ᠠᠴᠢᠲᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠵᠢᠴᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/11
      2 ᠰᠠᠷ᠎ᠠ ᠶᠢᠨ 27 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠠᠴᠢᠲᠤ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠵᠢᠴᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠭᠦᠸᠧ ᠯᠢᠶᠠᠨ ᠶᠤᠸᠠᠢ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠭᠦᠸᠧ ᠮᠢᠩ ᠸᠠᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ ᠯᠢᠦᠢ ᠵᠦᠩ ᠫᠢᠩ ᠬᠤᠷᠠᠯ ᠳᠤ ᠣᠷᠣᠯᠴᠠᠪᠠ᠃       ᠶᠠᠷᠢᠯᠴᠠᠬᠤ ᠬᠤᠷᠠᠯ ᠳᠡᠭᠡᠷ᠎ᠡ᠂ ᠠᠴᠢᠲᠤ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠶ ᠰᠢᠭᠤᠢ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ 2024 ᠣᠨ ᠤ ᠠᠵᠢᠯ ᠢ ᠠᠬᠢᠭᠤᠯᠤᠭᠰᠠᠨ ᠪᠠᠶᠢᠳᠠᠯ ᠳᠤ ᠭᠦᠨᠵᠡᠭᠡᠢ ᠨᠠᠷᠢᠨ ᠨᠢᠮᠪᠠᠢ ᠰᠤᠳᠤᠯᠤᠯᠲᠠ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠬᠡᠷᠡᠭᠵᠢᠭᠦᠯᠦᠯᠲᠡ ᠶᠢ ᠨᠠᠷᠢᠯᠢᠭᠵᠢᠭᠤᠯᠤᠨ ᠪᠠᠶᠢᠷᠢᠯᠠᠭᠤᠯᠵᠠᠢ᠃ ᠬᠤᠷᠠᠯ ᠳᠤ ᠣᠷᠣᠯᠴᠠᠭᠰᠠᠳ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠪᠣᠯᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠬᠥᠭᠵᠢᠶᠡᠨᠲᠡᠢ ᠶᠠᠷᠢᠯᠴᠠᠪᠠ᠃       ᠠᠴᠢᠲᠤ ᠵᠢᠭᠠᠵᠤ ᠭᠠᠷᠭᠠᠭᠰᠠᠨ ᠨᠢ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠭᠤᠣᠯ ᠤᠶᠤᠨ ᠴᠢᠳᠠᠯ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠡᠭᠡᠷ᠎ᠡ ᠦᠨᠡᠨᠬᠦ ᠲᠥᠪᠯᠡᠷᠡᠭᠦᠯᠵᠦ᠂ ᠦᠵᠡᠯ ᠰᠠᠨᠠᠭ᠎ᠠ ᠪᠠᠨ ᠴᠢᠯᠦᠭᠡᠯᠡᠬᠦ᠂ ᠪᠣᠳᠠᠲᠠᠢ ᠶᠠᠪᠤᠳᠠᠯ ᠬᠢᠬᠦ ᠶᠢ ᠪᠠᠷᠢᠮᠲᠠᠯᠠᠵᠤ᠂ ᠶᠠᠭᠤ ᠶᠢ ᠠᠳᠬᠤᠬᠤ᠂ ᠬᠡᠷᠬᠢᠨ ᠠᠳᠬᠤᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠴᠢᠨᠠᠷ ᠰᠠᠶᠢᠲᠠᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠪᠡ᠃       ᠠᠴᠢᠲᠤ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤ ᠪᠤᠳᠠᠭ᠎ᠠ ᠲᠠᠷᠢᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ᠂ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠲᠤᠨ ᠭᠤᠣᠯ ᠤᠨ ᠲᠠᠩ ᠭᠠᠵᠠᠷ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠨ᠎ᠠ᠃ ᠤᠰᠤᠨ ᠤ ᠪᠠᠶᠢᠳᠠᠯ᠂ ᠰᠢᠶᠠᠨ ᠤ ᠪᠠᠶᠢᠳᠠᠯ ᠲᠠᠢ ᠤᠶᠠᠯᠳᠤᠭᠤᠯᠤᠨ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠦᠷ᠎ᠡ ᠰᠤᠳᠤᠯᠤᠨ ᠨᠡᠭᠡᠭᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠠᠳᠬᠤᠵᠤ᠂ ᠤᠳᠤ ᠦᠶ᠎ᠡ ᠶᠢᠨ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠤᠨ ᠪᠠᠶᠢᠭᠤᠯᠤᠯᠲᠠ ᠪᠣᠯᠣᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠲᠦᠷᠦᠯ ᠲᠡᠮᠳᠡᠭ ᠢ ᠡᠭᠦᠳᠬᠦ ᠶᠢ ᠰᠠᠶᠢᠲᠤᠷ ᠠᠳᠬᠤᠬᠤ ᠬᠡᠷᠡᠭᠲᠡᠢ᠃ ᠲᠠᠪᠤᠨ ᠶᠡᠭᠡ ᠠᠵᠤ ᠦᠢᠯᠡᠰ ᠤᠨ ᠬᠡᠯᠬᠢᠶ᠎ᠡ ᠪᠣᠯᠣᠨ ᠬᠥᠳᠡᠭᠡ ᠲᠣᠰᠬᠤᠨ ᠤ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠵᠠᠰᠠᠯᠲᠠ ᠶᠢᠨ ᠠᠰᠠᠭᠤᠳᠠᠯ ᠪᠠ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠰᠢᠶᠠᠨ ᠤ ᠬᠡᠪᠴᠢᠶᠡᠨ ᠤ ᠣᠶ ᠰᠢᠭᠤᠢ ᠡᠪᠡᠰᠦ ᠪᠡᠯᠴᠢᠭᠡᠷ ᠤᠨ ᠠᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠡᠯ᠎ᠡ ᠵᠦᠢᠯ ᠤᠨ ᠠᠵᠢᠯ ᠬᠢᠭᠡᠳ ᠪᠥᠬᠦ ᠵᠢᠯ ᠤᠨ ᠬᠠᠷᠠᠯᠲᠠ ᠡᠭᠦᠷᠭᠡ ᠶᠢ ᠰᠠᠶᠢᠲᠤᠷ ᠠᠳᠬᠤᠨ᠎ᠠ᠃       ᠠᠴᠢᠲᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠡᠯ᠎ᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠵᠤ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠮ ᠤᠨ ᠭᠡᠰᠢᠭᠦᠨ ᠺᠠᠳ᠋ᠷᠴᠤᠳ ᠤᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠤᠷᠲᠠᠯ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠪᠡᠯᠡ ᠮᠥᠩᠭᠦ ᠶᠢᠨ ᠬᠠᠮᠢᠶᠠᠷᠤᠯᠲᠠ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠡᠬᠢ ᠪᠠᠶᠠᠯᠢᠭ ᠤᠨ ᠰᠣᠯᠢᠯᠴᠠᠭ᠎ᠠ ᠵᠡᠷᠭᠡ ᠳᠦᠷᠢᠮ ᠢ ᠪᠦᠷᠢᠨᠰᠢᠭᠦᠯᠵᠦ᠂ ᠳᠦᠷᠢᠮ ᠤᠨ ᠰᠢᠩᠭᠡᠯᠢᠭ ᠢ ᠪᠠᠲᠤ ᠰᠦᠯᠵᠢᠬᠦ ᠬᠡᠷᠡᠭᠲᠡᠢ ᠭᠡᠪᠡ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠦᠬᠦ ᠵᠢᠯ ᠤᠨ ᠠᠵᠢᠯ ᠤᠨ ᠡᠭᠦᠷᠭᠡ ᠶᠢ ᠵᠠᠳᠠᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ᠂ ᠴᠢᠬᠤᠯᠠ ᠶᠡᠭᠡ ᠲᠦᠷᠦᠯ ᠵᠦᠢᠯ᠂ ᠴᠢᠬᠤᠯᠠ ᠵᠦᠢᠯᠡᠰ ᠢ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠢ ᠬᠦᠴᠦᠲᠡᠢ ᠠᠬᠢᠭᠤᠯᠬᠤ ᠶᠢ ᠬᠦᠴᠦᠯᠡᠨ ᠠᠬᠢᠭᠤᠯᠵᠤ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ᠂ ᠨᠡᠩ ᠬᠠᠲᠠᠭᠤ ᠴᠢᠩᠭ᠎ᠠ ᠰᠤᠷᠲᠠᠯ ᠢᠶᠠᠷ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ