︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠬᠠᠳᠤᠨ ᠭᠤᠤᠯ ᠤᠨ ᠲᠤᠬᠤᠢ ᠪᠤᠯᠤᠩ ᠡᠯᠡᠰᠦ ᠶᠢ ᠵᠠᠰᠠᠵᠤ ᠨᠤᠭᠤᠭᠠᠷᠠᠭᠤᠯᠤᠯᠳᠠ ᠭᠢᠭᠦ ᠠᠵᠢᠯ ᠢᠶᠠᠨ  ᠡᠬᠢᠯᠡᠭᠦᠯᠪᠡ
ᠨᠡᠶᠢᠲᠡᠯᠡᠭᠰᠡᠨ ᠴᠠᠭ᠄
2024/3/29
      ᠣᠳᠣᠬᠠᠨ ᠳᠤ᠂ ᠮᠠᠨ ᠤ ᠬᠤᠲᠠ ᠶᠢᠨ ᠡᠯ᠎ᠡ ᠭᠠᠵᠠᠷ ᠤᠨ ᠬᠢᠨ ᠴᠤᠭ ᠰᠦᠯᠳᠡ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ︽ᠤᠮᠠᠷᠠᠳᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠬᠠᠲᠤᠨ ᠭᠤᠣᠯ ᠤᠨ ︽ᠲᠤᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠭᠢᠯᠡᠨ ᠤᠷᠤᠯᠴᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶᠡᠴᠢ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃      ᠰᠤᠷᠪᠤᠯᠵᠢᠯᠠᠭᠴᠢ ᠯᠢᠨ ᠾᠧ ᠲᠣᠭᠤᠷᠢᠭ ᠤᠨ ᠰᠢᠨᠬᠤᠸᠠ ᠤᠢ ᠰᠢᠭᠤᠢ ᠶᠢᠨ ᠲᠠᠯᠠᠪᠠᠢ ᠳᠤ ᠭᠦᠷᠭᠦ ᠳᠤ᠂ ᠠᠳᠡᠭᠢ ᠵᠢᠯ ᠳᠤ ᠨᠢᠭᠡ ᠤᠳᠠᠭ᠎ᠠ ᠦᠷᠨᠢᠭᠦᠯᠳᠡᠭ ᠬᠠᠪᠤᠷ ᠤᠨ ᠤᠯᠠᠷᠢᠯ ᠤᠨ ᠣᠶᠢᠵᠢᠭᠤᠯᠬᠤ ᠠᠵᠢᠯ ᠨᠢᠭᠡᠨᠲᠡ ᠡᠭᠢᠯᠡᠵᠤ᠂ ᠮᠠᠰᠢᠨ ᠮᠧᠬᠠᠨᠢᠭ ᠭᠦᠷᠴᠢᠭᠢᠨᠡᠨ ᠲᠤᠤᠭᠠᠷᠴᠤ᠂ ᠤᠶᠢᠵᠢᠭᠤᠯᠬᠤ ᠭᠠᠵᠠᠷ ᠢ ᠭᠦᠨ ᠤᠷᠪᠠᠭᠤᠯᠤᠨ ᠲᠡᠭᠰᠢᠯᠡᠵᠦ ᠪᠠᠶᠢᠭ᠎ᠠ ᠶᠢ ᠤᠯᠵᠤ ᠬᠠᠷᠠᠯ᠎ᠠ᠃      ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠳᠡᠳ᠋ ᠳᠠᠷᠤᠭ᠎ᠠ ᠭᠧ ᠸᠧᠨ ᠪᠢᠨ ᠰᠤᠷᠪᠤᠯᠵᠢᠯᠠᠭᠴᠢ ᠳᠤ ᠦᠨᠦ ᠬᠠᠪᠤᠷ᠂ ᠪᠢᠳᠡ ᠲᠤᠷᠤᠭ ᠮᠤᠳᠤ ᠪᠠᠷ ᠭᠦᠪᠡᠭᠡ ᠪᠤᠯᠭᠠᠭᠰᠠᠨ 6358 ᠮᠤ᠋ ᠶᠢ ᠬᠥᠮᠥᠨ ᠤ ᠬᠦᠴᠦ ᠪᠠᠷ ᠣᠶᠢᠵᠢᠭᠤᠯᠵᠤ᠂ 2000 ᠮᠦ ᠶᠢ ᠨᠦᠭᠦᠵᠤ ᠲᠠᠷᠢᠬᠤ ᠪᠠᠷ ᠲᠦᠯᠦᠪᠯᠡᠵᠤ᠂ ᠨᠤᠭᠤᠭᠠᠷᠠᠭᠤᠯᠤᠨ ᠤᠶᠢᠵᠢᠭᠤᠯᠬᠤ ᠴᠢᠨᠠᠷ ᠢ ᠤᠯᠠᠮ ᠨᠢᠭᠡ ᠠᠯᠬᠤᠮ ᠪᠠᠳᠤᠳᠬᠠᠨ ᠲᠡᠭᠡᠭᠰᠢᠯᠡᠭᠦᠯᠦᠨ᠎ᠡ᠂ ᠣᠳᠣᠬᠠᠨ ᠳᠤ ᠴᠢᠬᠢ ᠮᠣᠳᠣᠨ ᠤ ᠨᠥᠭᠡᠴᠡ᠂ ᠮᠠᠰᠢᠨ ᠮᠧᠬᠠᠨᠢᠭ ᠢᠶᠠᠷ ᠭᠠᠵᠠᠷ ᠲᠡᠭᠰᠢᠯᠡᠬᠦ ᠠᠵᠢᠯ ᠨᠢᠭᠡᠨᠲᠡ ᠵᠠᠯᠭᠠᠭ᠎ᠠ ᠪᠠᠷ ᠡᠭᠢᠯᠡᠵᠤ ᠪᠠᠶᠢᠨ᠎ᠠ᠃ ᠪᠢᠳᠡ ᠯᠠᠪᠲᠠᠢ ᠡᠨᠡ ᠭᠡᠰᠡᠭ ᠤᠢ ᠰᠢᠭᠤᠢ ᠶᠢ ᠰᠠᠶᠢᠲᠤᠷ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠡᠨᠡᠬᠦ ᠪᠤᠭᠢᠷᠳᠤᠯ ᠦᠭᠡᠢ ᠰᠡᠷᠭᠡᠶᠢᠯᠡᠯᠲᠡ ᠶᠢᠨ ᠱᠤᠭᠤᠮ ᠢ ᠨᠡᠩ ᠪᠠᠲᠤ ᠪᠠᠬᠢ ᠪᠤᠯᠭᠠᠨ᠎ᠠ ᠭᠡᠪᠡ᠃       1978 ᠣᠨ ᠳᠤ᠂ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠠᠭᠠᠯᠳᠤᠨ᠂ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠶᠡᠭᠡ ᠬᠡᠪᠴᠢᠶ᠎ᠡ ᠪᠠᠷ ᠣᠶᠢᠵᠢᠭᠤᠯᠵᠤ ᠡᠯᠡᠰᠦ ᠶᠢ ᠵᠠᠰᠠᠪᠠ᠃ ᠭᠤᠷᠪᠠᠨ ᠦᠶ᠎ᠡ ᠶᠢᠨ ᠤᠢ ᠰᠢᠭᠤᠢ ᠶᠢᠨ ᠲᠠᠯᠠᠪᠠᠢ ᠶᠢᠨ ᠬᠥᠮᠥᠰ ᠤᠨ ᠴᠢᠷᠮᠠᠶᠢᠯᠭ᠎ᠠ  ᠪᠠᠷ᠂ ᠨᠡᠶᠢᠳᠡ 3.9 ᠲᠦᠮᠡᠨ ᠮᠦ ᠶᠢ ᠣᠶᠢᠵᠢᠭᠤᠯᠵᠤ᠂ 430 ᠲᠦᠮᠡᠨ ᠰᠠᠭᠤᠷᠢ ᠮᠣᠳᠣ ᠳᠠᠷᠢᠵᠠᠢ᠃ ᠣᠳᠣᠬᠠᠨ ᠳᠤ ᠣᠶ ᠰᠢᠭᠤᠢ ᠶᠢᠨ ᠲᠠᠯᠠᠪᠠᠶ ᠶᠢᠨ ᠡᠯᠡᠰᠦᠷᠬᠡᠭ ᠭᠠᠵᠠᠷ ᠤᠨ ᠲᠠᠯᠠᠪᠠᠶ ᠨᠢᠭᠡᠨᠲᠡ 0.5 ᠲᠦᠮᠡᠨ ᠮᠦ ᠪᠣᠯᠣᠨ ᠪᠠᠭᠠᠰᠴᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 2012 ᠣᠨ ᠳᠤ 25.6% ᠪᠠᠶᠢᠭᠰᠠᠨ ᠎ ᠠᠴᠠ ᠪᠠᠨ ᠣᠲᠣ ᠪᠤᠯᠳᠠᠯ᠎ᠠ 65% ᠪᠤᠯᠤᠨ ᠨᠡᠮᠡᠭᠳᠡᠪᠡ᠃      ᠪᠠᠶᠠᠨᠨᠠᠭᠤᠷ ᠬᠤᠳᠠ ᠶᠢᠨ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠳᠠᠷᠤᠭ᠎ᠠ ᠳ᠋ᠦ᠋ ᠸᠧᠨ ᠬᠤᠸᠠ ᠰᠤᠷᠪᠤᠯᠵᠢᠯᠠᠭᠴᠢ ᠳᠤ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠢᠭᠡ ᠵᠢᠯ ᠤᠨ ᠲᠤᠷᠰᠢ᠂ ᠪᠢᠳᠡ ᠤᠯᠤᠰ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠳᠤ ᠲᠦᠰᠢᠭᠯᠡᠨ᠂ ᠲᠦᠮᠡᠨ ᠮᠦ ᠰᠢᠬᠠᠮ ᠣᠶᠢᠲᠤ ᠭᠠᠵᠠᠷ ᠢ ᠨᠥᠬᠦᠨ ᠲᠠᠷᠢᠬᠤ ᠶᠢᠨ ᠳᠠᠭᠠᠤ ᠰᠦᠷᠴᠢᠨ ᠤᠰᠤᠯᠠᠬᠤ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠤᠨ᠂ ᠣᠨᠴᠠ ᠲᠣᠭᠲᠠᠭᠰᠠᠨ ᠮᠣᠳᠣᠨ ᠤ ᠲᠥᠷᠥᠯ ᠢ ᠨᠠᠷᠢᠯᠢᠭ ᠤᠰᠤᠯᠠᠬᠤ ᠪᠤᠯᠤᠭᠰᠠᠨ᠃ ᠳᠠᠷᠠᠭᠠᠴᠢ ᠶᠢᠨ ᠠᠯᠬᠤᠮ ᠳᠤ ᠪᠢᠳᠡ ᠦᠷᠭᠦᠯᠵᠢᠯᠡᠨ ᠬᠠᠲᠠᠭᠤᠵᠢᠯᠲᠠᠢ ᠠᠵᠢᠯᠯᠠᠵᠤ᠂ ᠰᠢᠨᠲᠠᠷᠠᠰᠢ ᠦᠭᠡᠢ ᠵᠢᠳᠭᠦᠭᠦ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠦᠷᠭᠦᠯᠵᠢᠯᠡᠨ ᠵᠠᠯᠭᠠᠮᠵᠢᠯᠠᠵᠤ᠂ ᠡᠬᠡ ᠤᠯᠤᠰ ᠤᠨ ᠤᠮᠠᠷᠠᠲᠤ ᠶᠢᠨ ᠡᠨᠡᠬᠦ ᠪᠣᠬᠢᠷᠲᠤᠯ ᠦᠭᠡᠢ ᠰᠡᠷᠭᠡᠶᠢᠯᠡᠯᠲᠡ ᠶᠢᠨ ᠱᠤᠭᠤᠮ ᠢ ᠨᠡᠩ ᠪᠠᠲᠤ ᠪᠠᠬᠢ ᠪᠣᠯᠭᠠᠨ᠎ᠠ ᠭᠡᠪᠡ᠃       2024 ᠣᠨ ᠳᠤ ᠪᠥᠬᠦ ᠬᠤᠲᠠ ᠶᠢᠨ ᠣᠶ ᠰᠢᠭᠤᠢ ᠨᠤᠳᠤᠭ ᠪᠡᠯᠴᠢᠭᠡᠷ ᠤᠨ ᠰᠢᠰᠲ᠋ᠧᠮ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠡᠨᠡᠭᠦ ᠭᠤᠤᠯᠳᠠᠯᠭ᠎ᠠ ᠶᠢᠨ ᠲᠣᠭᠤᠷᠢᠨ ᠳᠤ᠂ ᠬᠠᠲᠤᠨ ᠭᠤᠣᠯ ᠤᠨ ︽ᠲᠤᠬᠤᠢ ᠪᠤᠯᠤᠩ︾᠎ ᠶᠢᠨ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠭᠤᠯᠠ ᠶᠢ ᠬᠠᠮᠠᠭᠠᠯᠠᠬᠤ᠂ ᠤᠰᠤ ᠠᠷᠪᠢᠯᠠᠬᠤ᠂ ᠣᠶᠢᠵᠢᠭᠤᠯᠬᠤ᠂ ᠲᠠᠷᠢᠶᠠᠨ ᠭᠠᠵᠠᠷ ᠢ ᠥᠭᠡᠷᠡᠴᠢᠯᠡᠬᠦ ᠂ ᠨᠠᠭᠤᠷ ᠢ ᠬᠠᠮᠠᠭᠠᠯᠠᠬᠤ᠂ ᠡᠪᠡᠰᠦ ᠪᠡᠯᠴᠢᠭᠡᠷ ᠢ ᠨᠡᠮᠡᠭᠳᠡᠭᠦᠯᠬᠦ᠂ ᠡᠯᠡᠰᠦ ᠶᠢ ᠶᠡᠷᠦᠩᠬᠡᠶᠢᠯᠡᠨ  ᠵᠠᠰᠠᠬᠤ ᠶᠢ ᠪᠠᠷᠢᠮᠳᠠᠯᠠᠨ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠵᠢᠱᠢᠶᠡᠴᠢ ᠣᠷᠣᠨ ᠢ ᠪᠦᠬᠦ ᠲᠠᠯ᠎ᠠ ᠪᠠᠷ ᠪᠠᠶᠢᠭᠤᠯᠤᠨ᠎ᠠ᠃       ᠡᠨᠡ ᠵᠢᠯ ᠪᠥᠬᠦ ᠬᠤᠲᠠ ᠪᠠᠷ ᠢᠶᠠᠨ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 300 ᠲᠦᠮᠡᠨ ᠮᠦ ᠠᠴᠠ ᠳᠡᠭᠡᠭᠰᠢ ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ 200 ᠲᠦᠮᠡᠨ ᠮᠦ ᠠᠴᠠ ᠲᠡᠭᠡᠭᠰᠢ ᠰᠢᠨ᠎ᠡ ᠪᠠᠷ ᠨᠡᠮᠡᠨ ᠵᠠᠰᠠᠵᠤ᠂ 100 ᠲᠦᠮᠡᠨ ᠮᠦ ᠠᠴᠠ ᠳᠡᠭᠡᠭᠰᠢᠬᠢ ᠦᠷ᠎ᠡ ᠪᠦᠲᠦᠭᠡᠯ ᠢ ᠪᠠᠳᠤᠳᠬᠠᠨ᠂ ᠪᠤᠷᠤᠳᠤᠬᠤᠢ ᠤᠷᠤᠨ ᠤ ᠪᠤᠰᠠᠭ ᠡᠯᠡᠰᠦᠨ ᠳᠣᠪᠤ  ᠶᠢ 3.65 ᠲᠦᠮᠡᠨ ᠮᠦ ᠠᠴᠠ ᠳᠡᠭᠡᠭᠰᠢ ᠵᠠᠰᠠᠵᠤ᠂ ᠪᠦᠬᠦ ᠵᠠᠰᠠᠬᠤ ᠡᠭᠦᠷᠭᠡ ᠶᠢᠨ ᠢᠶᠠᠨ 70%᠎ ᠠᠴᠠ ᠲᠡᠭᠡᠭᠰᠢᠭᠢ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠨᠣᠭᠤᠭᠠᠷᠠᠭᠤᠯᠤᠯᠲᠠ  ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ 1᠂ ᠣᠶ ᠰᠢᠭᠤᠢ ᠶᠢᠨ ᠰᠢᠶᠠᠩ ᠪᠠᠯᠭᠠᠰᠤ 5᠂ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ 74 ᠎ ᠶᠢ ᠡᠭᠦᠳᠦᠨ ᠪᠠᠶᠢᠭᠤᠯᠬᠤ ᠪᠤᠯᠤᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ