ᠪᠠᠶᠠᠨᠨᠠᠭᠤᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/1
      ᠭᠤᠣᠯ ᠡᠭᠦᠷᠭᠡ ᠬᠠᠷᠢᠭᠤᠴᠠᠯᠭ᠎ᠠ᠄       ︵ᠨᠢᠭᠡ︶ ᠪᠥᠬᠦ ᠬᠤᠲᠠ ᠶᠢᠨ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠳᠡᠵᠦ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠬᠤᠶᠠᠷ︶ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠪᠣᠯᠣᠨ ᠲᠡᠦᠬᠡ ᠶᠢᠨ ᠳᠤᠷᠠᠰᠬᠠᠯᠲᠤ ᠵᠦᠢᠯ ᠤᠨ ᠦᠢᠯᠡᠰ᠂ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠪᠣᠯᠣᠨ ᠷᠠᠳᠢᠣ᠋ ᠲᠧᠯᠸᠢᠰ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃       ︵ᠭᠤᠷᠪᠠ︶ ᠪᠥᠬᠦ ᠬᠤᠲᠠ ᠶᠢᠨ ᠰᠣᠶᠣᠯ ᠤᠷᠠᠯᠢᠭ ᠤᠨ ᠦᠢᠯᠡᠰ ᠢ ᠵᠢᠯᠣᠭᠤᠳᠤᠨ ᠬᠠᠮᠢᠶᠠᠷᠴᠤ᠂ ᠤᠷᠠᠯᠢᠭ ᠤᠨ ᠵᠣᠬᠢᠶᠠᠨ ᠪᠦᠲᠦᠭᠡᠯᠭᠡ ᠦᠢᠯᠡᠳᠪᠦᠷᠢᠯᠡᠯ ᠢ ᠵᠢᠯᠣᠭᠤᠳᠤᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠢ ᠲᠥᠯᠥᠭᠡᠯᠡᠬᠦ ᠴᠢᠨᠠᠷᠲᠠᠢ ᠵᠢᠱᠢᠶ᠎ᠡ ᠦᠵᠡᠭᠦᠯᠬᠦ ᠴᠢᠨᠠᠷᠲᠠᠢ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠳᠡᠮᠵᠢᠵᠦ᠂ ᠡᠯ᠎ᠡ ᠲᠥᠷᠥᠯ ᠤᠨ ᠤᠷᠠᠯᠢᠭ᠂ ᠡᠯ᠎ᠡ ᠤᠷᠠᠯᠢᠭ ᠤᠨ ᠲᠥᠷᠥᠯ ᠵᠦᠢᠯ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠴᠢᠬᠤᠯᠠ ᠶᠡᠭᠡ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ ᠃ ᠪᠥᠬᠦ ᠬᠤᠲᠠ ᠶᠢᠨ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃       ︵ᠳᠥᠷᠪᠡ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ᠂ ᠲᠡᠦᠬᠡ ᠶᠢᠨ ᠳᠤᠷᠠᠰᠬᠠᠯᠲᠤ ᠵᠦᠢᠯ ᠪᠠ ᠮᠦᠽᠧᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ  ᠶᠢ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠰᠣᠶᠣᠯ᠂ ᠷᠠᠳᠢᠣ᠋ ᠲᠧᠯᠸᠢᠰ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠥᠬᠦ ᠬᠤᠲᠠ ᠶᠢᠨ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠪᠠ ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠦᠢᠯᠡᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠴᠢᠩᠭᠠᠳᠬᠠᠬᠤ ᠶᠢᠨ ᠬᠠᠮᠲᠤ ᠲᠡᠳᠬᠦᠨ ᠳᠡᠮᠵᠢᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃       ︵ᠲᠠᠪᠤ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠮᠠᠨᠳᠤᠭᠤᠯᠬᠤ ᠶᠢ ᠠᠬᠢᠭᠤᠯᠤᠨ᠎ᠠ᠃       ︵ᠵᠢᠷᠭᠤᠭ᠎ᠠ︶ ᠪᠥᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠪᠠ ᠮᠦᠽᠧᠢ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠣᠶᠣᠯ ᠤᠨ ᠥᠪ ᠤᠨ ᠬᠠᠮᠠᠭᠠᠯᠠᠯᠲᠠ᠂ ᠬᠠᠮᠢᠶᠠᠷᠤᠯᠲᠠ ᠶᠢ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠳᠡᠯᠡᠬᠡᠢ ᠶᠢᠨ ᠰᠣᠶᠣᠯ ᠤᠨ ᠥᠪ ᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠰᠣᠶᠣᠯ ᠤᠨ ᠨᠡᠷᠡᠳᠦ ᠬᠤᠳᠠ ︵ᠪᠠᠯᠭᠠᠰᠤ᠂ ᠲᠣᠰᠬᠤᠨ︶᠂ ᠤᠯᠠᠮᠵᠢᠯᠠᠯᠲᠤ ᠠᠶᠢᠯ ᠲᠣᠰᠬᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠷᠬᠡ ᠶᠢᠨ ᠬᠡᠪᠴᠢᠶ᠎ᠡ ᠶᠣᠰᠣᠭᠠᠷ ᠲᠡᠦᠬᠡ ᠶᠢᠨ ᠳᠤᠷᠠᠰᠬᠠᠯᠲᠤ ᠵᠦᠢᠯ ᠪᠠ ᠮᠦᠽᠧᠢ ᠶᠢᠨ ᠬᠤᠯᠪᠣᠭᠳᠠᠯ ᠪᠦᠬᠦᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠠᠵᠢᠯ ᠢ ᠵᠣᠬᠢᠴᠠᠭᠤᠯᠤᠨ ᠵᠢᠯᠤᠭᠤᠳᠴᠤ᠂ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠵᠦᠢᠯᠡᠰ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠰᠢᠪᠠᠳᠠᠨ ᠪᠠᠶᠢᠴᠠᠭᠠᠵᠤ ᠪᠦᠬᠦ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯ ᠪᠠ ᠮᠦᠽᠧᠢ ᠶᠢᠨ ᠲᠤᠬᠠᠶᠢᠯᠠᠭᠰᠠᠨ ᠠᠵᠢᠯ ᠢ ᠵᠢᠯᠤᠭᠤᠳᠴᠤ᠂ ᠮᠦᠽᠧᠢ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠵᠢᠯᠴᠠᠭ᠎ᠠ ᠶᠢ ᠵᠣᠬᠢᠴᠠᠭᠤᠯᠤᠨ᠎ᠠ᠃       ︵ᠳᠣᠯᠤᠭ᠎ᠠ︶ ᠰᠣᠶᠣᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠵᠦ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠠᠨᠨᠠᠭᠤᠷ ᠬᠤᠲᠠ ᠶᠢᠨ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠯᠭᠡᠷᠡᠭᠦᠯᠬᠦ ᠶᠢ ᠵᠣᠬᠢᠶᠠᠨ ᠪᠠᠶᠢᠭᠤᠯᠤᠨ᠂ ᠰᠣᠶᠣᠯ᠂ ᠵᠢᠭᠤᠯᠴᠢᠯᠠᠯ ᠤᠨ ᠭᠠᠳᠠᠭᠠᠳᠤ ᠲᠠᠢ ᠬᠠᠮᠲᠤᠷᠠᠯᠴᠠᠬᠤ ᠪᠠ ᠵᠠᠬ᠎ᠠ ᠳᠡᠯᠭᠡᠭᠦᠷ ᠤᠨ ᠳᠡᠯᠭᠡᠷᠡᠭᠦᠯᠬᠦ ᠶᠢ ᠠᠬᠢᠭᠤᠯᠵᠤ᠂ ᠰᠣᠶᠣᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠴᠠᠷᠠᠭᠠᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠠᠵᠢᠯ ᠢ ᠵᠢᠯᠣᠭᠤᠳᠤᠨ ᠠᠬᠢᠭᠤᠯᠤᠨ᠎ᠠ᠃ ᠰᠣᠶᠣᠯ᠂ ᠵᠢᠭᠤᠯᠴᠢᠯᠠᠯ ᠪᠠ ᠷᠠᠳᠢᠣ᠋ ᠨᠡᠪᠲᠡᠷᠡᠭᠦᠯᠭᠡ ᠲᠧᠯᠸᠢᠰ ᠤᠨ ᠠᠵᠢᠯ ᠲᠦᠷᠦᠯ ᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠠᠵᠢᠯ ᠲᠦᠷᠦᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃       ︵ᠨᠠᠢᠮᠠ︶ ᠰᠣᠶᠣᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠵᠢᠯᠤᠭᠤᠳᠴᠤ᠂ ᠵᠠᠬ᠎ᠠ ᠳᠡᠯᠭᠡᠭᠦᠷ ᠤᠨ ᠡᠵᠡᠩᠨᠡᠯᠲᠡ᠂ ᠠᠶᠤᠯ ᠦᠭᠡᠢ ᠦᠢᠯᠡᠳᠪᠦᠷᠢᠯᠡᠯ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠵᠢᠷᠤᠮᠵᠢᠭᠤᠯᠤᠨ᠎ᠠ᠃       ︵ᠶᠢᠰᠦ︶ ᠪᠥᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ ᠬᠠᠮᠢᠶᠠᠷᠴᠤ᠂ ᠪᠥᠬᠦ ᠬᠤᠲᠠ ᠶᠢᠨ ᠴᠢᠨᠠᠷᠲᠠᠢ᠂ ᠣᠷᠣᠨ ᠪᠦᠰᠡ ᠠᠯᠤᠰᠯᠠᠭᠰᠠᠨ ᠰᠣᠶᠣᠯ᠂ ᠲᠡᠦᠬᠡ ᠶᠢᠨ ᠳᠤᠷᠠᠰᠬᠠᠯᠲᠤ ᠵᠦᠢᠯᠡᠰ᠂ ᠬᠡᠪᠯᠡᠯ᠂ ᠷᠠᠳᠢᠣ᠋ ᠲᠧᠯᠸᠢᠰ᠂ ᠺᠢᠨᠣ᠋᠂ ᠵᠢᠭᠤᠯᠴᠢᠯᠠᠯ ᠵᠡᠷᠭᠡ ᠵᠠᠬ᠎ᠠ ᠳᠡᠯᠭᠡᠭᠦᠷ ᠤᠨ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠲᠣᠮᠣ ᠬᠡᠷᠡᠭ ᠴᠢᠬᠤᠯᠠ ᠬᠡᠷᠡᠭ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃       ︵ᠠᠷᠪᠠ︶ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠠᠵᠢᠯ ᠲᠥᠷᠥᠯ᠂ ᠲᠡᠦᠬᠡ ᠶᠢᠨ ᠳᠤᠷᠠᠰᠬᠠᠯᠲᠤ ᠵᠦᠢᠯ ᠪᠠ ᠮᠦᠽᠧᠢ ᠶᠢᠨ ᠴᠢᠳᠠᠪᠤᠷᠢᠲᠠᠨ ᠤ ᠨᠡᠭᠡᠭᠡᠯᠲᠡ ᠪᠠ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃       ︵ᠠᠷᠪᠠᠨ ᠨᠢᠭᠡ︶ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠰᠣᠯᠢᠯᠴᠠᠭ᠎ᠠ ᠬᠠᠮᠲᠤᠷᠠᠯᠴᠠᠭ᠎ᠠ ᠬᠢᠭᠡᠳ ᠤᠬᠠᠭᠤᠯᠬᠤ᠂ ᠳᠡᠯᠭᠡᠷᠡᠭᠦᠯᠬᠦ ᠠᠵᠢᠯ ᠢ ᠵᠢᠯᠣᠭᠤᠳᠤᠨ ᠬᠠᠮᠢᠶᠠᠷᠴᠤ᠂ ᠰᠣᠶᠣᠯ᠂ ᠵᠢᠭᠤᠯᠴᠢᠯᠠᠯ ᠤᠨ ᠭᠠᠳᠠᠭᠠᠳᠤ ᠲᠠᠢ ᠰᠣᠯᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃       ︵ᠠᠷᠪᠠᠨ ᠬᠤᠶᠠᠷ︶ ᠪᠥᠬᠦ ᠬᠤᠲᠠ ᠶᠢᠨ ᠴᠢᠨᠠᠷᠲᠠᠢ ᠷᠠᠳᠢᠣ᠋ ᠲᠧᠯᠸᠢᠰ ᠤᠨ ᠭᠤᠣᠯ ᠰᠡᠳᠦᠪᠲᠦ ᠤᠬᠠᠭᠤᠯᠭ᠎ᠠ᠂ ᠲᠤᠰᠬᠠᠢ ᠰᠡᠳᠦᠪᠲᠦ ᠤᠬᠠᠭᠤᠯᠭ᠎ᠠ ᠪᠠ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠢᠯᠣᠭᠤᠳᠤᠨ ᠵᠣᠬᠢᠴᠠᠭᠤᠯᠤᠨ᠎ᠠ᠃ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠣᠭ᠍ᠷᠠᠮ ᠪᠠ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠠᠭᠤᠯᠭ᠎ᠠ ᠪᠠ ᠶᠠᠰᠤ ᠴᠢᠨᠠᠷ ᠢ ᠬᠢᠨᠠᠨ ᠬᠠᠮᠢᠶᠠᠷᠴᠤ᠂ ᠬᠢᠨᠠᠨ ᠪᠠᠶᠢᠴᠠᠭᠠᠨ᠎ᠠ᠃ ᠷᠠᠳᠢᠣ᠋ ᠲᠧᠯᠸᠢᠰ ᠤᠨ ᠵᠠᠷ ᠮᠡᠳᠡᠭᠡ ᠨᠡᠪᠲᠡᠷᠡᠭᠦᠯᠬᠦ ᠶᠢ ᠵᠢᠯᠣᠭᠤᠳᠤᠨ ᠬᠢᠨᠠᠨ ᠬᠠᠮᠢᠶᠠᠷᠴᠤ᠂ ᠪᠥᠬᠦ ᠬᠤᠲᠠ ᠶᠢᠨ ᠲᠧᠯᠸᠢᠰ ᠵᠦᠴᠦᠭᠡ ᠶᠢᠨ ᠠᠵᠢᠯ ᠲᠥᠷᠥᠯ ᠤᠨ ᠬᠥᠭᠵᠢᠯᠲᠡ ᠪᠠ ᠲᠧᠯᠸᠢᠰ ᠵᠦᠴᠦᠭᠡ ᠶᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠵᠢᠯᠣᠭᠤᠳᠤᠨ᠎ᠠ᠃       ︵ᠠᠷᠪᠠᠨ ᠭᠤᠷᠪᠠ︶ ᠪᠥᠬᠦ ᠬᠤᠲᠠ ᠶᠢᠨ ᠡᠯ᠎ᠡ ᠲᠥᠷᠥᠯ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠮᠢᠶᠠᠷᠤᠯᠲᠠ ᠶᠠᠪᠤᠭᠤᠯᠤᠨ᠎ᠠ᠃ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ᠂  ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃       ︵ᠠᠷᠪᠠᠨ ᠳᠥᠷᠪᠡ︶ ᠪᠥᠬᠦ ᠬᠤᠲᠠ ᠶᠢᠨ ᠷᠠᠳᠢᠣ᠋ ᠲᠧᠯᠸᠢᠰ ᠬᠢᠭᠡᠳ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ ᠶᠢ ᠬᠠᠷᠢᠭᠤᠴᠠᠨ ᠠᠬᠢᠭᠤᠯᠵᠤ᠂ ᠷᠠᠳᠢᠣ᠋ ᠲᠧᠯᠸᠢᠰ ᠤᠨ ᠲᠣᠣᠷ ᠬᠢᠭᠡᠳ ᠴᠠᠬᠢᠯᠭᠠᠨ ᠬᠤᠯᠪᠣᠭᠠᠨ ᠤ ᠲᠣᠣᠷ᠂ ᠢᠨᠲ᠋ᠧᠷ ᠰᠦᠯᠵᠢᠶ᠎ᠡ ᠭᠤᠷᠪᠠᠨ ᠰᠦᠯᠵᠢᠶ᠎ᠡ ᠶᠢᠨ ᠠᠭᠤᠰᠤᠯᠴᠠᠯ ᠢ ᠠᠬᠢᠭᠤᠯᠤᠨ᠎ᠠ᠃       ︵ᠠᠷᠪᠠᠨ ᠲᠠᠪᠤ︶ ᠪᠥᠬᠦ ᠬᠤᠲᠠ ᠶᠢᠨ ᠰᠣᠶᠣᠯ᠂ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠵᠢᠯᠣᠭᠤᠳᠤᠨ ᠠᠬᠢᠭᠤᠯᠵᠤ᠂ ᠪᠥᠬᠦ ᠬᠤᠲᠠ ᠶᠢᠨ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃       ︵ᠠᠷᠪᠠᠨ ᠵᠢᠷᠭᠤᠭ᠎ᠠ︶ ᠪᠥᠬᠦ ᠬᠤᠲᠠ ᠶᠢᠨ ᠷᠠᠳᠢᠣ᠋ ᠲᠧᠯᠸᠢᠰ ᠤᠨ ᠫᠷᠣᠭ᠍ᠷᠠᠮ ᠤᠨ ᠳᠠᠮᠵᠢᠭᠤᠯᠭ᠎ᠠ ᠶᠢᠨ ᠬᠠᠮᠤᠷᠬᠤ᠂ ᠬᠢᠨᠠᠨ ᠬᠡᠮᠵᠢᠬᠦ ᠪᠠ ᠠᠮᠤᠷ ᠲᠦᠪᠰᠢᠨ ᠢᠶᠠᠷ ᠨᠡᠪᠲᠡᠷᠡᠭᠦᠯᠬᠦ ᠳᠤ ᠬᠢᠨᠠᠯᠲᠠ ᠬᠠᠮᠢᠶᠠᠷᠤᠯᠲᠠ ᠪᠠ ᠵᠢᠯᠣᠭᠤᠳᠤᠯᠭ᠎ᠠ ᠬᠢᠬᠦ ᠶᠢ ᠬᠠᠷᠢᠭᠤᠴᠠᠵᠤ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃       ︵ᠠᠷᠪᠠᠨ ᠳᠣᠯᠤᠭ᠎ᠠ︶ ᠪᠥᠬᠦ ᠬᠤᠲᠠ ᠶᠢᠨ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠰᠢᠰᠲ᠋ᠧᠮ ᠤᠨ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠬᠠᠷᠢᠭᠤᠴᠠᠵᠤ᠂ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠷᠠᠳᠢᠣ᠋ ᠲᠧᠯᠸᠢᠰ ᠤᠨ ᠰᠢᠰᠲ᠋ᠧᠮ ᠤᠨ ᠠᠮᠤᠷ ᠲᠦᠪᠰᠢᠨ ᠢᠶᠠᠷ ᠨᠡᠪᠲᠡᠷᠡᠭᠦᠯᠬᠦ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠬᠠᠮᠠᠭᠠᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃       ︵ᠠᠷᠪᠠᠨ ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ