︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠬᠠᠩᠭᠢᠨ ᠬᠤᠶᠢᠲᠤ ᠬᠤᠰᠢᠭᠤ᠄ ᠤᠷᠢᠬᠠᠨ ᠬᠠᠪᠤᠷ ᠤᠨ ᠭᠤᠷᠪᠠᠨ ᠰᠠᠷ᠎ᠠ ᠪᠠᠷ ᠣᠶᠢᠵᠢᠭᠤᠯᠣᠯᠲᠠ ᠶᠢᠨ ᠠᠵᠢᠯ ᠢᠳᠡ ᠬᠥᠭ ᠲᠠᠢ ᠶᠠᠪᠤᠭᠳᠠᠨ᠎ᠠ
ᠨᠡᠶᠢᠲᠡᠯᠡᠭᠰᠡᠨ ᠴᠠᠭ᠄
2024/3/29
      ᠬᠠᠩᠭᠢᠨ ᠬᠤᠶᠢᠲᠤ ᠬᠤᠰᠢᠭᠤᠨ ᠤ ᠬᠢᠨ ︽  ᠬᠠᠩᠭᠢᠨ ᠬᠤᠶᠢᠲᠤ ᠬᠤᠰᠢᠭᠤ ᠪᠠᠨ ᠨᠤᠭᠤᠭᠠᠷᠠᠭᠤᠯᠤᠶ᠎ᠠ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠲᠤᠨ ᠭᠤᠣᠯ ᠤᠨ ᠲᠣᠬᠤᠢ ᠶᠢᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠃      ᠣᠶᠢᠷ᠎ᠠ ᠶᠢᠨ ᠡᠳᠦᠷ᠂ 311 ᠮᠤᠵᠢ ᠶᠢᠨ ᠵᠠᠮ ᠤᠨ ᠬᠠᠩᠭᠢᠨ ᠬᠤᠶᠢᠲᠤ ᠬᠤᠰᠢᠭᠤᠨ ᠤ ᠮᠥ᠋ᠩ ᠬᠠᠢ ᠶᠢᠨ ᠬᠡᠰᠡᠭ ᠤᠨ  ᠤᠮᠠᠷᠠᠲᠤ ᠶᠢᠨ ᠭᠤᠷᠪᠠᠨ ᠣᠷᠣᠨ  ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠬᠠᠳᠤᠨ ᠭᠤᠣᠯ ᠤᠨ  ᠲᠤᠬᠤᠢ ᠶᠢᠨ  ᠪᠡᠷᠬᠡ ᠰᠢᠢᠳᠪᠦᠷᠢᠯᠡᠬᠦ ᠳᠠᠶᠢᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠬᠠᠩᠭᠢᠨ ᠬᠤᠶᠢᠲᠤ ᠬᠤᠰᠢᠭᠤᠨ ᠤ ᠺᠠᠳ᠋ᠷ ᠠᠵᠢᠯᠲᠠᠨ ᠠᠯᠪᠠᠨ ᠵᠢᠷᠤᠮ ᠤᠨ ᠮᠣᠳᠣ ᠲᠠᠷᠢᠵᠦ᠂ ᠬᠥᠮᠥᠰ ᠵᠤᠯᠵᠠᠭ᠎ᠠ ᠮᠣᠳᠣ ᠶᠢ ᠨᠡᠭᠦᠯᠭᠡᠵᠦ᠂ ᠬᠦᠷᠵᠡ ᠬᠤᠷᠤᠶᠢᠯᠠᠵᠤ ᠰᠢᠷᠣᠢ ᠬᠤᠰᠤᠵᠤ᠂ ᠴᠢᠬᠢ ᠶᠢ ᠲᠦᠰᠢᠨ ᠭᠢᠰᠬᠢᠵᠦ᠂ ᠨᠢᠭᠡ ᠰᠠᠭᠤᠷᠢ ᠪᠣᠷᠣ ᠲᠦᠷᠦᠭᠦᠲᠦ ᠬᠤᠩᠭᠤᠷᠴᠠᠭᠲᠤ ᠬᠠᠰᠢᠶ᠎ᠠ᠂ ᠠᠯᠳᠠᠨ ᠨᠠᠪᠴᠢᠲᠤ ᠬᠠᠶᠢᠯᠠᠰᠤ ᠵᠡᠷᠭᠡ ᠵᠤᠯᠵᠠᠭ᠎ᠠ ᠮᠣᠳᠣ ᠶᠢ ᠰᠡᠳᠬᠢᠯ ᠲᠠᠯᠪᠢᠨ  ᠲᠠᠷᠢᠵᠠᠭᠠᠨ᠎ᠠ᠃       ᠬᠠᠩᠭᠢᠨ ᠬᠤᠶᠢᠲᠤ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠳ᠋ᠤᠸᠠᠨ ᠭᠤᠸᠠᠩ ᠱᠦᠸ᠋ᠸ ᠰᠤᠷᠪᠤᠯᠵᠢᠯᠠᠭᠴᠢ ᠳᠤ ᠶᠠᠷᠢᠬᠤ ᠳᠠᠭᠠᠨ 2024 ᠣᠨ ᠳᠤ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠪᠡᠶᠡᠯᠡᠭᠦᠯᠬᠦ ᠪᠠᠷ ᠲᠥᠯᠥᠪᠯᠡᠵᠦ᠂ 1.8 ᠲᠦᠮᠡᠨ ᠮᠦ ᠳᠤ ᠬᠥᠮᠥᠨ ᠤ ᠬᠦᠴᠦ ᠪᠠᠷ ᠣᠶᠢᠵᠢᠭᠤᠯᠵᠤ᠂ 1.3 ᠲᠦᠮᠡᠨ ᠮᠦ ᠳᠤ ᠮᠠᠭᠤᠳᠠᠭᠰᠠᠨ ᠤᠢ ᠰᠢᠭᠤᠢ ᠶᠢ ᠵᠠᠰᠠᠨ ᠰᠡᠷᠭᠦᠭᠡᠵᠦ᠂ 2 ᠲᠦᠮᠡᠨ ᠮᠦ ᠳᠤ ᠤᠢ ᠰᠢᠭᠤᠢ ᠶᠢ ᠠᠷᠠᠴᠢᠯᠠᠨ ᠪᠣᠶᠢᠵᠢᠭᠤᠯᠤᠨ᠎ᠠ᠃ ᠬᠡᠰᠡᠭ ᠪᠤᠰᠠᠭ ᠡᠯᠡᠰᠦᠨ ᠳᠣᠪᠤ 2700 ᠮᠦ ᠭᠠᠵᠠᠷ ᠢ ᠵᠠᠰᠠᠪᠠ᠃ ᠣᠲᠣ ᠪᠣᠯᠲᠠᠯ᠎ᠠ ᠨᠢᠭᠡᠨᠲᠡ 4000 ᠮᠦ ᠡᠯᠡᠰᠦ ᠶᠢ ᠲᠣᠭᠲᠠᠪᠤᠷᠢᠵᠢᠭᠤᠯᠵᠤ᠂ 450 ᠮᠦ ᠬᠥᠮᠥᠨ ᠤ ᠬᠦᠴᠦ ᠪᠠᠷ ᠣᠶᠢᠵᠢᠭᠤᠯᠵᠤ᠂ 3.4 ᠺᠢᠯᠣᠮᠧᠲᠷ ᠤᠨ ᠠᠵᠢᠯᠯᠠᠬᠤ ᠵᠠᠮ ᠵᠠᠰᠠᠵᠤ᠂ 1000 ᠮᠦ ᠬᠡᠰᠡᠭ ᠪᠤᠰᠠᠭ ᠡᠯᠡᠰᠦᠨ ᠲᠣᠪᠤ ᠶᠢ ᠵᠠᠰᠠᠵᠤ ᠳᠠᠭᠤᠰᠬᠠᠪᠠ  ᠭᠡᠵᠤ ᠪᠠᠶᠢᠯ᠎ᠠ᠃      ᠡᠨᠡ ᠵᠢᠯ᠂ ᠬᠠᠩᠭᠢᠨ ᠬᠤᠶᠢᠲᠤ ᠬᠤᠰᠢᠭᠤᠨ ᠤ ᠬᠢᠨ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠬᠡᠰᠡᠭ ᠬᠤᠪᠢᠶᠠᠨ ᠲᠥᠯᠥᠪᠯᠡᠬᠦ᠂  ᠰᠢᠰᠲ᠋ᠧᠮ ᠲᠠᠢ ᠬᠠᠮᠲᠤᠷᠠᠨ ᠬᠥᠳᠡᠯᠦᠯᠴᠡᠬᠦ᠂ ᠪᠦᠬᠦ ᠲᠠᠯ᠎ᠠ ᠪᠠᠷ ᠠᠬᠢᠭᠤᠯᠬᠤ︾ ᠵᠠᠷᠴᠢᠮ ᠪᠠ ︽ᠨᠢᠭᠡ ᠰᠠᠭᠤᠷᠢ ᠳᠤᠲᠠᠭᠳᠠᠪᠠᠯ ᠨᠢᠭᠡ ᠰᠠᠭᠤᠷᠢ ᠶᠢ ᠨᠥᠬᠦᠪᠦᠷᠢᠯᠡᠬᠦ᠂ ᠨᠢᠭᠡ ᠬᠡᠰᠡᠭ ᠳᠤᠲᠠᠭᠳᠠᠪᠠᠯ ᠨᠢᠭᠡ ᠬᠡᠰᠡᠭ ᠢ ᠨᠥᠬᠦᠪᠦᠷᠢᠯᠡᠬᠦ︾ ᠱᠠᠭᠠᠷᠳᠠᠯᠭ᠎ᠠ ᠶᠣᠰᠣᠭᠠᠷ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ᠂ ᠴᠢᠩᠭ᠎ᠠ ᠱᠠᠭᠠᠷᠳᠠᠯᠭ᠎ᠠ ᠪᠠᠷ ᠴᠢᠬᠢ ᠮᠣᠳᠣ ᠨᠢᠭᠡᠪᠦᠷᠢ ᠶᠢ ᠰᠠᠶᠢᠲᠤᠷ ᠰᠠᠭᠤᠯᠭᠠᠵᠤ᠂ ︽ᠭᠤᠷᠪᠠᠨ ᠤᠮᠠᠷᠠᠲᠤ︾ ᠢᠨᠵᠧᠨᠧᠷᠢᠩ ᠤᠨ ᠬᠠᠳᠤᠨ ᠭᠤᠣᠯ ᠤᠨ  ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠠᠬᠢᠭᠤᠯᠵᠤ᠂  ᠬᠠᠩᠭᠢᠨ ᠬᠤᠶᠢᠲᠤ ᠬᠤᠰᠢᠭᠤ ᠪᠠᠨ ᠨᠤᠭᠤᠭᠠᠷᠠᠭᠤᠯᠤᠶ᠎ᠠ ᠠᠵᠢᠯᠯᠠᠭ᠎ᠠ ᠪᠣᠳᠠᠲᠠᠢ ᠳᠤ ᠨᠠᠶᠢᠳᠠᠪᠤᠷᠢᠵᠢᠭᠳᠠᠨ ᠦᠷ᠎ᠡ ᠪᠦᠲᠦᠮᠵᠢ  ᠣᠯᠣᠭᠰᠠᠨ ᠪᠠᠶᠢᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ