ᠸᠢᠴᠠᠲ ᠢᠶᠠᠷ ᠵᠤᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠤᠭᠤᠰ ᠶᠠᠪᠤᠭᠤᠯᠬᠤ ᠳᠤ ᠠᠯᠢ ᠶᠢ ᠨᠢ  ᠪᠤᠴᠠᠭᠠᠬᠤ ᠭᠡᠷᠡᠭᠳᠡᠢ ᠪᠤᠢ︖
ᠨᠡᠶᠢᠲᠡᠯᠡᠭᠰᠡᠨ ᠴᠠᠭ᠄
2024/3/15
      ᠸᠢᠴᠠᠲ  ᠢᠶᠠᠷ ᠵᠤᠭᠤᠰ ᠶᠠᠪᠤᠭᠤᠯᠬᠤ  ᠪᠠ  ᠤᠯᠠᠭᠠᠨ  ᠪᠠᠭᠯᠠᠭ᠎ᠠ   ᠪᠠᠷ  ᠵᠤᠭᠤᠰ  ᠶᠠᠪᠤᠭᠤᠯᠬᠤ  ᠠᠵᠤ  ᠠᠬᠤᠢ ᠵᠢᠨ‌‍ᠶᠠᠪᠤᠯᠴᠠᠭ᠎ᠠ ᠨᠢ ᠠᠳᠠᠯᠢ ᠰᠢᠨᠵᠢ ᠴᠢᠨᠠᠷ ᠲᠠᠢ ᠦᠦ︖  ᠣᠶᠢᠷ᠎ᠠ ᠳᠤ᠂  ᠪᠡᠭᠡᠵᠢᠩ  ᠬᠤᠲᠠ ᠶᠢᠨ  ᠬᠠᠶ  ᠳ᠋ᠢᠶᠠᠨ  ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ   ᠨᠢ  ᠵᠣᠭᠤᠰ  ᠵᠢᠭᠡᠯᠡᠭᠰᠡᠨ  ᠵᠢᠭᠤᠷᠠᠯᠳᠤᠭᠠᠨ ᠤ  ᠬᠡᠷᠡᠭ ᠢ  ᠰᠢᠭᠦᠨ  ᠳᠠᠭᠤᠰᠬᠠᠵᠤ᠂  ᠸᠢᠴᠠᠲ ᠢᠶᠠᠷ ᠵᠤᠭᠤᠰ ᠶᠠᠪᠤᠭᠤᠯᠬᠤ ᠪᠠ ᠤᠯᠠᠭᠠᠨ ᠪᠠᠭᠯᠠᠭ᠎ᠠ  ᠪᠠᠷ ᠵᠤᠭᠤᠰ ᠶᠠᠪᠤᠭᠤᠯᠬᠤ  ᠨᠢ ᠰᠢᠨᠵᠢ ᠴᠢᠨᠠᠷ ᠤᠨ ᠢᠯᠭᠠᠭ᠎ᠠ  ᠲᠠᠢ ᠪᠠᠶᠢᠳᠠᠭ  ᠢ ᠮᠠᠭᠠᠳᠯᠠᠨ ᠲᠣᠭᠲᠠᠭᠠᠵᠠᠢ᠂ ᠲᠤᠬᠠᠶᠢᠯᠠᠪᠠᠯ ᠤᠯᠠᠭᠠᠨ  ᠪᠠᠭᠯᠠᠭ᠎ᠠ   ᠪᠠᠷ  ᠵᠤᠭᠤᠰ  ᠶᠠᠪᠤᠭᠤᠯᠬᠤ ᠨᠢ  ᠪᠡᠯᠡᠭᠯᠡᠨ  ᠥᠭᠭᠦᠭᠰᠡᠨ ᠳᠤ ᠲᠣᠭᠠᠴᠠᠭᠳᠠᠵᠤ᠂ ᠸᠢᠴᠠᠲ  ᠢᠶᠠᠷ ᠵᠤᠭᠤᠰ ᠶᠠᠪᠤᠭᠤᠯᠬᠤ ᠨᠢ ᠵᠣᠭᠤᠰ ᠵᠢᠭᠡᠯᠡᠭᠰᠡᠨ ᠳᠤ ᠲᠣᠭᠠᠴᠠᠭᠳᠠᠨ᠎ᠠ᠃              ︽ᠸᠢᠴᠠᠲ  ᠢᠶᠠᠷ ᠵᠤᠭᠤᠰ  ᠶᠠᠪᠤᠭᠤᠯᠬᠤ  ᠪᠠ  ᠤᠯᠠᠭᠠᠨ  ᠪᠠᠭᠯᠠᠭ᠎ᠠ   ᠪᠠᠷ  ᠵᠤᠭᠤᠰ  ᠶᠠᠪᠤᠭᠤᠯᠬᠤ   ᠨᠢ  ᠬᠡᠳᠦ᠋ᠢᠪᠡᠷ ᠸᠢᠴᠠᠲ ᠤᠨ ᠵᠥᠭᠡᠯᠡᠨ ᠲᠤᠨᠤᠭ  ᠢᠶᠠᠷ ᠳᠠᠮᠵᠢᠭᠤᠯᠤᠨ ᠵᠣᠭᠤᠰ ᠶᠠᠪᠤᠭᠤᠯᠵᠤ ᠪᠠᠶᠢᠭ᠎ᠠ ᠪᠣᠯᠪᠠᠴᠤ ᠸᠢᠴᠠᠲ ᠤᠨ ᠵᠥᠭᠡᠯᠡᠨ  ᠲᠤᠨᠤᠭ ᠤᠨ ᠠᠳᠠᠯᠢ ᠪᠤᠰᠤ ᠴᠢᠳᠠᠮᠵᠢ ᠵᠢᠴᠢ ᠰᠢᠨᠵᠢ ᠴᠢᠨᠠᠷ  ᠤᠨ ᠲᠠᠯ᠎ᠠ  ᠠᠴᠠ ᠵᠣᠭᠤᠰ ᠶᠠᠪᠤᠭᠤᠯᠬᠤ ᠬᠤᠶᠠᠷ ᠵᠦᠢᠯ ᠤᠨ ᠰᠢᠨᠵᠢ  ᠴᠢᠨᠠᠷ ᠢ ᠢᠯᠭᠠᠵᠤ ᠮᠠᠭᠠᠳᠯᠠᠨ ᠲᠣᠭᠲᠠᠭᠠᠬᠤ ᠬᠡᠷᠡᠭᠲᠡᠶ︾ ᠭᠡᠵᠦ  ᠰᠢᠭᠦᠬᠦ  ᠲᠤᠰᠢᠶᠠᠯᠲᠠᠨ  ᠬᠡᠯᠡᠭᠰᠡᠨ   ᠢᠶᠠᠨ  ᠵᠠᠯᠭᠠᠭᠠᠳ᠂  ᠸᠢᠴᠠᠲ ᠤᠨ ᠵᠥᠭᠡᠯᠡᠨ ᠲᠣᠨᠤᠭ ᠨᠢ ᠨᠡᠶᠢᠭᠡᠮ ᠤᠨ ᠬᠠᠷᠢᠯᠴᠠᠭᠠᠨ ᠤ ᠪᠠᠭᠠᠵᠢ ᠪᠣᠯᠤᠭᠰᠠᠨ ᠤ ᠬᠤᠪᠢ ᠳᠤ ᠡᠳᠦᠷ  ᠲᠤᠲᠤᠮ ᠤᠨ  ᠨᠡᠪᠲᠡᠷᠡᠯᠴᠡᠵᠦ ᠰᠣᠯᠢᠯᠴᠠᠬᠤ  ᠴᠢᠳᠠᠮᠵᠢ ᠶᠢ  ᠪᠦᠷᠢᠯᠳᠦᠭᠦᠯᠤᠭ᠍ᠰᠡᠨ ᠠᠴᠠ  ᠭᠠᠳᠠᠨ᠎ᠠ   ᠪᠠᠰᠠ   ᠨᠡᠶᠢᠭᠡᠮ ᠤᠨ   ᠬᠠᠷᠢᠯᠴᠠᠭᠠᠨ ᠤ   ᠴᠢᠳᠠᠮᠵᠢ ᠶᠢ ᠪᠦᠷᠢᠯᠳᠦᠭᠦᠯᠤᠭ᠍ᠰᠡᠨ ᠪᠠᠶᠢᠳᠠᠭ᠂ ᠬᠡᠳᠡᠯ᠎ᠡ ᠸᠢᠴᠠᠲ ᠤᠨ ᠤᠯᠠᠭᠠᠨ ᠪᠠᠭᠯᠠᠭ᠎ᠠ ᠨᠢ ᠬᠠᠷᠢᠨ  ᠸᠢᠴᠠᠲ ᠤᠨ  ᠵᠥᠭᠡᠯᠡᠨ  ᠲᠣᠨᠤᠭ ᠤᠨ ᠨᠡᠶᠢᠭᠡᠮ ᠤᠨ ᠬᠠᠷᠢᠯᠴᠠᠭᠠᠨ ᠤ ᠴᠢᠳᠠᠮᠵᠢ ᠶᠢᠨ ᠨᠡᠶᠢᠲᠡᠯᠢᠭ ᠢᠯᠡᠷᠡᠯ ᠪᠣᠯᠤᠨ᠎ᠠ᠃ ᠸᠢᠴᠠᠲ ᠤᠨ ᠤᠯᠠᠭᠠᠨ ᠪᠠᠭᠯᠠᠭ᠎ᠠ   ᠪᠠᠷ  ᠵᠤᠭᠤᠰ ᠶᠠᠪᠤᠭᠤᠯᠬᠤ  ᠳᠤ ᠬᠠᠮᠤᠭ ᠠᠷᠪᠢᠨ  ᠳᠠᠭᠠᠨ 200 ᠲᠥᠭᠦᠷᠢᠭ ᠶᠠᠪᠤᠭᠤᠯᠵᠤ ᠪᠤᠯᠬᠤ ᠪᠥᠭᠡᠳ ᠲᠡᠭᠦᠨ  ᠢ ︽ᠤᠯᠠᠭᠠᠨ ᠪᠠᠭᠯᠠᠭ᠎ᠠ︾ ᠭᠡᠳᠡᠭ᠂ ᠮᠠᠨ ᠤ ᠤᠯᠤᠰ ᠤᠨ ᠠᠷᠠᠳ ᠤᠨ ᠵᠠᠩ ᠳᠠᠳᠬᠠᠯ ᠢ ᠦᠨᠳᠦᠰᠦᠯᠡᠨ ︽ᠤᠯᠠᠭᠠᠨ ᠪᠠᠭᠯᠠᠭ᠎ᠠ︾ ᠥᠭᠬᠦ ᠨᠢ ᠡᠩ ᠤᠨ ᠪᠠᠶᠢᠳᠠᠯ ᠳᠤᠤᠷ᠎ᠠ ᠰᠠᠶᠢᠨ ᠳᠤᠷ᠎ᠠ ᠠᠴᠠ ᠪᠠᠨ ᠪᠡᠯᠡᠭᠯᠡᠨ  ᠬᠦᠷᠭᠡᠭᠰᠡᠨ ᠢ ᠬᠠᠷᠠᠭᠤᠯᠵᠤ᠂ ᠪᠤᠴᠠᠭᠠᠬᠤ ᠴᠢᠬᠤᠯᠠ ᠥᠬᠡᠶ ᠪᠠᠶᠢᠳᠠᠭ᠃  ᠸᠢᠴᠠᠲ  ᠢᠶᠠᠷ ᠵᠤᠭᠤᠰ ᠶᠠᠪᠤᠭᠤᠯᠬᠤ ᠨᠢ ᠤᠯᠠᠭᠠᠨ ᠪᠠᠭᠯᠠᠭ᠎ᠠ   ᠪᠠᠷ  ᠵᠤᠭᠤᠰ  ᠶᠠᠪᠤᠭᠤᠯᠬᠤ   ᠲᠠᠢ  ᠠᠳᠠᠯᠢ  ᠥᠬᠡᠶ᠂ ︽ᠪᠡᠯᠡᠭᠯᠡᠨ ᠬᠦᠷᠭᠡᠬᠦ︾ ᠤᠳᠬ᠎ᠠ ᠥᠬᠡᠶ᠂ ᠲᠡᠷᠡ ᠨᠢ ᠵᠥᠪᠬᠡᠨ ᠸᠢᠴᠠᠲ ᠤᠨ ᠵᠥᠭᠡᠯᠡᠨ  ᠲᠤᠨᠤᠭ   ᠤᠨ  ᠵᠣᠭᠤᠰ  ᠶᠠᠪᠤᠭᠤᠯᠬᠤ ᠴᠢᠳᠠᠮᠵᠢ᠂ ᠨᠡᠶᠢᠭᠡᠮ ᠤᠨ ᠪᠡᠶᠡᠴᠢ ᠴᠣᠭᠴᠠ ᠶᠢᠨ ᠬᠤᠭᠤᠷᠣᠨᠳᠣ ᠦᠷᠭᠦᠯᠵᠢ ᠬᠡᠷᠡᠭᠯᠡᠳᠡᠭ ᠵᠣᠭᠤᠰ ᠶᠠᠪᠤᠭᠤᠯᠬᠤ ᠠᠷᠭ᠎ᠠ ᠮᠠᠶ᠋ᠢᠭ ᠤᠨ ᠨᠢᠭᠡ ᠪᠣᠯᠤᠨ᠎ᠠ᠃ ᠲᠤᠰ ᠬᠡᠷᠡᠭ ᠲᠤ᠂ ᠵᠠᠭᠠᠯᠳᠤᠭᠴᠢ  ᠨᠢ ᠸᠢᠴᠠᠲ ᠢᠶᠠᠷ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠠᠷᠢᠴᠠᠭ᠎ᠠ ᠪᠠᠶᠢᠭᠤᠯᠬᠤ ᠪᠠᠷ ᠵᠣᠷᠢᠪᠠ᠂ ᠵᠠᠭᠠᠯᠳᠤᠭᠳᠠᠭᠴᠢ ᠬᠡᠷᠪᠡ ᠵᠣᠭᠤᠰ ᠤᠨ ᠰᠢᠨᠵᠢ ᠴᠢᠨᠠᠷ ᠢ ᠪᠡᠯᠡᠭᠯᠡᠨ ᠬᠦᠷᠭᠡᠭᠰᠡᠨ ᠭᠡᠵᠦ  ᠵᠤᠷᠢᠬᠤ   ᠳᠤ ᠬᠦᠷᠪᠡᠯ ᠵᠣᠬᠢᠴᠠᠩᠭᠤᠢ ᠭᠡᠷᠡᠴᠢ ᠪᠠᠷᠢᠮᠲᠠ ᠲᠤᠰᠢᠶᠠᠬᠤ ᠴᠢᠬᠤᠯᠠᠲᠠᠢ᠂ ᠡᠰᠡ ᠲᠡᠭᠡᠪᠡᠯ ᠭᠡᠷᠡᠴᠢ ᠪᠠᠷᠢᠮᠲᠠ ᠳᠤᠷᠠᠳᠴᠤ ᠦᠯᠦ ᠪᠤᠯᠬᠤ ᠠᠰᠢᠭ ᠦᠭᠡᠢ ᠦᠷ᠎ᠡ ᠳ᠋ᠦᠩ ᠢ ᠡᠭᠦᠷᠭᠡᠯᠡᠬᠦ ᠪᠤᠯᠤᠨ᠎ᠠ᠃ 
ᠢᠷᠡᠯᠲᠡ᠄ ᠠᠷᠠᠳ ᠤᠨ ᠰᠦᠯᠵᠢᠶ᠎ᠡ