︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠬᠠᠩᠭᠢᠨ ᠬᠤᠶᠢᠲᠤ ᠬᠤᠰᠢᠭᠤᠨ ᠤ ᠬᠠᠪᠤᠷ ᠤᠨ ᠤᠯᠠᠷᠢᠯ ᠤᠨ ᠮᠣᠳᠣ ᠲᠠᠷᠢᠵᠤ ᠣᠶᠢᠵᠢᠭᠤᠯᠬᠤ ᠠᠵᠢᠯ ᠪᠦᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2024/3/29
      ᠬᠠᠩᠭᠢᠨ ᠬᠤᠶᠢᠲᠤ ᠬᠤᠰᠢᠭᠤ ᠬᠠᠪᠤᠷ ᠤᠨ ᠤᠯᠠᠷᠢᠯ ᠤᠨ ᠮᠤᠳᠤ ᠲᠠᠷᠢᠵᠤ ᠤᠶᠢᠵᠢᠭᠤᠯᠬᠤ ᠠᠰᠢᠭᠲᠠᠢ ᠲᠣᠬᠢᠶᠠᠯ ᠢ ᠠᠮᠵᠢᠵᠤ᠂ ᠡᠷᠲᠡ ᠠᠴᠠ ᠲᠦᠯᠦᠪᠵᠢᠭᠦᠯᠦᠨ ᠪᠠᠶᠢᠷᠢᠯᠠᠭᠤᠯᠵᠤ᠂ ᠡᠷᠲᠡ ᠠᠴᠠ ᠬᠥᠳᠡᠯᠦᠯᠴᠡᠵᠦ᠂ ᠡᠨᠡ ᠵᠢᠯ ᠤᠨ ᠬᠠᠪᠤᠷ ᠤᠨ ᠤᠯᠠᠷᠢᠯ ᠤᠨ ᠨᠣᠭᠤᠭᠠᠷᠠᠭᠤᠯᠵᠤ ᠣᠶᠢᠵᠢᠭᠤᠯᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠰᠠᠶᠢᠲᠤᠷ ᠭᠢᠵᠤ ᠪᠠᠶᠢᠨ᠎ᠠ᠃       ᠬᠠᠩᠭᠢᠨ ᠬᠤᠶᠢᠲᠤ ᠬᠤᠰᠢᠭᠤᠨ ᠤ ᠡᠯ ᠳ᠋ᠣᠣ ᠴᠢᠶᠣᠤ ᠪᠠᠯᠭᠠᠰᠤᠨ ᠤ ᠮᠣᠳᠣ ᠲᠠᠷᠢᠵᠤ ᠣᠶᠢᠵᠢᠭᠤᠯᠬᠤ ᠲᠤᠬᠠᠢ ᠶᠢᠨ ᠭᠠᠵᠠᠷ ᠲᠤ᠂ ᠠᠴᠢᠶᠠᠨ ᠤ ᠮᠠᠰᠢᠨ᠂ ᠬᠥᠷᠪᠡᠭᠦᠯᠬᠦ ᠮᠠᠰᠢᠨ ᠤ ᠳᠠᠭᠤᠨ  ᠭᠦᠷᠴᠢᠭᠢᠨᠡᠨ᠂ ᠨᠠᠰᠢ ᠴᠠᠰᠢ ᠰᠦᠯᠵᠢᠯᠳᠤᠨ ᠶᠠᠭᠠᠷᠠᠯᠳᠠᠢ ᠠᠵᠢᠯᠯᠠᠵᠤ᠂ ᠠᠵᠢᠯᠲᠠᠳ ᠮᠣᠳᠣ ᠲᠠᠷᠢᠬᠤ ᠰᠤᠪᠠᠭ ᠮᠠᠯᠲᠠᠵᠤ᠂ ᠡᠯᠡᠰᠦ ᠰᠣᠯᠢᠵᠤ ᠭᠠᠵᠠᠷ ᠲᠡᠭᠰᠢᠯᠡᠨ᠂ ᠬᠤᠭᠤᠯᠠᠢ ᠳᠡᠪᠢᠰᠴᠦ᠂ ᠡᠯ᠎ᠡ ᠵᠦᠢᠯ ᠤᠨ ᠬᠠᠪᠤᠷ ᠤᠨ ᠤᠯᠠᠷᠢᠯ ᠳᠤ ᠮᠣᠳᠣ ᠲᠠᠷᠢᠵᠤ ᠣᠶᠢᠵᠢᠭᠤᠯᠬᠤ ᠠᠴᠠ ᠡᠮᠤᠨᠡᠭᠢ ᠪᠡᠯᠡᠳᠬᠡᠯ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃       ᠪᠠᠶᠠᠨᠨᠠᠭᠤᠷ ᠬᠤᠲᠠ ᠶᠢᠨ ᠠᠥᠯᠦᠩ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠫᠧᠩ ᠵᠢᠶᠠ ᠹᠦ᠋ ᠰᠤᠷᠪᠤᠯᠵᠢᠯᠠᠭᠴᠢ ᠳᠤ ᠠᠳᠡᠭᠢ ᠭᠠᠵᠠᠷ ᠤᠨ ᠪᠠᠶᠢᠴᠠ ᠳᠣᠣᠷ᠎ᠠ᠂ ᠬᠤᠵᠢᠷ ᠶᠡᠭᠡ ᠪᠠᠶᠢᠳᠠᠭ᠂ ᠵᠤᠯᠵᠠᠭ᠎ᠠ ᠮᠣᠳᠣᠨ ᠤ ᠤᠨᠳᠤᠷᠤᠯᠲᠠ ᠶᠢᠨ ᠨᠣᠷᠮ᠎ᠠ ᠶᠢ ᠪᠠᠲᠤᠯᠠᠬᠤ ᠶᠢᠨ ᠲᠥᠯᠥᠭᠡ᠂ ᠡᠮᠦᠨ᠎ᠡ ᠬᠤᠭᠤᠴᠠᠭᠠᠨ ᠳᠤ ᠪᠢᠳᠡ ᠬᠥᠷᠥᠰᠥ ᠰᠢᠷᠣᠢ ᠪᠠ ᠡᠯᠡᠰᠦ ᠰᠢᠷᠣᠢ ᠰᠣᠯᠢᠬᠤ᠂ ᠤᠰᠤ ᠤᠰᠤᠯᠠᠬᠤ ᠬᠤᠭᠤᠯᠠᠢ ᠲᠠᠯᠪᠢᠬᠤ ᠵᠡᠷᠭᠡ ᠶᠠᠪᠤᠴᠠ ᠶᠢ ᠶᠠᠪᠤᠭᠳᠠᠭᠤᠯᠵᠤ᠂ ᠵᠤᠯᠵᠠᠭ᠎ᠠ ᠮᠣᠳᠣᠨ ᠤ ᠠᠮᠢᠳᠤᠷᠠᠬᠤ ᠨᠤᠷᠮ᠎ᠠ ᠶᠢ ᠳᠡᠭᠡᠭᠰᠢᠯᠡᠭᠦᠯᠦᠨ᠎ᠡ ᠭᠡᠪᠡ᠃       ᠬᠠᠩᠭᠢᠨ ᠬᠤᠶᠢᠲᠤ ᠬᠤᠰᠢᠭᠤ ︽ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠣᠬᠢᠷᠠᠮᠵᠢᠲᠠᠢ ᠭᠠᠵᠠᠷ ᠲᠤ ᠮᠣᠳᠣ ᠲᠠᠷᠢᠵᠤ᠂ ᠤᠰᠤ ᠪᠠᠷ ᠨᠤᠭᠤᠭᠠᠷᠠᠭᠤᠯᠬᠤ  ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠬᠥᠮᠥᠨ ᠤ ᠬᠦᠴᠦ ᠪᠠᠷ ᠣᠶᠢᠵᠢᠭᠤᠯᠬᠤ᠂ ᠢᠨᠵᠧᠨᠧᠷᠢᠩ ᠎ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠤᠢ ᠰᠢᠭᠤᠢ ᠶᠢ ᠠᠷᠠᠴᠢᠯᠠᠨ ᠪᠣᠶᠢᠵᠢᠭᠤᠯᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠲᠤᠪᠤᠶᠢᠯᠭᠠᠨ᠂ ᠮᠣᠳᠣ ᠲᠠᠷᠢᠵᠤ ᠣᠶᠢᠵᠢᠭᠤᠯᠵᠤ ᠨᠣᠭᠤᠭᠠᠷᠠᠭᠤᠯᠬᠤ ᠢᠨᠵᠧᠨᠧᠷᠢᠩ ᠢ ᠶᠡᠬᠡᠪᠡᠷ  ᠭᠡᠷᠡᠭᠵᠢᠭᠦᠯᠦᠭᠰᠡᠨ ᠪᠠᠶᠢᠨ᠎ᠠ᠃ 2024 ᠣᠨ ᠳᠤ᠂ ᠬᠠᠩᠭᠢᠨ ᠬᠤᠶᠢᠲᠤ ᠬᠤᠰᠢᠭᠤ 450 ᠲᠦᠮᠡᠨ ᠰᠠᠭᠤᠷᠢ ᠪᠣᠳᠠ ᠮᠣᠳᠣ᠂ 26.6 ᠲᠦᠮᠡᠨ ᠰᠠᠭᠤᠷᠢ ᠲᠤᠷᠤᠭ ᠮᠣᠳᠣ ᠵᠠᠶᠢᠯᠠᠵᠤ᠂ ᠵᠠᠭ᠂ ᠰᠢᠨᠵᠢᠶᠠᠩ ᠤᠨ ᠤᠯᠢᠶᠠᠰᠤ᠂ ᠭᠦᠸᠧ ᠬᠤᠸᠠᠢ᠂ ᠴᠠᠭᠠᠨ ᠮᠦᠭᠡᠳᠤ ᠵᠡᠷᠭᠡ ᠮᠤᠳᠤᠨ ᠤ ᠲᠦᠷᠦᠯ ᠵᠤᠶᠢᠯ ᠢ ᠳᠠᠷᠢᠬᠤ ᠪᠠᠷ ᠲᠥᠯᠥᠪᠯᠡᠵᠦ᠂ ︽ᠤᠮᠠᠷᠠᠲᠤ ᠶᠢᠨ ᠭᠤᠷᠪᠠᠨ ᠣᠷᠣᠨ︾ ᠎ ᠤ ᠢᠨᠵᠧᠨᠧᠷᠢᠩ ᠤᠨ ᠬᠠᠳᠤᠨ ᠭᠤᠣᠯ ᠤᠨ ︽ᠲᠤᠬᠤᠢ ᠪᠤᠯᠤᠩ︾ ᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠭᠢᠭᠦ ᠪᠠᠷ ᠪᠠᠶᠢᠨ᠎ᠠ᠃      ᠬᠠᠩᠭᠢᠨ ᠬᠤᠶᠢᠲᠤ ᠬᠤᠰᠢᠭᠤᠨ ᠤ ᠣᠶ ᠰᠢᠭᠤᠢ ᠪᠠ ᠨᠤᠳᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦ ᠵᠠᠰᠠᠬᠤ ᠥᠷᠲᠡᠭᠡᠨ ᠤ ᠳᠠᠷᠤᠭ᠎ᠠ ᠶᠠᠩ ᠷᠦᠢ ᠰᠤᠷᠪᠤᠯᠵᠢᠯᠠᠭᠴᠢ ᠳᠤ ᠪᠢᠳᠡ ᠡᠷᠴᠢ ᠵᠣᠷᠢᠭ ᠢᠶᠠᠨ ᠬᠥᠪᠴᠢᠯᠡᠨ᠂ ︽ᠤᠮᠠᠷᠠᠲᠤ ᠶᠢᠨ ᠭᠤᠷᠪᠠᠨ ᠣᠷᠣᠨ︾ ᠎ ᠤ ᠢᠨᠵᠧᠨᠧᠷᠢᠩ ᠤᠨ ᠬᠠᠳᠤᠨ ᠭᠤᠣᠯ ᠤᠨ ︽ᠲᠤᠬᠤᠢ ᠪᠤᠯᠤᠩ︾ ᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠭᠢᠵᠤ᠂ ︽ᠬᠠᠩᠭᠢᠨ ᠬᠤᠶᠢᠳᠤ ᠬᠤᠰᠢᠭᠤ ᠪᠠᠨ ᠨᠤᠭᠤᠭᠠᠨ ᠪᠦᠷᠢᠳᠤ ᠪᠤᠯᠭᠠᠬᠤ︾ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠨ᠎ᠡ᠂ ᠡᠨᠡ ᠵᠢᠯ ᠪᠦᠬᠦ ᠬᠤᠰᠢᠭᠤ ᠪᠠᠷ ᠢᠶᠠᠨ 1.82 ᠲᠦᠮᠡᠨ ᠮᠦ ᠡᠯᠡᠰᠦ ᠶᠢ ᠬᠥᠮᠥᠨ ᠤ ᠬᠦᠴᠦ ᠪᠠᠷ ᠣᠶᠢᠵᠢᠭᠤᠯᠵᠤ᠂ 5 ᠰᠠᠷ᠎ᠠ ᠶᠢᠨ ᠰᠡᠭᠦᠯᠴᠢ ᠪᠠᠷ ᠮᠣᠳᠣ ᠳᠠᠷᠢᠵᠤ ᠣᠶᠢᠵᠢᠭᠤᠯᠬᠤ ᠡᠭᠦᠷᠭᠡ ᠪᠠᠨ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ ᠭᠡᠪᠡ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ