ᠦᠶᠣᠸᠠᠨ ᠰᠢᠶᠠᠨ ᠤ ᠤᠯᠤᠰ ᠲᠥᠷᠥ ᠶᠢᠨ ᠵᠥᠪᠯᠡᠯᠭᠡᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/11
      2 ᠰᠠᠷ᠎ᠠ ᠶᠢᠨ 27 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠶ᠂ ᠳᠡᠳ᠋ ᠲᠡᠷᠢᠭᠦᠯᠡᠭᠴᠢ ᠴᠠᠭᠠᠨᠴᠢᠯᠠᠭᠤ᠂  ᠸᠠᠩ ᠯᠢ ᠰᠢᠶᠠ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠪᠦᠬᠦ ᠪᠠᠶᠢᠩᠭᠤ ᠶᠢᠨ ᠭᠡᠰᠢᠭᠦᠳ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠰᠠᠶᠢᠵᠢᠷᠠᠭᠤᠯᠬᠤ﹀ ᠢᠨᠵᠧᠨᠧᠷᠢᠩ ᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠰᠠᠨᠠᠯ︾ ᠢ ᠲᠥᠪᠯᠡᠷᠡᠭᠦᠯᠦᠨ ᠰᠤᠷᠤᠯᠴᠠᠪᠠ᠃      ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠦᠶᠤᠸᠠᠨ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 2024 ᠣᠨ ᠤ ᠠᠵᠢᠯ ᠤᠨ ᠭᠤᠣᠯᠳᠠᠯᠭ᠎ᠠ︾ ᠵᠢᠴᠢ ᠭᠤᠣᠯᠳᠠᠯᠭ᠎ᠠ ᠲᠠᠢ ᠠᠵᠢᠯ ᠤᠨ ᠥᠩᠭᠡᠷᠡᠯᠲᠡ ᠶᠢ ᠬᠢᠨᠠᠨ ᠵᠥᠪᠯᠡᠵᠦ ᠪᠠᠲᠤᠯᠠᠪᠠ︔ ︽ᠦᠶᠤᠸᠠᠨ ᠰᠢᠶᠠᠨ ᠤ 2024 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ︾ ᠶᠢ ᠬᠢᠨᠠᠨ ᠵᠥᠪᠯᠡᠵᠦ ᠪᠠᠲᠤᠯᠠᠪᠠ᠃      ᠵᠠᠨ ᠮᠧᠢ ᠵᠢᠭᠠᠵᠤ ᠭᠠᠷᠭᠠᠭᠰᠠᠨ ᠨᠢ᠂ ᠡᠯ᠎ᠡ ᠪᠠᠶᠢᠩᠭᠤ ᠶᠢᠨ ᠭᠡᠰᠢᠭᠦᠨ᠂ ᠪᠦᠬᠦ ᠭᠡᠰᠢᠭᠦᠳ ᠪᠣᠯᠣᠨ ᠪᠠᠶᠢᠭᠤᠯᠭ᠎ᠠ ᠶᠢᠨ ᠺᠠᠳ᠋ᠷᠴᠤᠳ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠡᠭᠦᠷᠭᠡ ᠬᠠᠷᠠᠯᠲᠠ ᠪᠠᠨ ᠲᠣᠳᠣᠷᠬᠠᠶᠢᠯᠠᠵᠤ᠂ ᠬᠦᠴᠦᠯᠡᠬᠦ ᠭᠤᠣᠯᠳᠠᠯᠭ᠎ᠠ ᠪᠠᠨ ᠣᠨᠣᠪᠴᠢᠲᠠᠢ ᠣᠯᠵᠤ᠂ ᠠᠵᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠥᠷᠨᠢᠬᠦ ᠶᠢ ᠨᠡᠩ ᠰᠠᠶᠢᠲᠤᠷ ᠲᠥᠯᠥᠪᠵᠢᠭᠦᠯᠵᠦ᠂ ᠵᠢᠯᠤᠭᠤᠳᠬᠤ ᠪᠠ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠰᠡᠳᠬᠢᠯ ᠢᠶᠠᠨ ᠨᠢᠭᠡᠳᠬᠡᠬᠦ ᠶᠢ ᠲᠤᠪᠤᠶᠢᠯᠭᠠᠵᠦ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠲᠠᠯ᠎ᠠ ᠪᠠᠷ ᠲᠣᠭᠲᠠᠯ ᠬᠦᠴᠦᠨ ᠢᠶᠠᠨ ᠪᠠᠲᠤᠯᠠᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢ ᠪᠣᠳᠠᠲᠠᠶᠢᠵᠢᠭᠤᠯᠬᠤ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠭᠠᠷᠳᠠᠴᠠ ᠪᠠ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠬᠡᠷᠡᠭᠲᠡᠢ᠃ ᠦᠢᠯᠡᠴᠢᠯᠡᠭᠡᠨ ᠤ ᠤᠭ ᠰᠠᠨᠠᠭ᠎ᠠ ᠶᠢ ᠪᠠᠲᠤ ᠰᠠᠬᠢᠵᠤ᠂ ᠠᠵᠢᠯ ᠤᠨ ᠰᠠᠭᠤᠷᠢ ᠶᠢ ᠪᠠᠬᠢᠵᠢᠭᠦᠯᠬᠦ ᠳᠡᠭᠡᠷ᠎ᠡ ᠳᠠᠯᠳᠠ ᠬᠦᠴᠦᠨ ᠢ ᠭᠦᠨ ᠠᠭᠤᠳᠠᠯᠵᠤ᠂ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠠᠶᠢᠭᠤᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠭᠦᠢᠴᠡᠳᠬᠡᠬᠦ ᠬᠡᠷᠡᠭᠲᠡᠢ᠃ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ 2024 ᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ