︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ︽ᠭᠡᠷᠡᠯ ᠢᠶᠠᠷ ᠡᠯᠡᠰᠦ ᠶᠢ ᠵᠠᠰᠠᠬᠤ︾᠎ ᠪᠠᠷ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/3/29
      ᠳ᠋ᠧᠩᠺᠸᠤ ᠰᠢᠶᠠᠨ ᠤ ᠤᠯᠠᠭᠠᠨᠪᠤᠬ᠎ᠠ ᠡᠯᠡᠰᠦᠨ ᠴᠦᠯ ᠤᠨ ᠭᠡᠷᠡᠯ ᠲᠤᠰᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠤᠯᠬᠤᠷ ᠭᠡᠷᠡᠯ ᠴᠡᠨᠡᠭ ᠤᠨ ᠠᠵᠤ ᠦᠢᠯᠡᠰ ᠢ ᠬᠥᠭᠵᠢᠭᠦᠯᠬᠦ ᠨᠥᠬᠦᠴᠡᠯ ᠢᠶᠠᠷ  ᠣᠨᠴᠠᠭᠠᠢ ᠰᠠᠶᠢᠨ ᠪᠠᠶᠢᠳᠠᠭ᠃ ᠡᠨᠡᠬᠦ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠤᠬᠠᠢ ᠶᠢᠨ ᠭᠠᠵᠠᠷ ᠤᠨ ᠎ ᠬᠢᠨ ᠭᠡᠷᠡᠯ ᠴᠡᠨᠡᠭ + ᠠᠮᠢ ᠠᠬᠤᠢ ᠶᠢᠨ ᠵᠠᠰᠠᠯᠲᠠ ᠶᠢᠨ ᠰᠢᠨ᠎ᠡ ᠵᠠᠭᠪᠤᠷ ᠢ ᠰᠢᠨ᠎ᠡ ᠪᠠᠷ ᠡᠭᠦᠳᠴᠦ᠂ ︽ᠡᠯᠡᠰᠦᠨ ᠤ ᠭᠠᠮᠰᠢᠭ︾᠎ ᠢ ︽ᠠᠵᠤ ᠠᠬᠤᠢ ᠶᠢᠨ ᠦᠷ᠎ᠡ ᠠᠰᠢᠭ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠡᠢ᠃       ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠳ᠋ᠧᠩᠺᠸᠦ ᠶᠢᠨ ᠡᠯᠡᠰᠦᠨ ᠤ ᠡᠬᠢ ᠰᠤᠷᠪᠤᠯᠵᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠣᠷᠣᠨ ᠳᠤ᠂ ᠵᠠᠯᠭᠠᠯᠳᠤᠭᠰᠠᠨ ᠬᠡᠷᠡᠯ ᠴᠡᠨᠡᠭ ᠤᠨ ᠬᠠᠪᠲᠠᠰᠤ ᠨᠢ ᠬᠥᠬᠡ ᠥᠩᠭᠡ ᠶᠢᠨ ᠳᠠᠯᠠᠢ ᠲᠠᠩᠭᠢᠰ ᠰᠢᠭ  ᠪᠤᠯᠵᠤ᠂ ᠤᠯᠠᠭᠠᠨᠪᠤᠬ᠎ᠠ ᠶᠢᠨ ᠡᠯᠡᠰᠦᠨ ᠴᠦᠯ ᠲᠠᠢ ᠨᠢᠭᠡᠨ ᠥᠪᠡᠷᠮᠢᠴᠡ ᠣᠨᠴᠠᠯᠢᠭ ᠲᠠᠢ ᠵᠢᠷᠤᠭ ᠳᠦᠷᠰᠦ ᠶᠢ ᠪᠦᠷᠢᠯᠳᠦᠭᠦᠯᠵᠡᠢ᠃ ᠤᠳᠠᠯ ᠦᠭᠡᠢ᠂ ᠲᠤᠰ ᠭᠠᠵᠠᠷ ᠣᠷᠣᠨ ᠢ ᠪᠦᠬᠦᠨ ᠢ ᠣᠷᠣᠨ ᠵᠠᠢ ᠶᠢᠨ ᠲᠠᠷᠢᠮᠠᠯ ᠤᠨ ᠲᠦᠷᠦᠯ ᠵᠤᠶᠢᠯ ᠢᠶᠠᠷ ᠭᠡᠷᠡᠭᠵᠢᠭᠦᠯᠭᠦ ᠪᠤᠯᠬᠤᠷ ᠡᠨᠡ ᠬᠡᠳᠦᠨ ᠡᠳᠦᠷ᠂ ᠠᠵᠢᠯᠲᠠᠳ ᠶᠠᠭ ᠰᠠᠶᠢᠬᠠᠨ ᠲᠤᠬᠠᠢ ᠶᠢᠨ ᠲᠠᠯᠠᠪᠠᠢ ᠶᠢᠨ ᠬᠠᠶᠢᠨ ᠬᠡᠮᠵᠢᠯᠲᠡ ᠪᠠ ᠵᠢᠷᠤᠭ ᠲᠥᠯᠥᠪᠯᠡᠭᠡ ᠶᠢᠨ ᠠᠵᠢᠯ ᠢ ᠬᠢᠵᠦ ᠪᠠᠶᠢᠯ᠎ᠠ᠃       ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠡᠭᠡᠵᠢᠩ ᠤᠨ ᠺᠣᠮᠫᠠᠨᠢ ᠶᠢᠨ ᠳ᠋ᠧᠩᠺᠸᠦ ᠶᠢᠨ ᠬᠢᠨᠠᠨ ᠪᠠᠶᠢᠴᠠᠭᠠᠬᠤ ᠲᠥᠪ ᠤᠨ ᠳᠡᠳ᠋ ᠳᠠᠷᠤᠭ᠎ᠠ ᠹᠧᠩ ᠭᠤᠸᠠᠩ ᠵᠢᠶᠠᠨ ᠰᠤᠷᠪᠤᠯᠵᠢᠯᠠᠭᠴᠢ ᠳᠤ ᠲᠣᠮᠣ ᠭᠦᠯᠡᠮᠵᠢ ᠪᠠᠶᠢᠭᠤᠯᠤᠭᠠᠳ ᠳᠣᠲᠣᠷ᠎ᠠ ᠨᠢ ᠪᠣᠰᠤᠭ᠎ᠠ ᠪᠡᠶᠡᠲᠦ ᠰᠢᠷᠣᠢ ᠦᠭᠡᠢ ᠲᠠᠷᠢᠬᠤ ᠮᠡᠷᠭᠡᠵᠢᠯ ᠤᠷᠤᠭᠤᠯᠤᠨ᠂ ᠲᠤᠬᠠᠢ ᠶᠢᠨ ᠭᠠᠵᠠᠷ ᠤᠨ ᠢᠳᠡᠰᠢᠨ ᠨᠣᠭᠤᠭᠠᠨ ᠤ ᠲᠦᠷᠦᠯ ᠵᠦᠢᠯ ᠪᠠ ᠲᠠᠷᠢᠮᠠᠯ ᠤᠨ ᠡᠪᠡᠰᠦᠨ ᠡᠮ ᠢ ᠲᠠᠷᠢᠵᠤ ᠤᠷᠭᠤᠭᠤᠯᠬᠤ ᠶᠢᠨ ᠲᠠᠭᠤ ᠲᠠᠷᠢᠶᠠᠯᠠᠩ ᠤᠨ ᠮᠡᠷᠭᠡᠵᠢᠯ ᠢ ᠰᠤᠳᠤᠯᠤᠨ ᠨᠡᠭᠡᠭᠡᠬᠦ ᠢ ᠢᠵᠢ ᠪᠦᠷᠢᠳᠦᠭᠦᠯᠵᠤ᠂ ᠲᠦᠯᠦᠪᠯᠡᠭᠡ ᠪᠠᠷ 5 ᠰᠠᠷ᠎ᠠ ᠠᠴᠠ ᠠᠵᠢᠯ ᠢᠶᠠᠨ ᠡᠭᠢᠯᠡᠭᠦᠯᠦᠨ᠂ ᠡᠨᠡ ᠵᠢᠯ ᠤᠨ ᠲᠤᠤᠷ᠎ᠠ ᠬᠠᠭᠠᠰ ᠵᠢᠯ ᠳᠤ ᠨᠣᠭᠤᠭ᠎ᠠ ᠣᠯᠵᠤ ᠢᠳᠡᠬᠦ ᠪᠣᠯᠣᠨ᠎ᠠ ᠭᠡᠪᠡ᠃       ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠳ᠋ᠧᠩᠺᠸᠦ ᠶᠢᠨ ᠡᠯᠡᠰᠦᠨ ᠤ ᠡᠬᠢ ᠰᠤᠷᠪᠤᠯᠵᠢ ᠶᠢᠨ ᠠᠮᠢ ᠠᠬᠤᠢ ᠶᠢᠨ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠣᠷᠣᠨ 2023 ᠣᠨ ᠳᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠬᠡᠷᠡᠯ ᠴᠡᠨᠡᠭ ᠤᠨ ᠬᠠᠪᠲᠠᠰᠤ ᠪᠠᠷ ᠴᠠᠬᠢᠯᠭᠠᠨ ᠭᠠᠷᠭᠠᠨ᠂ ᠬᠠᠪᠲᠠᠰᠤᠨ ᠳᠣᠣᠷ᠎ᠠ ᠡᠯᠡᠰᠦ ᠶᠢ ᠵᠠᠰᠠᠬᠤ ᠤᠷᠭᠤᠮᠠᠯ ᠳᠠᠷᠢᠵᠤ᠂ ᠬᠡᠷᠡᠯ ᠴᠡᠨᠡᠭ ᠤᠨ ᠬᠠᠪᠲᠠᠰᠤ ᠪᠠᠷ ᠨᠡᠷᠡᠨ ᠤ ᠬᠡᠷᠡᠯ ᠢ ᠬᠠᠯᠬᠠᠯᠠᠨ᠂ ᠭᠠᠵᠠᠷ ᠤᠨ ᠭᠠᠳᠠᠷᠭᠤ ᠶᠢᠨ ᠤᠰᠤᠨ ᠤ ᠠᠭᠤᠷᠰᠢᠯᠲᠠ ᠶᠢ ᠪᠠᠭᠠᠰᠬᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠭᠦ ᠪᠠᠷ ᠲᠠᠮᠵᠢᠨ᠂ ᠴᠠᠬᠢᠯᠭᠠᠨ ᠭᠠᠷᠭᠠᠬᠤ ᠮᠥᠷᠲᠡᠭᠡᠨ ᠪᠠᠰᠠ ᠡᠯᠡᠰᠦᠷᠬᠡᠭᠵᠢᠬᠦ ᠪᠠ ᠭᠠᠵᠠᠷ ᠰᠢᠷᠣᠢ ᠶᠢᠨ ᠡᠯᠡᠰᠦᠷᠬᠡᠭᠵᠢᠯ ᠢ ᠴᠥᠮ ᠪᠠᠭᠠᠰᠬᠠᠬᠤ ᠳᠠᠪᠬᠤᠷ ᠦᠢᠯᠡᠳᠦᠯ ᠳᠤ ᠭᠦᠷᠭᠡᠭᠰᠡᠨ ᠪᠠᠶᠢᠨ᠎ᠠ᠃       ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠡᠭᠡᠵᠢᠩ ᠤᠨ ᠺᠣᠮᠫᠠᠨᠢ ᠶᠢᠨ  ᠳ᠋ᠧᠩᠺᠸᠤ ᠶᠢᠨ ᠬᠢᠨᠠᠨ ᠪᠠᠶᠢᠴᠠᠭᠠᠬᠤ ᠲᠥᠪ ᠤᠨ ᠳᠡᠳ᠋ ᠳᠠᠷᠤᠭ᠎ᠠ ᠹᠧᠩ ᠭᠤᠸᠠᠩ ᠵᠢᠶᠠᠨ ᠰᠤᠷᠪᠤᠯᠵᠢᠯᠠᠭᠴᠢ ᠳᠤ ᠭᠡᠷᠡᠯ ᠴᠡᠨᠡᠭ ᠤᠨ ᠬᠠᠪᠲᠠᠰᠤᠨ ᠲᠡᠭᠡᠷ᠎ᠡ ᠴᠠᠬᠢᠯᠭᠠᠨ ᠭᠠᠷᠭᠠᠵᠤ ᠬᠠᠪᠲᠠᠰᠤ ᠲᠤᠤᠷ᠎ᠠ ᠲᠠᠷᠢᠵᠤ ᠤᠷᠭᠤᠭᠤᠯᠬᠤ ᠶᠢᠨ ᠲᠤᠰᠠᠳᠠ᠂ ᠭᠡᠷᠡᠯ ᠴᠡᠨᠡᠭ ᠤᠨ ᠲᠤᠯᠭᠠᠭᠤᠷᠢ ᠶᠢ ᠭᠠᠵᠠᠷ ᠠᠴᠠ 1.8 ᠮᠧᠲᠷ ᠵᠠᠶᠢᠲᠠᠢ ᠥᠨᠳᠥᠷ  ᠪᠤᠯᠭᠠᠨ᠂ ᠲᠤᠤᠷ᠎ᠠ ᠨᠢ 5600 ᠮᠦ ᠳᠦᠷᠪᠡᠨ ᠵᠢᠭᠦᠷᠲᠦ ᠨᠣᠶᠢᠯ ᠲᠠᠷᠢᠵᠤ᠂ ᠨᠣᠶᠢᠯ ᠤᠨ ᠳᠣᠣᠷ᠎ᠠ ᠴᠠᠭᠠᠨ ᠭᠤᠶᠣᠣ ᠵᠠᠯᠭᠠᠵᠤ ᠲᠠᠷᠢᠨ᠎ᠠ᠂ ᠭᠤᠷᠪᠠᠨ ᠵᠢᠯ ᠤᠨ ᠳᠠᠷᠠᠭ᠎ᠠ ᠴᠠᠭᠠᠨ ᠭᠤᠶᠤᠤ ᠪᠠᠨ ᠮᠠᠯᠳᠠᠵᠤ ᠬᠤᠷᠢᠶᠠᠨ᠎ᠠ᠂ ᠠᠰᠢᠭ ᠤᠷᠤᠯᠭ᠎ᠠ ᠨᠢ ᠪᠠᠷᠤᠭ 600᠎ ᠠᠴᠠ 1000 ᠲᠥᠭᠦᠷᠢᠭ ᠤᠷᠴᠢᠮ ᠭᠦᠷᠦᠨ᠎ᠡ ᠭᠡᠪᠡ᠃       ᠣᠳᠣᠬᠠᠨ ᠳᠤ᠂ ᠲᠤᠰ ᠲᠦᠷᠦᠯ ᠵᠤᠶᠢᠯ ᠨᠢ ᠬᠡᠷᠡᠯ ᠴᠡᠨᠡᠭ ᠤᠨ ᠬᠠᠪᠲᠠᠰᠤ ᠶᠢᠨ ᠬᠤᠭᠤᠷᠣᠨᠳᠤ ᠨᠡᠶᠢᠲᠡ 8000 ᠮᠦ ᠲᠠᠷᠢᠮᠠᠯ ᠳᠠᠷᠢᠵᠤ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 1.8 ᠳ᠋ᠦᠩᠰᠢᠭᠤᠷ ᠺᠢᠯᠣᠸᠠᠲ ᠴᠠᠭ ᠲᠤ ᠬᠦᠷᠴᠡᠢ᠃       ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠡᠭᠡᠵᠢᠩ ᠤᠨ ᠺᠣᠮᠫᠠᠨᠢ ᠶᠢᠨ ᠳ᠋ᠧᠩᠺᠸᠤ ᠶᠢᠨ ᠬᠢᠨᠠᠨ ᠪᠠᠶᠢᠴᠠᠭᠠᠬᠤ ᠲᠥᠪ ᠤᠨ ᠳᠡᠳ᠋ ᠳᠠᠷᠤᠭ᠎ᠠ ᠹᠧᠩ ᠭᠤᠸᠠᠩ ᠵᠢᠶᠠᠨ ᠰᠤᠷᠪᠤᠯᠵᠢᠯᠠᠭᠴᠢ ᠳᠤ ᠳᠠᠷᠠᠭᠠᠴᠢ ᠶᠢᠨ ᠠᠯᠬᠤᠮ ᠳᠤ ᠪᠢᠳᠡ ᠬᠡᠷᠡᠯ ᠴᠡᠨᠡᠭ ᠤᠨ ᠬᠠᠪᠲᠠᠰᠤ ᠶᠢᠨ ᠳᠣᠣᠷ᠎ᠠ ᠲᠠᠯ᠎ᠠ ᠳᠤ ᠡᠪᠡᠰᠦᠨ ᠦᠷ᠎ᠡ ᠶᠢ ᠰᠠᠴᠤᠵᠤ᠂ ᠤᠷᠭᠤᠮᠠᠯ ᠤᠨ ᠳᠠᠪᠬᠤᠷᠭ᠎ᠠ ᠶᠢ ᠣᠯᠠᠨ ᠶᠠᠩᠵᠤ ᠶᠢᠨ ᠪᠣᠯᠭᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠪᠠᠷ ᠪᠠᠷᠠᠬᠤ ᠦᠭᠡᠢ ᠬᠥᠷᠥᠰᠥ ᠰᠢᠷᠣᠢ ᠶᠢ ᠰᠠᠶᠢᠵᠢᠷᠠᠭᠤᠯᠬᠤ ᠳᠤ ᠠᠰᠢᠭᠳᠠᠢ ᠪᠤᠯᠭᠠᠨ᠎ᠠ ᠭᠡᠪᠡ᠃       ᠳ᠋ᠧᠩᠺᠸᠤ ᠰᠢᠶᠠᠨ ᠪᠣᠯ ᠬᠠᠳᠤᠨ ᠭᠤᠣᠯ ᠤᠨ ︽ᠲᠤᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠦᠯᠯᠡᠷᠭᠡᠭᠵᠢᠯ ᠢ ᠵᠠᠰᠠᠬᠤ ᠭᠤᠣᠯ ᠳᠠᠶᠢᠨ ᠤ ᠲᠠᠯᠠᠪᠤᠷ ᠪᠠ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠣᠨ᠎ᠠ᠃ 2012 ᠣᠨ ᠳᠤ᠂ ᠲᠤᠬᠠᠢ ᠶᠢᠨ ᠭᠠᠵᠠᠷ ᠤᠨ ᠬᠢᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ  ᠪᠠᠲᠤᠯᠠᠭ᠎ᠠ ᠶᠢᠨ ᠴᠢᠨᠠᠷᠳᠠᠢ ᠲᠣᠣᠷ ᠲᠤ ᠨᠡᠶᠢᠯᠡᠭᠦᠯᠬᠦ ᠲᠦᠷᠦᠯ ᠵᠤᠶᠢᠯ ᠢ ᠴᠢᠷᠮᠠᠶᠢᠨ ᠤᠯᠬᠤ ᠪᠠᠷ ᠲᠠᠮᠵᠢᠨ᠂ ᠭᠡᠷᠡᠯ ᠴᠡᠨᠡᠭ + ᠠᠮᠢ ᠠᠬᠤᠢ ᠶᠢᠨ ᠵᠠᠰᠠᠯᠲᠠ ᠶᠢᠨ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠬᠥᠭᠵᠢᠭᠦᠯᠵᠦ᠂ ᠭᠡᠷᠡᠯ ᠴᠡᠨᠡᠭ + ᠵᠠᠭ ᠤᠨ ᠦᠨᠳᠤᠰᠤᠨ ᠳᠤ ᠴᠠᠭᠠᠨ ᠭᠤᠶᠣᠣ ᠵᠠᠯᠭᠠᠵᠤ ᠲᠠᠷᠢᠬᠤ᠂ ᠭᠡᠷᠡᠯ ᠴᠡᠨᠡᠭ + ᠳᠥᠷᠪᠡᠨ  ᠵᠢᠭᠦᠷᠳᠤ ᠨᠤᠶᠢᠯ ᠲᠤᠤᠷ᠎ᠠ ᠴᠠᠭᠠᠨ ᠭᠤᠶᠣᠣ ᠵᠠᠯᠭᠠᠵᠤ ᠲᠠᠷᠢᠬᠤ᠂ ᠬᠡᠷᠡᠯ ᠴᠡᠨᠡᠭ + ᠬᠠᠷᠠᠭᠠᠨ᠎ᠠ ᠲᠠᠷᠢᠬᠤ ᠵᠡᠷᠭᠡ ᠮᠡᠷᠭᠡᠵᠢᠯ ᠤᠨ ᠬᠡᠪ ᠵᠠᠭᠪᠤᠷ ᠢ ᠭᠤᠣᠯᠳᠠᠯᠭ᠎ᠠ ᠲᠠᠢ ᠲᠡᠯᠭᠡᠷᠡᠭᠦᠯᠵᠤ᠂ ᠴᠢᠬᠢ ᠮᠣᠳᠣᠨ ᠤ ᠣᠨᠳᠣᠷᠣᠯᠲᠠ ᠶᠢᠨ ᠨᠣᠷᠮ᠎ᠠ ᠶᠢ 80%᠎ ᠠᠴᠠ ᠳᠡᠭᠡᠭᠰᠢ ᠳᠤ ᠬᠦᠷᠭᠡᠵᠦ᠂ ᠬᠡᠷᠡᠯ ᠴᠡᠨᠡᠭ ᠤᠨ ᠠᠵᠤ ᠦᠢᠯᠡᠰ ᠬᠢᠭᠡᠳ ᠠᠮᠢ ᠠᠬᠤᠢ ᠶᠢᠨ ᠵᠠᠰᠠᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠪᠡ᠃ ᠣᠳᠣᠬᠠᠨ ᠳᠤ᠂ ᠪᠥᠬᠦ ᠰᠢᠶᠠᠨ ᠢᠶᠠᠷ ᠢᠶᠠᠨ ᠨᠢᠭᠡᠨᠲᠡ ᠬᠡᠷᠡᠯ  ᠴᠡᠨᠡᠭ + ᠠᠮᠢ ᠠᠬᠤᠢ ᠶᠢᠨ ᠵᠠᠰᠠᠯᠲᠠ 77 ᠲᠦᠮᠡᠨ ᠺᠢᠯᠣᠸᠠᠲ ᠲᠤ ᠬᠦᠷᠴᠦ᠂ ᠲᠠᠯᠠᠪᠠᠶ ᠨᠢ ᠪᠠᠷᠤᠭ 2.3 ᠲᠦᠮᠡᠨ ᠮᠦ ᠪᠠᠶᠢᠵᠤ᠂ ᠰᠢᠨ᠎ᠡ ᠪᠠᠷ ᠪᠠᠶᠢᠭᠤᠯᠵᠤ ᠪᠠᠶᠢᠭ᠎ᠠ ᠨᠢ 85 ᠲᠦᠮᠡᠨ ᠺᠢᠯᠣᠸᠠᠲ ᠲᠤ ᠬᠦᠷᠴᠦ᠂ ᠲᠠᠯᠠᠪᠠᠶ ᠨᠢ ᠪᠠᠷᠤᠭ 2.6 ᠲᠦᠮᠡᠨ ᠮᠦ ᠪᠠᠶᠢᠨ᠎ᠠ︔ 260 ᠲᠦᠮᠡᠨ ᠺᠢᠯᠣᠸᠠᠲ ᠤᠨ ᠠᠵᠢᠯ ᠢ ᠡᠬᠢᠯᠡᠭᠦᠯᠬᠦ ᠪᠠᠷ ᠨᠢᠭᠡᠨᠲᠡ ᠴᠣᠬᠤᠯᠠᠪᠤᠷᠢᠯᠠᠵᠤ᠂ ᠲᠠᠯᠠᠪᠠᠶ ᠨᠢ ᠪᠠᠷᠤᠭ 7.8 ᠲᠦᠮᠡᠨ ᠮᠦ ᠪᠤᠢ᠃      2023 ᠣᠨ ᠤ ᠡᠴᠦᠰ ᠪᠣᠯᠲᠠᠯ᠎ᠠ᠂ ᠳ᠋ᠧᠩᠺᠸᠤ ᠰᠢᠶᠠᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ 163.18 ᠲᠦᠮᠡᠨ ᠺᠢᠯᠣᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 109%᠎ ᠪᠠᠷ ᠨᠡᠮᠡᠭᠳᠡᠪᠡ︔ ᠪᠥᠬᠦ ᠰᠢᠶᠠᠨ ᠤ ᠴᠠᠬᠢᠯᠭᠠᠨ ᠭᠠᠷᠭᠠᠭᠰᠠᠨ ᠶᠡᠷᠦᠩᠬᠡᠢ ᠬᠡᠮᠵᠢᠶ᠎ᠡ 46.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.3%᠎ ᠪᠠᠷ ᠨᠡᠮᠡᠭᠳᠡᠵᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯᠴᠢ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠡᠬᠢᠨ ᠤ ᠦᠶ᠎ᠡ ᠪᠣᠯᠬᠤ ᠳᠤ᠂ ᠳ᠋ᠧᠩᠺᠸᠤ ᠰᠢᠶᠠᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 1400 ᠲᠦᠮᠡᠨ ᠺᠢᠯᠣᠸᠠᠲ ᠠᠴᠠ ᠳᠡᠭᠡᠭᠰᠢ ᠬᠡᠮᠵᠢᠶᠡᠨ ᠳᠤ ᠬᠦᠷᠭᠡᠵᠦ ᠂ ᠵᠢᠯ ᠳᠤᠮᠳᠠᠴᠢ ᠪᠠᠷ 230 ᠳ᠋ᠦᠩᠰᠢᠭᠤᠷ ᠭᠷᠡᠳᠦ᠋ᠰ ᠠᠴᠠ ᠳᠡᠭᠡᠭᠰᠢ ᠴᠠᠬᠢᠯᠭᠠᠨ ᠭᠠᠷᠭᠠᠬᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠡᠬᠢ ᠰᠤᠷᠪᠤᠯᠵᠢ ᠶᠢᠨ ᠲᠥᠷᠥᠯ ᠵᠦᠢᠯ ᠢ ᠭᠡᠷᠡᠭᠵᠢᠭᠦᠯᠭᠦ ᠪᠠᠷ ᠲᠠᠮᠵᠢᠨ᠂ ᠬᠡᠷᠡᠯ ᠴᠡᠨᠡᠭ + ᠠᠮᠢ ᠠᠬᠤᠢ ᠶᠢᠨ ᠵᠠᠰᠠᠯᠲᠠ ᠶᠢᠨ ︽ᠳ᠋ᠧᠩᠺᠸᠦ ᠶᠢᠨ ᠵᠠᠭᠪᠤᠷ︾᠎ ᠢ ᠪᠥᠬᠦ ᠲᠠᠯ᠎ᠠ ᠪᠠᠷ ᠳᠡᠯᠭᠡᠷᠡᠭᠦᠯᠦᠨ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠠᠯᠠᠪᠠᠶ ᠶᠢ 43 ᠲᠦᠮᠡᠨ ᠮᠦ ᠠᠴᠠ ᠲᠡᠭᠡᠭᠰᠢ ᠪᠤᠯᠭᠠᠨ᠂ ᠪᠥᠬᠦ ᠰᠢᠶᠠᠨ ᠤ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 160 ᠳ᠋ᠦᠩᠰᠢᠭᠤᠷ ᠲᠥᠭᠦᠷᠢᠭ ᠲᠤ ᠭᠦᠷᠭᠡᠭᠦ ᠪᠤᠯᠤᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ