠ᠃ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠬᠦ ᠪᠦᠰᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠢ ᠭᠤᠶᠤᠴᠢᠯᠠᠨ ᠮᠡᠳᠡᠭᠦᠯᠵᠦ ᠬᠡᠷᠡᠭᠵᠢᠭᠦᠯᠦᠨ᠎ᠡ᠃ ᠨᠡᠭᠦᠷᠡᠰᠦᠨ ᠤ ᠪᠤᠰᠤ ᠠᠭᠤᠷᠬᠠᠢ ᠶᠢᠨ ︽ᠭᠤᠷᠪᠠᠨ ᠨᠢᠭᠡ ᠪᠦᠯᠦᠭ︾  ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 14 ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠳ᠋ᠤᠭᠠᠷ ᠢ ᠨᠢ ᠬᠠᠰᠤᠬᠤ ᠶᠢ ᠪᠡᠶᠡᠯᠡᠭᠦᠯᠦᠨ᠎ᠡ᠃       ︵ᠳᠥᠷᠪᠡ︶ ᠰᠠᠭᠤᠷᠢ ᠶᠢ ᠪᠠᠲᠤᠳᠬᠠᠨ᠂ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠴᠢᠬᠤᠯᠠ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠲᠡᠮᠳᠡᠭᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠤᠳᠤ ᠦᠶ᠎ᠡ ᠶᠢᠨ ᠥᠨᠳᠥᠷ ᠦᠷ᠎ᠡ ᠠᠰᠢᠭ ᠲᠠᠢ ᠲᠠᠷᠢᠶᠠᠯᠠᠩ ᠤᠨ ᠲᠥᠪᠯᠡᠷᠡᠭᠰᠡᠨ ᠣᠷᠣᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠣᠷᠣᠨ ᠢ ᠲᠦᠷᠭᠡᠨ ᠪᠦᠲᠦᠭᠡᠨ ᠪᠠᠶᠢᠭᠤᠯᠤᠨ᠎ᠠ᠃       ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠬᠡᠷᠡᠭᠯᠡᠯᠲᠡ ᠶᠢ ᠬᠠᠮᠢᠶᠠᠷᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠎ᠡ᠃ ︽ᠪᠡᠯᠡ ᠣᠷᠣᠭᠤᠯᠬᠤ ᠪᠦᠲᠦᠭᠡᠨ ᠪᠠᠶᠢᠭᠤᠯᠬᠤ ᠡᠵᠡᠩᠨᠡᠬᠦ︾ ᠶᠢ ᠨᠢᠭᠡ ᠴᠣᠭᠴᠠᠵᠢᠭᠤᠯᠬᠤ ᠵᠠᠭᠪᠤᠷ ᠢ ᠳᠡᠯᠭᠡᠷᠡᠭᠦᠯᠦᠨ᠂ 185 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ 50.2 ᠲᠦᠮᠡᠨ ᠮᠦ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠢ 5.5 ᠲᠦᠮᠡᠨ ᠮᠦ ᠠᠴᠠ ᠳᠡᠭᠡᠭᠰᠢ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 34 ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 560 ᠲᠦᠮᠡᠨ ᠮᠦ ᠳᠤ ᠬᠦᠷᠭᠡᠨ᠎ᠡ᠃ ᠣᠶᠤᠨᠲᠤ ᠲᠠᠷᠢᠶᠠᠯᠠᠩ ᠤᠨ ᠮᠠᠰᠢᠨ ᠢ ᠬᠥᠭᠵᠢᠭᠦᠯᠵᠦ᠂ ᠲᠠᠷᠢᠮᠠᠯ ᠤᠨ ᠵᠦᠢᠯ ᠤᠨ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 87.5%  ᠳᠤ ᠬᠦᠷᠦᠭᠦᠯᠦᠨ᠎ᠡ᠃       ᠣᠳᠣ ᠦᠶ᠎ᠡ ᠶᠢᠨ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠦᠷᠭᠡᠪᠴᠢᠯᠡᠨ ᠠᠬᠢᠭᠤᠯᠵᠤ᠂ ᠲᠠᠷᠢᠮᠠᠯ ᠤᠨ ᠰᠢᠨ᠎ᠡ ᠡᠭᠦᠯᠳᠡᠷ ᠢ 10 ᠠᠴᠠ ᠳᠡᠭᠡᠭᠰᠢ ᠪᠣᠶᠢᠵᠢᠭᠤᠯᠵᠤ᠂ ᠤᠯᠤᠰ ᠤᠨ ᠮᠠᠯ ᠵᠢᠭᠦᠷᠲᠡᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠢ ᠶᠢ 1 ᠠᠴᠠ ᠳᠡᠭᠡᠭᠰᠢ ᠪᠠᠶᠢᠭᠤᠯᠤᠨ᠎ᠠ᠃ ᠠᠮᠤ ᠪᠤᠳᠠᠭ᠎ᠠ ᠳᠠᠷᠢᠬᠤ ᠲᠠᠯᠠᠪᠠᠶ ᠶᠢ 548 ᠲᠦᠮᠡᠨ ᠮᠦ ᠳᠤ ᠲᠣᠭᠲᠠᠪᠤᠷᠢᠵᠢᠭᠤᠯᠵᠤ᠂ ᠬᠠᠩᠭᠢᠨ ᠬᠤᠶᠢᠲᠤ ᠬᠤᠰᠢᠭᠤ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠨᠢ ᠰᠢᠰᠢ  ᠶᠢᠨ ᠰᠠᠶᠢᠨ ᠦᠷ᠎ᠡ ᠪᠣᠶᠢᠵᠢᠭᠤᠯᠬᠤ ᠲᠣᠮᠣ ᠰᠢᠶᠠᠨ ᠳᠤ ᠮᠡᠳᠡᠭᠦᠯᠬᠦ ᠶᠢ ᠳᠡᠮᠵᠢᠵᠦ᠂ 4 ᠡᠷᠳᠡᠨᠢ ᠰᠢᠰᠢ ᠪᠠ 2 ᠪᠤᠭᠤᠳᠠᠢ ᠶᠢᠨ ᠪᠦᠬᠦᠯᠢ ᠪᠠᠶᠢᠭᠤᠯᠤᠮᠵᠢ ᠶᠢᠨ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ᠎ᠠ᠃ ︽ᠲᠤᠭ᠎ᠠ ᠪᠠᠷᠢᠮᠲᠠ ᠶᠢᠨ ᠬᠦᠴᠦᠨ ᠵᠦᠢᠯ ×︾ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠵᠤ ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠪᠠ ᠦᠢᠯᠡᠴᠢᠯᠡᠭᠡᠨ ᠤ ᠠᠵᠤ ᠠᠬᠤᠶᠢᠯᠠᠯ ᠤᠨ ᠠᠯᠤᠰ ᠰᠡᠷᠡᠯ᠂ ᠴᠠᠭ ᠠᠭᠤᠷ᠂ ᠬᠥᠷᠥᠰᠥ ᠰᠢᠷᠣᠢ᠂ ᠵᠠᠬ᠎ᠠ ᠳᠡᠯᠭᠡᠭᠦᠷ᠂ ᠲᠠᠷᠢᠶᠠᠯᠠᠩ ᠤᠨ ᠠᠵᠢᠯ ᠵᠡᠷᠭᠡ ᠲᠤᠭ᠎ᠠ ᠪᠠᠷᠢᠮᠲᠠ ᠶᠢ ᠠᠭᠤᠰᠤᠯᠴᠠᠭᠤᠯᠤᠨ ᠠᠰᠢᠭᠯᠠᠬᠤ ᠶᠢ ᠳᠡᠮᠵᠢᠵᠦ᠂ ᠣᠶᠤᠨᠲᠤ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ ᠨᠠᠷᠢᠯᠢᠭ ᠣᠨᠣᠴᠠᠲᠠᠢ ᠪᠠᠷ ᠳᠠᠷᠢᠵᠤ᠂ ᠨᠠᠷᠢᠯᠢᠭ ᠣᠨᠣᠴᠠᠲᠠᠢ ᠪᠠᠷ ᠲᠡᠵᠢᠭᠡᠨ ᠦᠷᠡᠵᠢᠭᠦᠯᠬᠦ ᠶᠢ ᠪᠡᠶᠡᠯᠡᠭᠦᠯᠦᠨ᠎ᠡ᠃ ᠤᠷᠢᠳᠴᠢᠯᠠᠨ ᠦᠢᠯᠡᠳᠦᠭᠰᠡᠨ ᠨᠣᠭᠤᠭ᠎ᠠ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠦᠬᠡᠷ ᠬᠤᠨᠢᠨ ᠮᠢᠬ᠎ᠠ᠂ ᠰᠢᠨ᠎ᠡ ᠰᠣᠷᠭᠤᠭ ᠢᠳᠡᠰᠢᠨ ᠡᠷᠳᠡᠨᠢ ᠰᠢᠰᠢ᠂ ᠰᠤᠯᠠ ᠳᠥᠭᠦᠮ ᠢᠳᠡᠭᠡᠨ ᠵᠡᠷᠭᠡ ᠪᠦᠲᠦᠭᠡᠭᠳᠡᠬᠦᠨ᠂ ᠬᠠᠭᠠᠰ ᠡᠳ᠋ᠰᠢᠭᠦᠯᠦᠭᠰᠡᠨ ᠪᠦᠲᠦᠭᠡᠭᠳᠡᠬᠦᠨ ᠢ ᠪᠣᠯᠪᠠᠰᠤᠷᠠᠭᠤᠯᠬᠤ ᠶᠢ ᠭᠤᠣᠯᠳᠠᠯᠭ᠎ᠠ ᠲᠠᠢ ᠬᠥᠭᠵᠢᠭᠦᠯᠦᠨ᠎ᠡ᠃ ᠪᠣᠬᠢᠷᠲᠤᠯ ᠦᠭᠡᠢ ᠣᠷᠭᠠᠨᠢᠭ ᠪᠦᠲᠦᠭᠡᠭᠳᠡᠬᠦᠨ ᠢ 30 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠤᠨ ᠥᠷᠲᠡᠭ ᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠠᠵᠤ ᠦᠢᠯᠡᠰ ᠤᠨ ᠰᠦᠷᠦᠭᠵᠢᠯ᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠠᠵᠤ ᠦᠶᠢᠯᠡᠰᠵᠢᠭᠰᠡᠨ ᠲᠣᠯᠣᠭᠠᠶᠢᠯᠠᠬᠤ ᠠᠵᠤ ᠠᠬᠤᠶᠢᠯᠠᠯ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 1100 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃       ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠲᠣᠬᠢᠷᠠᠭᠤᠯᠤᠨ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃ ᠪᠠᠶᠠᠨᠨᠠᠭᠤᠷ ᠬᠤᠳᠠ ᠶᠢᠨ ᠤᠰᠤᠨ ᠤ ᠲᠣᠣᠷ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ︽ᠤᠰᠤᠯᠠᠯᠲᠠ ᠶᠢᠨ ᠣᠷᠣᠨ ᠤ ᠵᠢᠷᠤᠭ︾ ᠢ ᠪᠠᠶᠢᠭᠤᠯᠤᠨ᠎ᠠ᠃ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠣᠷᠣᠲᠣᠬᠤᠢ  ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠬᠤ ᠢᠵᠢ ᠪᠦᠷᠢᠳᠦᠭᠦᠯᠬᠦ ᠬᠢᠭᠡᠳ ᠣᠳᠣᠬᠢᠴᠢᠯᠠᠭᠰᠠᠨ ᠥᠭᠡᠷᠡᠴᠢᠯᠡᠯᠲᠡ ᠵᠡᠷᠭᠡ ᠢᠨᠵᠧᠨᠧᠷᠢᠩ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠲᠠᠯᠠᠪᠠᠢ ᠶᠢ 100 ᠲᠦᠮᠡᠨ ᠮᠦ  ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠵᠢᠯ ᠳᠤ 1.46 ᠳ᠋ᠦᠩᠰᠢᠭᠤᠷ ᠺᠦᠪ ᠮᠧᠲᠷ ᠠᠴᠠ ᠳᠡᠭᠡᠭᠰᠢ ᠤᠰᠤ ᠠᠷᠪᠢᠯᠠᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠨᠡᠮᠡᠭᠳᠡᠭᠦᠯᠵᠦ᠂ ᠤᠰᠤᠨ ᠰᠤᠷᠪᠤᠯᠵᠢ ᠶᠢ ᠰᠣᠯᠢᠬᠤ᠂ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠨᠡᠨ ᠪᠣᠳᠠᠲᠠᠢ ᠠᠬᠢᠴᠠ ᠲᠠᠢ ᠪᠣᠯᠬᠤ ᠶᠢ ᠪᠠᠲᠤᠯᠠᠨ᠎ᠠ᠃ ᠪᠦᠬᠦ ᠤᠯᠤᠰ ᠤᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠢ ᠳᠠᠭᠠᠭᠠᠴᠢᠯᠠᠨ ᠡᠷᠬᠢᠯᠡᠨ᠎ᠡ᠃      ︵ᠲᠠᠪᠤ︶ ᠥᠭᠡᠷᠡᠴᠢᠯᠡᠯᠲᠡ ᠶᠢ ᠠᠳᠬᠤᠨ᠂ ᠨᠡᠭᠡᠭᠡᠯᠲᠡ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠶᠢ ᠠᠬᠢᠭᠤᠯᠬᠤ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ᠃ ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ ᠨᠡᠭᠡᠭᠡᠯᠲᠡ ᠪᠠᠷ ᠡᠬᠢ ᠪᠠᠶᠠᠯᠢᠭ ᠢ ᠲᠥᠪᠯᠡᠷᠡᠭᠦᠯᠬᠦ᠂ ᠣᠷᠣᠨ ᠵᠠᠢ ᠶᠢ ᠥᠷᠭᠡᠳᠬᠡᠬᠦ ᠶᠢ ᠪᠠᠷᠢᠮᠲᠠᠯᠠᠵᠤ᠂ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠭᠠᠳᠠᠭᠠᠳᠤ ᠦᠢᠯᠡᠳᠪᠦᠷᠢᠯᠡᠯ ᠤᠨ ᠬᠦᠴᠦᠨ ᠢ ᠣᠷᠣᠭᠤᠯᠤᠨ ᠠᠪᠴᠢᠷᠠᠵᠤ᠂ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃       ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠲᠤᠭ᠎ᠠ ᠪᠠᠷᠢᠮᠲᠠ ᠶᠢᠨ ᠲᠠᠪᠴᠠᠩ ᠤᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠥᠨᠳᠥᠷ ᠪᠦᠲᠦᠮᠵᠢᠲᠡᠶ ᠨᠢᠭᠡ ᠶᠠᠪᠤᠳᠠᠯ ᠢ ᠪᠦᠲᠦᠭᠡᠬᠦ︾ ᠶᠢᠨ ᠲᠣᠭᠤᠷᠢᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠠᠬᠢᠭᠤᠯᠤᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠷᠥᠯ ᠵᠦᠢᠯ ᠤᠨ ᠬᠠᠮᠢᠶᠠᠷᠤᠭᠴᠢ ᠶᠢᠨ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠤᠨ᠎ᠠ᠃ 12345 ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ᠂ ᠭᠦᠢᠴᠡᠳᠬᠡᠵᠦ ᠳᠠᠭᠤᠰᠬᠠᠬᠤ ᠨᠣᠷᠮ᠎ᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠪᠠᠶᠢᠯᠭᠠᠬᠤ ᠶᠢ ᠦᠨᠡᠨᠬᠦ ᠪᠠᠲᠤᠯᠠᠨ᠎ᠠ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ︽ᠬᠤᠪᠢ ᠶᠢᠨ ᠡᠵᠡᠩᠨᠡᠯᠲᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ︽ᠪᠠᠭ᠎ᠠ ᠠᠵᠤ ᠠᠬᠤᠶᠢᠯᠠᠯ ᠢ ᠬᠡᠪᠴᠢᠶᠡᠵᠢᠯ ᠤᠨ ᠠᠵᠤ ᠠᠬᠤᠶᠢᠯᠠᠯ ᠪᠣᠯᠭᠠᠨ ᠳᠡᠪᠰᠢᠭᠦᠯᠬᠦ︾ ᠶᠢ ᠦᠷᠭᠦᠯᠵᠢᠯᠡᠨ ᠠᠬᠢᠭᠤᠯᠵᠤ᠂ ᠪᠢᠴᠢᠯ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠨᠡᠨᠬᠦ ᠴᠢᠩᠭᠠᠷᠠᠭᠤᠯᠤᠨ᠎ᠠ᠃ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠡᠷᠦᠭᠡ ᠶᠢᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠ ᠠᠮᠠᠯᠠᠯᠲᠠ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠵᠦ᠂ ᠬᠤᠭᠤᠰᠤᠨ ᠦᠭᠡ ᠬᠡᠯᠡᠬᠦ᠂ ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ ᠪᠠᠶᠢᠬᠤ ᠶᠢ ᠡᠷᠡᠰ ᠬᠤᠷᠢᠭᠯᠠᠵᠤ᠂ ᠬᠡᠯᠡᠭᠰᠡᠨ ᠢᠶᠠᠨ ᠵᠠᠪᠠᠯ ᠭᠦᠢᠴᠡᠳᠬᠡᠬᠦ᠂ ᠠᠮᠠᠯᠠᠭᠰᠠᠨ ᠢᠶᠠᠨ ᠵᠠᠪᠠᠯ ᠦᠢᠯᠡᠳᠦᠯᠭᠡᠵᠢᠭᠦᠯᠬᠦ ᠶᠢ ᠪᠡᠶᠡᠯᠡᠭᠦᠯᠦᠨ᠎ᠡ᠃      ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢ ᠲᠦᠷᠭᠡᠪᠴᠢᠯᠡᠨ ᠬᠥᠭᠵᠢᠭᠦᠯᠦᠨ᠎ᠡ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠭᠠᠳᠠᠭᠠᠳᠤ ᠨᠡᠭᠡᠭᠡᠯᠲᠡ ᠶᠢᠨ ᠴᠢᠳᠠᠮᠵᠢ ᠲᠡᠰ ᠪᠠ ᠲᠦᠪᠰᠢᠨ ᠢ ᠳᠡᠭᠡᠭᠰᠢᠯᠡᠭᠦᠯᠦᠨ᠎ᠡ᠃  ᠭᠠᠭᠴᠠᠮᠣᠳᠣ ᠬᠢᠯᠢ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠳᠤᠮᠳᠠᠳᠤ ᠤᠯᠤᠰ᠂ ᠮᠣᠩᠭᠤᠯ ᠤᠯᠤᠰ  ᠤᠨ ᠬᠢᠯᠢ ᠠᠯᠤᠰᠯᠠᠭᠰᠠᠨ ᠲᠡᠮᠦᠷ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ AGV ᠶᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠶᠢᠨ  ᠴᠢᠨᠠᠷ ᠢ ᠳᠡᠭᠡᠭᠰᠢᠯᠡᠭᠦᠯᠬᠦ ᠬᠡᠮᠵᠢᠶ᠎ᠡ ᠶᠢ ᠥᠷᠭᠡᠳᠬᠡᠬᠦ  ᠶᠢ ᠪᠡᠶᠡᠯᠡᠭᠦᠯᠵᠦ᠂ ᠪᠣᠭᠤᠮᠲᠠ ᠪᠠᠷ ᠨᠡᠪᠲᠡᠷᠡᠬᠦ ᠪᠠᠷᠠᠭᠠᠨ ᠤ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠭᠠᠭᠴᠠᠮᠣᠳᠤ ᠶᠢᠨ ᠥᠪᠥᠷ ᠮᠣᠩᠭᠤᠯ ᠤᠨ ᠨᠡᠭᠦᠷᠡᠰᠦ ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠥᠪᠥᠷ ᠮᠣᠩᠭᠤᠯ ᠤᠨ ᠨᠡᠭᠦᠷᠡᠰᠦᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠪᠣᠶ ᠪᠣᠯᠭᠠᠨ᠎ᠠ᠃ ︽ᠤᠷᠠᠳ ᠨᠣᠮᠧᠷᠲᠤ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ  ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠳᠡᠭᠡᠭᠰᠢᠯᠡᠭᠦᠯᠵᠦ᠂ ᠭᠠᠶᠢᠯᠢ ᠶᠢᠨ ᠪᠠᠲᠤᠯᠠᠭᠠᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠴᠢᠳᠠᠮᠵᠢ ᠶᠢ ᠥᠷᠭᠡᠳᠬᠡᠨ ᠤᠷᠲᠤᠳᠬᠠᠬᠤ ᠶᠢ ᠠᠬᠢᠭᠤᠯᠤᠨ᠎ᠠ᠃ ᠣᠷᠣᠨ ᠪᠦᠰᠡ ᠶᠢᠨ ᠬᠠᠮᠵᠢᠯᠴᠠᠨ ᠬᠤᠷᠰᠢᠯᠴᠠᠬᠤ ᠶᠢ ᠴᠢᠩᠭᠠᠳᠬᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠰᠠᠨᠠᠭᠠᠴᠢᠯᠠᠭ᠎ᠠ   ᠠᠴᠠ ᠪᠠᠨ ᠠᠭᠤᠰᠤᠯᠴᠠᠨ᠂ ︽ᠨᠢᠭᠡ  ᠪᠦᠰᠡ ᠨᠢᠭᠡ ᠵᠠᠮ︾ ᠢ ᠬᠠᠮᠲᠤᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ  ᠤᠨ  ᠪᠦᠲᠦᠭᠡᠨ ᠪᠠᠶᠢᠭᠤᠯᠤᠯᠲᠠ  ᠳᠤ  ᠢᠳᠡᠪᠬᠢᠲᠡᠢ  ᠣᠷᠣᠯᠴᠠᠵᠤ ᠂  ᠪᠡᠭᠡᠵᠢᠩ  ᠲᠢᠶᠠᠨᠵᠢᠨ  ᠾᠧᠪᠧᠢ ᠂  ᠬᠥᠬᠡᠮᠥ᠋ᠷᠡᠨ  ᠤ ᠭᠤᠷᠪᠠᠯᠵᠢᠨ  ᠬᠤᠶᠢᠭ  ᠂ ︽ᠭᠤᠸᠠᠩᠳᠦ᠋ᠩ ᠰᠢᠶᠠᠩᠭᠠᠩ ᠣᠣᠮᠧᠨ︾ ᠤ ᠲᠣᠮᠣ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ︽ᠪᠦᠰᠡᠯᠡᠯᠲᠡ ᠶᠢ ᠰᠢᠪᠲᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠤᠣᠯ ᠠᠵᠢᠯ ᠢᠶᠠᠨ ᠭᠦᠨᠵᠡᠭᠡᠢ ᠰᠠᠶᠢᠲᠤᠷ ᠬᠢᠬᠦ᠂ ᠬᠦᠴᠦᠷᠬᠡᠭ ᠠᠵᠤ ᠠᠬᠤᠶᠢᠯᠠᠯ ᠲᠣᠮᠣ ᠠᠵᠤ ᠠᠬᠤᠶᠢᠯᠠᠯ ᠲᠠᠢ ᠬᠠᠮᠲᠤᠷᠠᠯᠴᠠᠭ᠎ᠠ ᠬᠢᠬᠦ ᠶᠢ ᠳᠡᠮᠵᠢᠵᠦ᠂ ᠭᠤᠣᠯᠯᠠᠬᠤ ᠴᠢᠳᠠᠮᠵᠢ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠬᠤᠲᠠ ᠶᠢᠨ ᠬᠠᠷᠢᠶ᠎ᠠ ᠳᠥᠷᠪᠡᠨ ᠶᠡᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠴᠥᠮ ᠠᠯᠳᠠᠭᠳᠠᠯ ᠲᠠᠢ ᠪᠠᠶᠢᠭᠰᠠᠨ ᠠᠴᠠ ᠣᠯᠵᠠᠪᠤᠷᠢ ᠲᠠᠢ ᠪᠣᠯᠭᠠᠬᠤ ᠶᠢ ᠪᠡᠶᠡᠯᠡᠭᠦᠯᠵᠦ᠂ ᠡᠵᠡᠩᠨᠡᠯᠲᠡ ᠶᠢᠨ ᠣᠷᠣᠯᠭ᠎ᠠ ᠶᠢ 40 ᠳ᠋ᠦᠩᠰᠢᠭᠤᠷ ᠲᠥᠭᠦᠷᠢᠭ ᠲᠤ ᠬᠦᠷᠭᠡᠨ᠎ᠡ᠃      ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠤᠶᠠᠨ ᠵᠢᠷᠭᠠᠯ ᠢ ᠨᠡᠮᠡᠭᠳᠡᠭᠦᠯᠦᠨ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠰᠠᠭᠤᠷᠢᠯᠠᠬᠤ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ  ᠲᠠᠰᠤᠷᠠᠯᠲᠠ ᠦᠭᠡᠢ ᠬᠠᠩᠭᠠᠬᠤ ᠬᠡᠷᠡᠭᠲᠡᠢ᠃       ᠦᠨᠳᠦᠰᠦᠲᠡᠨ ᠤ ᠪᠦᠯᠬᠦᠮᠳᠡᠯ ᠤᠨ ᠠᠮᠢᠨ ᠰᠤᠳᠠᠰᠤ ᠶᠢ ᠰᠠᠶᠢᠲᠤᠷ ᠰᠠᠬᠢᠨ᠎ᠠ᠃ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ᠂ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠬᠠᠷᠠᠯᠲᠠ ᠡᠭᠦᠷᠭᠡ ᠳᠤ ᠲᠥᠪᠯᠡᠷᠡᠭᠦᠯᠵᠦ᠂ ︽ᠭᠤᠷᠪᠠᠨ ᠲᠥᠯᠥᠪᠯᠡᠭᠡ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠵᠤ ᠳᠠᠭᠤᠷᠢᠶᠠᠯ ᠪᠣᠯᠵᠤ ᠵᠠᠭᠤ ᠮᠢᠩᠭ᠎ᠠ ᠲᠦᠮᠡ ᠶᠢ ᠬᠥᠲᠥᠯᠥᠨ ᠵᠢᠯᠣᠭᠤᠳᠬᠤ ᠠᠵᠢᠯᠯᠠᠭ᠎ᠠ᠂ ︽ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠡᠳᠬᠢᠯ  ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠭᠤᠣᠯ ᠰᠡᠳᠦᠪᠲᠦ ︽ᠠᠷᠪᠠᠨ ᠨᠢᠭᠡ︾ ᠢᠨᠵᠧᠨᠧᠷᠢᠩ ᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾ ︽ᠳᠦᠷᠪᠡᠨ ᠬᠠᠮᠲᠤ ᠪᠠᠷ︾ ︽ᠳᠦᠷᠪᠡᠨ  ᠬᠠᠮᠲᠤᠳᠬᠠᠬᠤ︾ ︽ᠲᠠᠪᠤᠨ ᠬᠠᠮᠲᠤ ᠶᠢᠨ ᠲᠠᠨᠢᠯᠲᠠ︾ ︽ᠲᠠᠪᠤᠨ ᠦᠵᠡᠯᠲᠡ︾  ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠴᠢᠩ ᠰᠡᠳᠬᠢᠯ ᠠᠴᠠ ᠪᠠᠨ ᠮᠡᠳᠡᠷᠡᠭᠦᠯᠦᠨ᠎ᠡ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ  ᠶᠢ ᠡᠭᠦᠳᠦᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃       ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠬᠠᠯᠠᠭᠤᠨ ᠳᠤᠯᠠᠭᠠᠨ ᠢᠨᠵᠧᠨᠧᠷᠢᠩ ᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ ︽ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ︾ ᠢ ᠳᠡᠭᠡᠭᠰᠢᠯᠡᠭᠦᠯᠵᠦ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ  ᠴᠢᠩᠭᠠᠷᠠᠭᠤᠯᠤᠨ᠎ᠠ᠃ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠥᠮᠦᠰ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ ᠭᠤᠣᠯ ᠵᠠᠮ ᠳᠠᠭᠠᠤ ᠦᠯᠡᠳᠡᠭᠰᠡᠨ ᠡᠷᠦᠬᠡ ᠶᠢ ᠲᠠᠲᠠᠪᠤᠷᠢᠯᠠᠨ ᠨᠤᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ 5257 ᠢᠵᠢ ︽ᠲᠤᠰᠢᠶᠠᠬᠤ ᠪᠠᠲᠤᠯᠠᠭᠠᠲᠤ ᠠᠰᠠᠷ︾ ᠤᠨ ᠡᠭᠦᠷᠭᠡ ᠶᠢ ᠪᠡᠶᠡᠯᠡᠭᠦᠯᠵᠦ᠂ 54 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 131.6 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠪᠠ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠶᠢ ᠳᠡᠮᠵᠢᠨ᠎ᠡ᠃       ᠪᠦᠲᠦᠮᠵᠢᠲᠡᠶ ᠵᠣᠯᠭᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠳᠤ ᠬᠥᠳᠡᠯᠦᠩᠭᠦᠢ ᠬᠢᠨᠠᠯᠲᠠ ᠲᠠᠯᠪᠢᠬᠤ ᠪᠠ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠤᠨ ᠥᠷᠨᠢᠭᠦᠯᠵᠦ᠂ ᠬᠥᠭᠵᠢᠯᠲᠡ᠂ ᠪᠠᠲᠤᠯᠠᠭ᠎ᠠ᠂ ᠦᠨᠳᠦᠰᠦᠨ ᠵᠦᠢᠯ ᠢ ᠪᠠᠲᠤᠯᠠᠬᠤ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠶᠠᠪᠤᠳᠠᠯ ᠥᠯᠥ ᠭᠠᠷᠬᠤ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠᠷ ᠭᠠᠷᠳᠠᠴᠠ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠣᠷᠣᠰᠢᠨ ᠰᠠᠭᠤᠵᠤ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠤᠨ᠎ᠠ᠃       ᠠᠷᠠᠳ ᠲᠦᠮᠡᠨ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 90% ᠳᠤ ᠬᠦᠷᠭᠡᠵᠦ᠂ ᠯᠢᠨ ᠾᠧ ᠲᠣᠭᠤᠷᠢᠭ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠰᠢᠯᠭᠠᠨ ᠪᠠᠶᠢᠴᠠᠭᠠᠯᠲᠠ ᠶᠢ ᠴᠢᠨᠠᠷ ᠰᠠᠶᠢᠲᠠᠢ ᠥᠩᠭᠡᠷᠡᠭᠦᠯᠵᠦ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠪᠠᠶᠠᠨᠨᠠᠭᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠢᠳᠡᠪᠬᠢᠲᠡᠢ ᠪᠡᠯᠡᠳᠬᠡᠨ ᠪᠠᠶᠢᠭᠤᠯᠵᠤ᠂ ᠪᠣᠷᠣᠳᠣᠬᠤᠢ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠮᠠᠰᠲ᠋ᠧᠷ ᠴᠣᠯᠠᠯᠠᠬᠤ ᠡᠷᠬᠡ ᠣᠯᠭᠤᠬᠤ ᠴᠡᠭ ᠭᠤᠶᠤᠴᠢᠯᠠᠨ ᠮᠡᠳᠡᠭᠦᠯᠬᠦ ᠶᠢ ᠶᠡᠬᠡᠪᠡᠷ ᠳᠡᠮᠵᠢᠨ᠎ᠡ᠃ ᠪᠠᠶᠠᠨᠨᠠᠭᠤᠷ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ᠂ ᠳᠥᠷᠪᠡᠳᠦᠭᠡᠷ ᠬᠡᠦᠬᠡᠳ ᠤᠨ ᠴᠡᠴᠡᠷᠯᠢᠭ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠮᠢᠩ ᠵᠦ ᠬᠤᠪᠢᠶᠠᠷᠢ ᠰᠤᠷᠭᠠᠭᠤᠯᠢ ᠶᠢ ᠪᠠᠶᠢᠭᠤᠯᠵᠤ᠂ 4020 ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠭᠦᠯᠦᠨ᠎ᠡ᠃ 718 ᠰᠢᠯᠢᠳᠡᠭ ᠪᠠᠭᠰᠢ ᠶᠢ ᠤᠷᠢᠨ ᠬᠡᠷᠡᠭᠯᠡᠵᠦ᠂ ᠳᠡᠭᠡᠷ᠎ᠡ ᠬᠠᠭᠠᠰ ᠵᠢᠯ ᠳᠤ ᠪᠦᠬᠦᠨ ᠢ ᠠᠵᠢᠯ ᠤᠨ ᠪᠠᠶᠢᠷᠢ ᠳᠤ ᠭᠠᠷᠭᠠᠨ᠎ᠠ᠃       ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠶᠡᠬᠡᠪᠡᠷ ᠤᠯᠠᠮᠵᠢᠯᠠᠨ ᠪᠠᠳᠠᠷᠠᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠣᠯᠣᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠢ ᠭᠤᠶᠤᠴᠢᠯᠠᠨ ᠡᠷᠬᠢᠯᠡᠬᠦ ᠠᠵᠢᠯ ᠢ ᠡᠬᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ᠂ ᠡᠷᠡᠭᠦᠯ ᠮᠡᠨᠳᠦ ᠪᠠᠶᠠᠨᠨᠠᠭᠤᠷ ᠤᠨ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠰᠢᠨ᠎ᠡ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠬᠢ ᠶᠢ ᠬᠦᠴᠦᠯᠡᠨ ᠳᠡᠭᠡᠭᠰᠢᠯᠡᠭᠦᠯᠵᠦ᠂ ᠰᠠᠶᠢᠨ ᠡᠮᠴᠢ᠂ ᠰᠠᠶᠢᠨ ᠡᠮᠴᠢᠯᠡᠭᠡᠨ ᠤ ᠮᠡᠷᠭᠡᠵᠢᠯ ᠳᠤ ᠲᠦᠰᠢᠭᠯᠡᠨ ᠨᠡᠩ ᠤᠯᠠᠨ ᠠᠷᠠᠳ ᠲᠦᠮᠡᠨ ᠳᠤ ᠬᠤᠳᠠ ᠶᠢᠨ ᠳᠣᠲᠣᠷ᠎ᠠ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠡᠳ᠋ᠯᠡᠭᠦᠯᠦᠨ᠎ᠡ᠃ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠦᠢᠯᠡᠴᠢᠯᠡᠭᠡᠨ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠨᠠᠰᠤᠲᠠᠶᠢᠴᠤᠳ᠂ ᠬᠡᠦᠬᠡᠳ︾  ᠤᠨ ᠠᠰᠠᠭᠤᠳᠠᠯ ᠢ ᠲᠣᠪᠣᠶᠢᠮ᠎ᠠ ᠰᠢᠢᠳᠪᠦᠷᠢᠯᠡᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠮᠢᠩᠭᠠᠨ ᠪᠠᠶᠢᠩᠭᠤ ᠰᠠᠭᠤᠭ᠎ᠠ ᠬᠥᠮᠥᠨ ᠠᠮᠠ ᠳᠤ ᠦᠨᠡᠮᠯᠡᠯ ᠲᠠᠢ ᠨᠡᠶᠢᠭᠡᠮ ᠲᠣᠭᠤᠷᠢᠭ ᠤᠨ ᠠᠵᠢᠯᠴᠢᠨ ᠤ ᠲᠤᠭ᠎ᠠ ᠶᠢ 0.7 ᠳᠤ ᠬᠦᠷᠭᠡᠨ᠎ᠡ᠃       ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ︽ᠮᠡᠳᠡᠭᠡ᠂ ᠵᠠᠷᠯᠢᠭ᠂ ᠠᠵᠢᠯᠯᠠᠭ᠎ᠠ︾  ᠶᠢ ᠨᠢᠭᠡ ᠴᠣᠭᠴᠠᠵᠢᠭᠤᠯᠤᠭᠰᠠᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠨ ᠴᠠᠭᠳᠠᠭ᠎ᠠ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠵᠠᠯᠬᠠᠭᠠᠨ ᠰᠢᠢᠳᠬᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠬᠠᠤᠯᠢᠵᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠴᠢᠨᠠᠷ ᠴᠢᠨᠰᠠᠭ᠎ᠠ ᠶᠢᠨ ᠬᠦᠴᠦᠷᠬᠡᠭ ᠬᠤᠲᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠨ᠂ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠡᠭᠦᠳᠦᠨ ᠪᠠᠶᠢᠭᠤᠯᠤᠨ᠎ᠠ᠃       ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠷᠢ ᠥᠭᠴᠡᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠯᠠᠪᠳᠠᠭᠤᠨ ᠢᠶᠠᠷ ᠵᠦᠭᠰᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠷᠢ ᠥᠭᠴᠡᠭᠡ  ᠶᠢ ᠪᠦᠲᠦᠮᠵᠢᠲᠡᠢ ᠬᠠᠮᠢᠶᠠᠷᠴᠤ ᠡᠵᠡᠮᠳᠡᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠬᠥᠭᠵᠢᠯᠲᠡ ᠶᠢ ᠲᠦᠯᠬᠢᠨ ᠠᠬᠢᠭᠤᠯᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ︵ᠲᠤᠯᠤᠭ᠎ᠠ︶ ᠰᠤᠷᠲᠠᠯ ᠢᠶᠠᠨ ᠬᠤᠪᠢᠷᠠᠭᠤᠯᠵᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠦᠮᠡᠨ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠬᠤ ᠳᠤ ᠰᠢᠨ᠎ᠡ ᠦᠷ᠎ᠡ ᠪᠦᠲᠦᠮᠵᠢ ᠣᠯᠣᠨ᠎ᠠ᠃ ︽ᠲᠤᠯᠤᠭᠠᠨ ᠤᠬᠠᠮᠰᠠᠷ︾ ᠢ ᠴᠢᠩᠭᠠᠷᠠᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠵᠦ᠂ ᠨᠢᠭᠡ ᠰᠡᠳᠬᠢᠯ ᠨᠢᠭᠡ ᠰᠠᠨᠠᠭ᠎ᠠ ᠪᠠᠷ ᠠᠵᠢᠯ ᠦᠢᠯᠡᠰ ᠢᠶᠠᠨ ᠪᠦᠲᠦᠭᠡᠵᠦ᠂ ᠬᠠᠮᠤᠭ ᠤᠨ ᠰᠠᠶᠢᠨ ᠪᠠᠶᠢᠳᠠᠯ᠂ ᠬᠠᠮᠤᠭ ᠤᠨ ᠥᠨᠳᠥᠷ ᠪᠠᠷᠢᠮᠵᠢᠶ᠎ᠠ ᠪᠠᠷ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠭᠦᠢᠴᠡᠳᠬᠡᠵᠦ᠂ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠵᠢᠯᠯᠠᠭ᠎ᠠ ᠶᠢ ᠢᠯᠡᠷᠡᠭᠦᠯᠦᠨ᠎ᠡ᠃       ᠦᠨᠡᠨᠴᠢ ᠰᠢᠳᠤᠷᠭᠤ ᠶᠢᠨ ᠰᠦᠭ ᠰᠦᠨᠡᠰᠦ ᠶᠢ ᠪᠠᠲᠤ ᠴᠣᠭᠴᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠢᠮᠠᠭᠲᠠ ᠪᠠᠷᠢᠮᠲᠠᠯᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽  ᠲᠦᠷᠪᠡᠨ  ᠤᠬᠠᠮᠰᠠᠷ ︾  ᠢ ᠴᠢᠩᠭᠠᠳᠬᠠᠵᠤ᠂ ︽ᠲᠦᠷᠪᠡᠨ ᠢᠲᠡᠭᠡᠯ︾  ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ᠃       ᠠᠷᠠᠳ ᠤᠨ ᠲᠥᠯᠥᠭᠡ ᠵᠢᠳᠬᠦᠬᠦ ᠵᠣᠷᠢᠯᠲᠠ ᠪᠠᠨ ᠪᠠᠲᠤ ᠴᠡᠭᠡᠵᠢᠯᠡᠨ᠎ᠡ᠃ ᠵᠥᠪ ᠣᠨᠣᠪᠴᠢᠲᠠᠶ ᠠᠵᠢᠯ ᠤᠨ ᠠᠮᠵᠢᠯᠲᠠ ᠶᠢᠨ ᠦᠵᠡᠯᠲᠡ ᠶᠢ ᠤᠬᠠᠮᠰᠠᠷ ᠠᠴᠠ ᠪᠠᠨ ᠪᠠᠲᠤ ᠪᠤᠶ ᠪᠣᠯᠭᠠᠨ ᠦᠢᠯᠡᠳᠦᠯᠭᠡᠵᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠤᠬᠠᠮᠰᠠᠷ ᠠᠴᠠ ᠪᠠᠨ ᠣᠯᠠᠨ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠵᠠᠰᠠᠭ ᠤᠨ ᠣᠷᠳᠣᠨ ᠤ ᠠᠵᠢᠯ ᠢ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠩ ᠢᠯᠡᠭᠦᠦ ᠨᠡᠶᠢᠴᠡᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠢᠯᠡᠷᠡᠭᠦᠯᠬᠦ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠴᠠᠭᠠᠵᠠ᠂ ᠣᠯᠠᠨ ᠲᠦᠮᠡᠨ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ᠂ ᠬᠢᠨᠠᠨ ᠪᠤᠳᠤᠬᠤ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠨ᠎ᠡ᠃      ᠬᠠᠤᠯᠢᠵᠢᠯ ᠤᠨ ᠰᠠᠭᠤᠷᠢ ᠶᠢ ᠵᠤᠵᠠᠭᠠᠳᠬᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠪᠦᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠨ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠬᠠᠤᠯᠢ ᠶᠣᠰᠣᠭᠠᠷ ᠲᠦᠯᠬᠢᠨ ᠠᠬᠢᠭᠤᠯᠤᠨ᠎ᠠ᠃ ︽ᠪᠠᠶᠠᠨᠨᠠᠭᠤᠷ ᠬᠤᠳᠠ ᠶᠢᠨ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠳᠦᠷᠢᠮ︾ ᠢ ᠨᠡᠶᠢᠲᠡᠯᠡᠨ ᠬᠡᠷᠡᠭᠵᠢᠭᠦᠯᠦᠨ᠎ᠡ᠃ ᠬᠠᠤᠯᠢᠵᠢᠯ ᠢ ᠡᠷᠬᠢᠮᠯᠡᠬᠦ᠂ ᠬᠠᠤᠯᠢ ᠴᠠᠭᠠᠵᠠ ᠶᠢ ᠪᠢᠰᠢᠷᠡᠨ ᠵᠢᠷᠦᠬᠡᠰᠢᠶᠡᠬᠦ ᠶᠢ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠢ ᠪᠠ ᠠᠷᠭ᠎ᠠ ᠮᠠᠶ᠋ᠢᠭ ᠢᠶᠠᠷ ᠠᠵᠢᠯ ᠢᠶᠠᠨ ᠲᠦᠯᠬᠢᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠠᠵᠢᠯ ᠤᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃       ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠷᠠᠭᠤᠯᠬᠤ᠂ ᠪᠤᠢ ᠪᠣᠯᠭᠠᠬᠤ ᠪᠠᠷ ᠰᠤᠷᠲᠠᠯ ᠤᠨ ᠪᠠᠶᠢᠭᠤᠯᠤᠯᠲᠠ ᠶᠢ ᠪᠠᠶᠢᠩᠭᠤ ᠶᠢᠨ ᠤᠷᠲᠤ ᠬᠤᠭᠤᠴᠠᠭ᠎ᠠ ᠪᠠᠷ ᠠᠬᠢᠭᠤᠯᠤᠨ᠎ᠠ᠃ ᠠᠵᠢᠯᠴᠢ ᠠᠷᠪᠢᠴᠢ ᠪᠠᠶᠢᠬᠤ ᠶᠢ ᠪᠠᠷᠢᠮᠲᠠᠯᠠᠵᠤ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ ᠶᠢ ᠪᠠᠷᠢᠮᠲᠠᠯᠠᠵᠤ᠂ ᠵᠠᠷᠤᠬᠤ ᠶᠣᠰᠣᠲᠠᠢ ᠵᠣᠭᠤᠰ ᠢ ᠵᠠᠷᠤᠵᠤ᠂ ᠵᠠᠷᠤᠬᠤ ᠶᠣᠰᠣ ᠦᠭᠡᠢ ᠵᠣᠭᠤᠰ ᠢ ᠬᠡᠳᠦᠢ ᠪᠠᠭ᠎ᠠ ᠴᠤ ᠵᠠᠷᠤᠬᠤ ᠦᠭᠡᠢ ᠪᠠᠶᠢᠬᠤ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ︽ᠠᠷᠪᠢᠯᠠᠨ ᠭᠠᠮᠨᠠᠵᠤ ᠠᠮᠢᠳᠤᠷᠠᠬᠤ︾  ᠪᠠᠷ ᠤᠯᠠᠨ ᠲᠦᠮᠡᠨ ᠤ ︽ᠰᠠᠶᠢᠨ ᠠᠮᠢᠳᠤᠷᠠᠯ︾ ᠢ ᠦᠨᠡᠨᠬᠦ ᠰᠣᠯᠢᠵᠤ ᠠᠪᠴᠢᠷᠠᠬᠤ ᠬᠡᠷᠡᠭᠲᠡᠢ᠃ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠵᠢᠳᠬᠦᠨ ᠴᠢᠷᠮᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠣᠨᠴᠠᠯᠢᠭ ᠪᠣᠯᠭᠠᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠦᠷᠦ ᠶᠢᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ᠃       ᠲᠥᠯᠥᠭᠡᠯᠡᠭᠴᠢᠳ ᠠ᠋︕ ᠡᠭᠦᠷᠭᠡ ᠲᠤᠰᠢᠶᠠᠯ ᠡᠭᠦᠷᠭᠡᠯᠡᠯ ᠢ ᠤᠷᠢᠶᠠᠯᠠᠵᠤ᠂ ᠪᠣᠳᠠᠲᠠᠢ ᠠᠵᠢᠯᠯᠠᠬᠤ ᠪᠠᠷ ᠢᠷᠡᠭᠡᠳᠦᠢ ᠪᠠᠨ ᠴᠣᠭᠴᠠᠯᠠᠳᠠᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕  
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ