︽ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ ︵2024 ᠣᠨ ᠤ ᠬᠡᠪᠯᠡᠯ︶︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/11
      ᠨᠢᠭᠡ᠂ ᠲᠣᠭᠲᠠᠭᠠᠭᠰᠠᠨ ᠠᠬᠤᠢ ᠪᠠᠶᠢᠳᠠᠯ       ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠢ ᠠᠷᠭᠠᠴᠠᠬᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠣᠬᠢᠶᠠᠨ ᠪᠠᠶᠢᠭᠤᠯᠤᠯᠲᠠ᠂ ᠵᠢᠯᠣᠭᠤᠳᠤᠯᠭ᠎ᠠ ᠪᠠ ᠵᠣᠬᠢᠴᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠢᠯ ᠤᠨ ᠬᠡᠷᠡᠭᠴᠡᠭᠡ ᠶᠢ ᠬᠠᠩᠭᠠᠵᠤ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠢ ᠴᠠᠭ ᠲᠤᠬᠠᠢ ᠳᠤᠨᠢ᠂ ᠥᠨᠳᠥᠷ ᠦᠷ᠎ᠡ ᠪᠦᠲᠦᠮᠵᠢᠲᠡᠶ ᠪᠠᠷ ᠠᠷᠭᠠᠴᠠᠨ ᠰᠢᠢᠳᠪᠦᠷᠢᠯᠡᠵᠦ᠂ ᠬᠥᠮᠥᠨ ᠤ ᠦᠬᠦᠯ ᠰᠢᠷᠬᠠᠲᠤᠯ ᠪᠠ ᠡᠷᠡᠭᠦᠯ ᠮᠡᠨᠳᠦ ᠶᠢᠨ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠦᠨ᠂ ᠪᠠᠶᠠᠨᠨᠠᠭᠤᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ︽ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ ︵2024 ᠣᠨ ᠤ ᠬᠡᠪᠯᠡᠯ︶︾ ᠢ ᠲᠣᠭᠲᠠᠭᠠᠪᠠ᠃         ᠬᠤᠶᠠᠷ᠂ ᠣᠷᠣᠨ ᠲᠤᠭ᠎ᠠ ᠶᠢᠨ ᠵᠣᠷᠢᠯᠭ᠎ᠠ       ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠠᠶᠢᠭᠠᠯᠢ ᠶᠢᠨ ᠭᠠᠮᠰᠢᠭ᠂ ᠠᠳᠡᠯ ᠤᠨ ᠭᠠᠮᠰᠢᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ︵ᠳᠣᠷᠣᠭᠰᠢ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠭᠡᠵᠦ ᠲᠣᠪᠴᠢᠯᠠᠨ᠎ᠠ︶ ᠭᠠᠷᠤᠭᠰᠠᠨ ᠤ ᠳᠠᠷᠠᠭ᠎ᠠ᠂ ᠡᠯ᠎ᠡ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠲᠦᠷᠭᠡᠨ᠂ ᠥᠨᠳᠥᠷ ᠦᠷ᠎ᠡ ᠪᠦᠲᠦᠮᠵᠢᠲᠡᠶ᠂ ᠡᠮᠬᠢ ᠵᠢᠷᠤᠮ ᠲᠠᠢ ᠶᠠᠪᠤᠭᠳᠠᠭᠤᠯᠵᠤ᠂ ᠮᠠᠨ ᠤ ᠣᠷᠣᠨ ᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠴᠢᠳᠠᠪᠤᠷᠢ ᠪᠠ ᠦᠷ᠎ᠡ ᠪᠦᠲᠦᠮᠵᠢ ᠶᠢ ᠬᠢᠵᠠᠭᠠᠷᠲᠠᠢ ᠪᠠᠷ ᠳᠡᠭᠡᠭᠰᠢᠯᠡᠭᠦᠯᠦᠨ᠂ ᠬᠥᠮᠥᠨ ᠤ ᠦᠬᠦᠯ ᠰᠢᠷᠬᠠᠲᠤᠯ ᠪᠠ ᠡᠷᠡᠭᠦᠯ ᠮᠡᠨᠳᠦ ᠶᠢᠨ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠬᠠᠮᠠᠭᠠᠯᠠᠨ᠎ᠠ᠃       ᠭᠤᠷᠪᠠ᠂ ᠣᠷᠣᠨ ᠲᠣᠭᠠᠨ ᠤ ᠦᠨᠳᠦᠰᠦᠯᠡᠯ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ  ᠶᠢᠨ ᠬᠡᠷᠡᠭ  ᠢ ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠴᠤᠷᠠᠭ ᠴᠢᠨᠠᠷᠲᠠᠢ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠵᠢᠴᠢ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾᠂ ︽ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾᠂ ︽ᠪᠥᠬᠦ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︵ᠲᠤᠷᠰᠢᠨ ᠬᠡᠷᠡᠭᠵᠢᠭᠦᠯᠬᠦ︶︾᠂ ︽ᠪᠠᠶᠠᠨᠨᠠᠭᠤᠷ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︵2023 ᠣᠨ ᠤ ᠬᠡᠪᠯᠡᠯ︶︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠡᠯᠡᠳᠬᠡᠯ ᠲᠥᠰᠥᠯ ᠢ ᠦᠨᠳᠦᠰᠦᠯᠡᠪᠡ᠃       ᠳᠥᠷᠪᠡ᠂ ᠬᠡᠷᠡᠭᠯᠡᠬᠦ ᠬᠡᠪᠴᠢᠶ᠎ᠡ       ᠲᠣᠰ ᠪᠡᠯᠡᠳᠬᠡᠯ ᠲᠥᠰᠥᠯ ᠢ ᠮᠠᠨ ᠤ ᠬᠤᠲᠠ ᠶᠢᠨ ᠬᠢᠯᠢ ᠳᠣᠲᠣᠷᠠᠬᠢ ᠪᠠᠶᠢᠭᠠᠯᠢ ᠶᠢᠨ ᠭᠠᠮᠰᠢᠭ ᠤᠨ ᠲᠥᠷᠥᠯ᠂ ᠠᠳᠡᠯ ᠤᠨ ᠭᠠᠮᠰᠢᠭ ᠤᠨ ᠲᠥᠷᠥᠯ᠂ ᠨᠡᠶᠢᠭᠡᠮ ᠤᠨ ᠠᠮᠤᠷ ᠲᠦᠪᠰᠢᠨ ᠤ ᠲᠥᠷᠥᠯ ᠵᠢᠴᠢ ᠪᠣᠳᠠᠲᠠᠢ ᠲᠥᠷᠥᠯ ᠬᠡᠯᠪᠡᠷᠢ ᠶᠢᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠳᠤ ᠬᠡᠷᠡᠭᠯᠡᠨ᠎ᠡ᠃       ᠭᠡᠨᠡᠳᠲᠡ ᠡᠭᠦᠰᠬᠦ ᠤᠯᠠᠨ ᠨᠡᠶᠢᠳᠡ ᠶᠢᠨ ᠡᠷᠡᠭᠦᠯ ᠬᠠᠮᠠᠭᠠᠯᠠᠯ  ᠤᠨ ᠬᠡᠷᠡᠭ ᠲᠤ ᠬᠡᠷᠡᠭᠯᠡᠬᠦ ᠦᠭᠡᠢ᠂ ᠲᠡᠭᠦᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ︽ᠪᠠᠶᠠᠨᠨᠠᠭᠤᠷ ᠬᠤᠳᠠ ᠶᠢᠨ ᠭᠡᠨᠡᠳᠲᠡ ᠡᠭᠦᠰᠬᠦ ᠤᠯᠠᠨ ᠨᠡᠶᠢᠳᠡ ᠶᠢᠨ ᠡᠷᠡᠭᠦᠯ ᠬᠠᠮᠠᠭᠠᠯᠠᠯ  ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃          ᠲᠠᠪᠤ᠂ ᠭᠤᠣᠯ ᠠᠭᠤᠯᠭ᠎ᠠ       ︽ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ ︵2024 ᠣᠨ ᠤ ᠬᠡᠪᠯᠡᠯ︶︾ ᠨᠢ ᠨᠡᠶᠢᠲᠡ 7 ᠬᠡᠰᠡᠭ ᠢᠶᠠᠷ ᠪᠦᠷᠢᠯᠳᠦᠵᠡᠢ᠂ ᠡᠭᠦᠨ ᠳᠤ᠄       ᠨᠢᠭᠡᠳᠦᠭᠡᠷ ᠬᠡᠰᠡᠭ᠄ ᠶᠡᠷᠦᠩᠬᠡᠢ ᠳᠦᠷᠢᠮ᠃ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠢᠴᠢ ᠠᠵᠢᠯ ᠤᠨ ᠵᠠᠷᠴᠢᠮ ᠢ ᠲᠣᠳᠣᠷᠬᠠᠶᠢᠯᠠᠬᠤ ᠬᠡᠷᠡᠭᠲᠡᠢ᠃       ᠬᠤᠶᠠᠳᠤᠭᠠᠷ ᠬᠡᠰᠡᠭ᠄ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠤᠨ ᠲᠠᠰ ᠬᠤᠪᠢᠶᠠᠷᠢᠯᠠᠯ᠃ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠡᠷᠡᠭᠦᠯ ᠮᠡᠨᠳᠦ ᠶᠢᠨ ᠬᠤᠣᠷ ᠬᠥᠨᠥᠭᠡᠯ ᠤᠨ ᠪᠠᠶᠢᠳᠠᠯ ᠢ ᠦᠨᠳᠦᠰᠦᠯᠡᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠢ ᠣᠨᠴᠣᠭᠤᠢ ᠬᠦᠨᠳᠦ ᠶᠡᠭᠡ ︵Ⅰ ᠲᠠᠰ︶᠂ ᠬᠦᠨᠳᠦ ᠶᠡᠭᠡ ︵Ⅱ ᠲᠠᠰ︶᠂ ᠨᠡᠯᠢᠶᠡᠳ ᠶᠡᠭᠡ ︵Ⅲ ᠲᠠᠰ︶ ᠪᠠ ᠡᠩ ᠤᠨ ︵Ⅳ ᠲᠠᠰ︶ ᠨᠡᠶᠢᠲᠡ ᠳᠥᠷᠪᠡᠨ ᠲᠠᠰ ᠬᠤᠪᠢᠶᠠᠨ᠎ᠠ᠃       ᠭᠤᠷᠪᠠᠳᠤᠭᠠᠷ ᠬᠡᠰᠡᠭ᠄ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ᠪᠠ ᠲᠤᠬᠠᠢ ᠶᠢᠨ ᠲᠠᠯᠠᠪᠤᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠭᠠᠵᠠᠷ ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠵᠢᠷᠤᠮᠵᠢᠭᠤᠯᠵᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠡᠮᠬᠢ ᠵᠢᠷᠤᠮ ᠲᠠᠢ ᠪᠥᠭᠡᠳ ᠬᠦᠴᠦᠲᠡᠢ ᠪᠥᠭᠡᠳ ᠪᠦᠲᠦᠮᠵᠢᠲᠡᠶ ᠪᠠᠷ ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃       ᠳᠥᠷᠪᠡᠳᠦᠭᠡᠷ ᠬᠡᠰᠡᠭ᠄ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠪᠠ ᠵᠣᠭᠰᠣᠭᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠳᠤ ᠳᠡᠰ ᠱᠠᠲᠤ ᠨᠢᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠠᠰ ᠳᠠᠷᠠᠭᠠᠯᠠᠯ᠂ ᠡᠬᠢᠯᠡᠭᠦᠯᠬᠦ ᠠᠷᠭ᠎ᠠ ᠬᠡᠮᠵᠢᠶ᠎ᠡ ᠵᠢᠴᠢ ᠡᠯ᠎ᠡ ᠰᠠᠯᠠᠭ᠎ᠠ ᠮᠥᠴᠢᠷ ᠤᠨ ᠡᠭᠦᠷᠭᠡ ᠶᠢ ᠲᠣᠳᠣᠷᠬᠠᠶᠢᠯᠠᠵᠤ᠂ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠴᠢ ᠵᠢᠯᠤᠭᠤᠳᠬᠤ᠂ ᠲᠤᠬᠠᠢ ᠶᠢᠨ ᠲᠠᠯᠠᠪᠤᠷ ᠲᠤ ᠲᠦᠷᠭᠡᠨ ᠠᠪᠤᠷᠠᠬᠤ᠂ ᠰᠢᠷᠬᠠᠲᠤᠭᠰᠠᠳ ᠢ ᠰᠢᠯᠵᠢᠭᠦᠯᠦᠨ ᠵᠥᠭᠡᠭᠡᠪᠦᠷᠢᠯᠡᠬᠦ᠂ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠲᠠᠰ ᠳᠡᠪᠰᠢᠭᠦᠯᠬᠦ ᠪᠠ ᠳᠠᠭᠤᠰᠬᠠᠬᠤ ᠳᠤ ᠪᠣᠳᠠᠲᠠᠢ ᠱᠠᠭᠠᠷᠳᠠᠯᠭ᠎ᠠ ᠲᠠᠯᠪᠢᠵᠤ᠂ ᠪᠡᠯᠡᠳᠬᠡᠯ ᠲᠥᠰᠥᠯ ᠢ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠪᠠ᠃       ᠲᠠᠪᠤᠳᠤᠭᠠᠷ ᠬᠡᠰᠡᠭ᠄ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠲᠤᠯᠠᠭ᠎ᠠ᠃ ᠮᠡᠳᠡᠭᠡ ᠵᠠᠩᠭᠢ ᠶᠢᠨ ᠰᠢᠰᠲ᠋ᠧᠮ ᠤᠨ ᠪᠠᠲᠤᠯᠠᠭ᠎ᠠ᠂ ᠪᠠᠴᠢᠮ ᠠᠪᠤᠷᠠᠯᠳᠠ ᠶᠢᠨ ᠪᠠᠶᠢᠭᠤᠯᠤᠮᠵᠢ ᠶᠢᠨ ᠪᠠᠲᠤᠯᠠᠭ᠎ᠠ᠂ ᠡᠩᠨᠡᠭᠡ ᠶᠢᠨ ᠪᠠᠲᠤᠯᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠡᠳ᠋ ᠪᠣᠳᠠᠰ ᠤᠨ ᠨᠥᠭᠡᠴᠡᠯᠡᠯ ᠤᠨ ᠪᠠᠲᠤᠯᠠᠭ᠎ᠠ᠂ ᠵᠠᠷᠤᠳᠠᠯ ᠤᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ᠂ ᠠᠮᠤᠷ ᠢ ᠬᠠᠮᠠᠭᠠᠯᠠᠬᠤ ᠵᠡᠷᠭᠡ ᠲᠠᠯ᠎ᠠ ᠪᠠᠷ ᠭᠡᠨᠡᠳᠲᠡ ᠶᠢᠨ ᠬᠡᠷᠡᠭ ᠤᠨ ᠡᠮᠴᠢᠯᠡᠭᠡ ᠪᠠᠷ ᠠᠪᠤᠷᠠᠨ ᠲᠤᠰᠠᠯᠠᠬᠤ ᠠᠵᠢᠯ ᠢ ᠪᠠᠲᠤᠯᠠᠬᠤ ᠬᠡᠷᠡᠭᠲᠡᠢ᠃       ᠵᠢᠷᠭᠤᠳᠤᠭᠠᠷ ᠬᠡᠰᠡᠭ᠄ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠣᠯᠠᠨ ᠨᠡᠶᠢᠲᠡ ᠪᠠᠷ ᠢᠶᠠᠨ ᠣᠷᠣᠯᠴᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠠᠵᠢᠯ ᠤᠨ ᠴᠤᠪᠤᠷᠠᠯ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠪᠤᠷᠠᠨ ᠲᠤᠰᠠᠯᠠᠬᠤ ᠮᠡᠳᠡᠯᠭᠡ ᠶᠢᠨ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠤ᠂ ᠨᠡᠶᠢᠭᠡᠮ ᠨᠡᠶᠢᠲᠡ ᠶᠢᠨ ᠤᠬᠠᠭᠤᠯᠭ᠎ᠠ ᠬᠥᠮᠦᠵᠢᠯ ᠢ ᠥᠷᠭᠡᠳᠬᠡᠨ᠂ ᠣᠯᠠᠨ ᠨᠡᠶᠢᠲᠡ ᠶᠢᠨ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃       ᠳᠣᠯᠣᠳᠤᠭᠠᠷ ᠬᠡᠰᠡᠭ᠄ ᠳᠠᠭᠠᠯᠳᠤᠭᠤᠯᠤᠭᠰᠠᠨ ᠳᠦᠷᠢᠮ᠃ ᠡᠭᠦᠨ ᠳᠤ ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ᠂ ᠪᠡᠯᠡᠳᠬᠡᠯ ᠲᠥᠰᠥᠯ  ᠢ ᠲᠣᠭᠲᠠᠭᠠᠬᠤ ᠪᠠ ᠵᠠᠰᠠᠪᠤᠷᠢ ᠣᠷᠣᠭᠤᠯᠬᠤ᠂ ᠪᠡᠯᠡᠳᠬᠡᠯ ᠲᠥᠰᠥᠯ  ᠢ ᠲᠠᠶᠢᠯᠪᠤᠷᠢᠯᠠᠬᠤ᠂ ᠪᠡᠯᠡᠳᠬᠡᠯ ᠲᠥᠰᠥᠯ  ᠢ ᠬᠡᠷᠡᠭᠵᠢᠭᠦᠯᠬᠦ ᠴᠠᠭ  ᠢ ᠬᠡᠷᠡᠭᠵᠢᠭᠦᠯᠬᠦ ᠳᠥᠷᠪᠡᠨ ᠬᠡᠰᠡᠭ ᠤᠨ ᠠᠭᠤᠯᠭ᠎ᠠ ᠪᠠᠭᠲᠠᠨ᠎ᠠ᠃      ᠬᠤᠯᠪᠣᠭᠳᠠᠯ ᠪᠦᠬᠦᠢ ᠮᠠᠲ᠋ᠧᠷᠢᠶᠠᠯ᠄ ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2024 ᠣᠨ ᠤ ᠬᠡᠪᠯᠡᠯ︶ ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ