ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠠᠨᠨᠠᠭᠤᠷ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ  ᠮᠡᠳᠡᠭᠳᠡᠯ
ᠨᠡᠶᠢᠲᠡᠯᠡᠭᠰᠡᠨ ᠴᠠᠭ᠄
2024/3/29
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ‍ᠤᠨ‌ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶᠎ ᠶᠢᠨ ᠵᠥᠪᠯᠡᠯ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2023﹈ 18 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 26 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠳᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠂ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠵᠢᠯᠤᠭᠤᠳᠬᠤ ᠦᠵᠡᠯ ᠰᠠᠨᠠᠭ᠎ᠠ       ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢᠶᠠᠷ ᠪᠥᠬᠦ ᠬᠤᠲᠠ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠶᠢ ᠦᠨᠡᠨᠬᠦ ᠪᠠᠲᠤᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃       ᠬᠤᠶᠠᠷ᠂ ᠬᠠᠷᠠᠯᠲᠠ ᠶᠢᠨ ᠡᠭᠦᠷᠭᠡ       ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠶᠢᠨ ᠶᠣᠰᠣᠭᠠᠷ᠂ ᠯᠠᠪᠳᠠᠭᠤᠨ ᠪᠥᠭᠡᠳ ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠳᠠᠮᠵᠢᠭᠤᠯᠤᠨ᠂ ᠳᠣᠣᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ ᠪᠥᠬᠦ ᠬᠤᠲᠠ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠪᠠ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠦᠨ᠎ᠡ︔ ᠬᠤᠶᠠᠷ ᠲᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠮᠠᠭᠠᠳᠯᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠦᠷᠢᠨᠰᠢᠭᠦᠯᠦᠨ᠎ᠡ︔ ᠭᠤᠷᠪᠠ ᠳᠤ  ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ  ᠰᠢᠰᠲ᠋ᠧᠮ ᠢ ᠪᠠᠶᠢᠭᠤᠯᠤᠨ᠎ᠠ︔ ᠳᠥᠷᠪᠡ ᠳᠤ᠂ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃       ᠭᠤᠷᠪᠠ᠂ ᠨᠡᠶᠢᠳᠡᠮ ᠪᠠᠶᠢᠴᠠᠭᠠᠬᠤ ᠬᠡᠪᠴᠢᠶ᠎ᠡ ᠪᠣᠯᠣᠨ ᠠᠭᠤᠯᠭ᠎ᠠ       ︵ᠨᠢᠭᠡ︶ ᠨᠡᠶᠢᠳᠡᠮ ᠪᠠᠶᠢᠴᠠᠭᠠᠬᠤ ᠬᠡᠪᠴᠢᠶ᠎ᠡ᠃ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ 528 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠲᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ ᠳᠠᠩᠰᠠᠯᠠᠪᠠ᠃       ︵ᠬᠤᠶᠠᠷ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠡᠭᠦᠨ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ ᠵᠠᠢ ᠶᠢᠨ ᠪᠠᠶᠢᠷᠢᠰᠢᠯ ᠂ ᠬᠠᠮᠠᠭᠠᠯᠠᠯᠲᠠ ᠶᠢᠨ ᠲᠡᠰ᠂ ᠲᠡᠦᠬᠡ ᠶᠢᠨ ᠳᠤᠷᠠᠰᠬᠠᠯᠲᠤ ᠵᠦᠢᠯ ᠤᠨ ᠳᠦᠷᠦᠯ ᠢᠯᠭᠠᠯ᠂ ᠣᠨ ᠵᠢᠯ᠂ ᠡᠷᠬᠡ ᠶᠢᠨ ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃       ᠳᠥᠷᠪᠡ᠂ ᠴᠠᠭ ᠤᠨ ᠲᠣᠬᠢᠷᠠᠭᠤᠯᠤᠯᠲᠠ       ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢ 2023 ᠣᠨ ᠤ 11 ᠰᠠᠷ᠎ᠠ ᠠᠴᠠ ᠡᠬᠢᠯᠡᠵᠦ᠂ 2026 ᠣᠨ ᠤ 6 ᠰᠠᠷ᠎ᠠ ᠳᠤ ᠳᠠᠭᠤᠰᠬᠠᠬᠤ ᠪᠣᠯᠲᠠᠯ᠎ᠠ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠶᠢᠨ ᠴᠠᠭ ᠨᠢ 2024 ᠣᠨ ᠤ 4 ᠰᠠᠷ᠎ᠠ ᠶᠢᠨ 30᠎ ᠤ ᠡᠳᠦᠷ᠃       ︵ᠨᠢᠭᠡ︶ ᠨᠢᠭᠡᠳᠦᠭᠡᠷ ᠱᠠᠲᠤ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠣᠨ ᠨᠡᠶᠢᠳᠡᠮ ᠪᠠᠶᠢᠴᠠᠭᠠᠯᠲᠠ ᠶᠢᠨ ᠡᠩᠨᠡᠭᠡ  ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠲᠣᠭᠲᠠᠭᠠᠨ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠣᠯᠣᠨ ᠵᠢᠷᠤᠮᠵᠢᠯ ᠤᠨ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ  ᠰᠢᠰᠲ᠋ᠧᠮ ᠢ ᠦᠨᠳᠦᠰᠦᠯᠡᠨ ᠵᠥᠭᠡᠯᠡᠨ ᠬᠡᠷᠡᠭᠰᠡᠯ ᠴᠤᠭᠯᠠᠭᠤᠯᠵᠤ᠂ ᠪᠣᠯᠪᠠᠰᠤᠷᠠᠭᠤᠯᠤᠯ᠂ ᠲᠤᠷᠰᠢᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠬᠤᠶᠠᠷ︶ ᠬᠤᠶᠠᠳᠤᠭᠠᠷ ᠱᠠᠲᠤ᠃ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠬᠤᠰᠢᠭᠤ ᠰᠢᠶᠠᠨ ᠲᠣᠭᠤᠷᠢᠭ ᠤᠨ ᠭᠠᠵᠠᠷ ᠣᠷᠣᠨ ᠢᠶᠠᠷ ᠦᠨᠳᠦᠰᠦᠨ ᠨᠢᠭᠡᠴᠡ ᠪᠣᠯᠭᠠᠵᠤ᠂ ᠲᠤᠬᠠᠢ ᠶᠢᠨ ᠭᠠᠵᠠᠷ ᠲᠤᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ ᠥᠷᠨᠢᠭᠦᠯᠦᠨ᠎ᠡ᠃       ︵ᠭᠤᠷᠪᠠ︶ ᠭᠤᠷᠪᠠᠳᠤᠭᠠᠷ ᠱᠠᠲᠤ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠲᠡᠯᠡᠵᠦ᠂ ᠪᠥᠬᠦ ᠬᠤᠲᠠ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠪᠠᠶᠢᠭᠤᠯᠤᠨ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠨ᠎ᠡ᠃       ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠰᠢᠯᠵᠢᠭᠦᠯᠵᠦ ᠪᠣᠯᠣᠰᠢ ᠦᠭᠡᠢ ᠴᠢᠬᠤᠯᠠ ᠲᠡᠦᠬᠡ ᠶᠢᠨ ᠳᠤᠷᠠᠰᠬᠠᠯᠲᠤ ᠵᠦᠢᠯᠡᠰ ᠢ ᠵᠣᠬᠢᠬᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠴᠠᠭ ᠲᠤᠨᠢ ᠲᠣᠬᠢᠷᠠᠭᠤᠯᠤᠨ ᠬᠢᠨᠠᠨ ᠲᠣᠭᠲᠠᠭᠠᠵᠤ ᠨᠡᠶᠢᠲᠡᠯᠡᠨ᠎ᠡ᠃       ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠤᠯᠤᠰ ᠤᠨ ᠲᠡᠦᠬᠡ ᠰᠣᠶᠣᠯ ᠤᠨ ᠥᠪ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠭᠲᠠ ᠪᠠᠶᠢᠷᠢᠯᠠᠭᠤᠯᠵᠤ᠂ ᠤᠬᠠᠭᠤᠯᠬᠤ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃       ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠪᠠᠶᠠᠨᠨᠠᠭᠤᠷ ᠬᠤᠳᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ  ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠬᠢᠭᠡᠳ ᠬᠤᠯᠪᠣᠭᠳᠠᠯ ᠪᠦᠬᠦᠢ ᠴᠢᠬᠤᠯᠠ ᠤᠴᠢᠷ ᠢ ᠬᠢᠨᠠᠨ ᠲᠣᠭᠲᠠᠭᠠᠵᠤ᠂ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠭᠠᠬᠤ ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠲᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠪᠥᠬᠦ ᠬᠤᠲᠠ ᠶᠢᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠵᠣᠬᠢᠬᠤ ᠨᠡᠶᠢᠳᠡᠮ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠵᠤ᠂ ᠲᠣᠰ ᠭᠠᠵᠠᠷ ᠣᠷᠣᠨ ᠤ ᠪᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ︔ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠤ ᠬᠠᠮᠢᠶᠠᠷᠤᠯᠲᠠ ᠶᠢᠨ ︵ᠪᠡᠯᠡᠳᠬᠡᠯ︶᠎ ᠶᠢᠨ ᠵᠥᠪᠯᠡᠯ ᠤᠨ ᠠᠯᠪᠠᠨ ᠭᠡᠷ ᠨᠢ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠡ︔ ᠬᠤᠳᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ  ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠲᠤᠰ ᠰᠢᠰᠲ᠋ᠧᠮ ᠤᠨ ᠲᠡᠦᠬᠡ ᠶᠢᠨ ᠳᠤᠷᠠᠰᠬᠠᠯᠲᠤ ᠵᠦᠢᠯ ᠤᠨ ᠰᠦᠪᠡᠭᠴᠢ ᠶᠢ ᠢᠳᠡᠪᠬᠢᠲᠡᠢ ᠪᠠᠷ ᠬᠠᠩᠭᠠᠵᠤ᠂ ᠲᠤᠰ  ᠰᠢᠰᠲ᠋ᠧᠮ ᠤᠨ ᠬᠤᠯᠪᠣᠭᠳᠠᠯ ᠪᠦᠬᠦᠢ ᠨᠢᠭᠡᠴᠡ᠂ ᠠᠵᠢᠯᠲᠠᠨ ᠢ ᠵᠣᠬᠢᠶᠠᠨ ᠪᠠᠶᠢᠭᠤᠯᠤᠨ ᠲᠠᠶᠢᠴᠢᠯᠠᠵᠦ ᠲᠡᠦᠬᠡ ᠶᠢᠨ ᠳᠤᠷᠠᠰᠬᠠᠯᠲᠤ ᠵᠦᠢᠯ  ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠲᠤᠰ  ᠰᠢᠰᠲ᠋ᠧᠮ ᠳᠤ ᠬᠤᠯᠪᠣᠭᠳᠠᠬᠤ ᠬᠦᠴᠢᠷᠳᠡᠯ ᠪᠣᠯᠣᠨ ᠠᠰᠠᠭᠤᠳᠠᠯ  ᠢ ᠬᠠᠮᠵᠢᠯᠴᠠᠨ ᠰᠤᠳᠤᠯᠤᠨ ᠰᠢᠢᠳᠪᠦᠷᠢᠯᠡᠬᠦ ᠬᠡᠷᠡᠭᠲᠡᠢ᠃       ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠮᠠᠨ ᠤ ᠬᠤᠳᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠨᠥᠬᠦᠴᠡᠯ ᠳᠤ ᠨᠡᠶᠢᠴᠡᠬᠦ ᠬᠥᠮᠥᠰ ᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠡ ᠠᠴᠠ ᠵᠥᠪᠳᠡᠯᠴᠡᠨ ᠰᠢᠯᠵᠢᠭᠦᠯᠵᠦ ᠨᠡᠶᠢᠳᠡᠮ ᠪᠠᠶᠢᠴᠠᠭᠠᠯᠲᠠ ᠶᠢᠨ ᠡᠩᠨᠡᠭᠡᠨ ᠳᠤ ᠣᠷᠣᠭᠤᠯᠵᠤ ᠪᠣᠯᠣᠨ᠎ᠠ᠂ ᠤᠷᠢᠨ ᠬᠡᠷᠡᠭᠯᠡᠭᠰᠡᠨ ᠬᠥᠮᠥᠰ ᠤᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠳᠣᠲᠣᠷ᠎ᠠ ᠠᠴᠠ ᠭᠠᠷᠭᠠᠵᠤ᠂ ᠤᠷᠢᠨ ᠬᠡᠷᠡᠭᠯᠡᠭᠰᠡᠨ ᠨᠢᠭᠡᠴᠡ ᠠᠴᠠ ᠥᠭᠭᠦᠨ᠎ᠡ᠂ ᠵᠥᠪᠳᠡᠯᠴᠡᠨ ᠰᠢᠯᠵᠢᠭᠦᠯᠦᠭᠰᠡᠨ ᠬᠥᠮᠥᠰ ᠤᠤᠯ ᠤᠨ ᠨᠢᠭᠡᠴᠡ ᠶᠢᠨ ᠠᠵᠢᠯ ᠤᠨ ᠪᠠᠶᠢᠷᠢ ᠶᠢ ᠨᠢ ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠨᠢ ᠪᠠᠭᠤᠷᠠᠭᠤᠯᠬᠤ ᠦᠭᠡᠢ᠃ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠣᠷᠣᠭᠴᠢ ᠶᠢ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠲᠡᠳᠡᠨ ᠤ ᠵᠢᠭᠠᠨ ᠰᠤᠷᠭᠠᠯᠲᠠ ᠶᠢᠨ ᠳᠠᠳᠤᠯᠭ᠎ᠠ ᠶᠢᠨ ᠬᠢᠴᠢᠶᠡᠯ ᠪᠣᠯᠭᠠᠵᠤ ᠪᠣᠯᠣᠨ᠎ᠠ᠃       ︵ᠳᠥᠷᠪᠡ︶ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ︾᠎ ᠤᠨ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠎ ᠠᠴᠠ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠦᠷᠢ ᠥᠭᠬᠦ ᠠᠴᠠ ᠭᠠᠳᠠᠨ᠎ᠠ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠦᠨᠳᠦᠰᠦᠯᠡᠨ ᠠᠳᠠᠯᠢ ᠱᠠᠲᠤᠨ ᠤ ᠡᠳ᠋ ᠤᠨ ᠵᠠᠰᠠᠭ ᠎ ᠠᠴᠠ ᠡᠭᠦᠷᠭᠡᠯᠡᠨ᠎ᠡ᠃ ᠣᠷᠣᠨ ᠨᠤᠲᠤᠭ ᠤᠨ ᠡᠭᠦᠷᠭᠡᠯᠡᠬᠦ ᠵᠠᠷᠤᠳᠠᠯ ᠢ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠦᠢ ᠵᠣᠬᠢᠰᠲᠠᠢ ᠲᠥᠰᠥᠭᠡᠯᠡᠨ ᠪᠤᠳᠤᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠳᠠ ᠶᠢᠨ ᠬᠤᠯᠪᠣᠭᠳᠠᠯ ᠪᠦᠬᠦᠢ ᠨᠠᠮ ᠵᠠᠰᠠᠭ ᠤᠨ ᠪᠠᠶᠢᠭᠤᠯᠤᠯᠭ᠎ᠠ ᠶᠢᠨ ᠠᠷᠪᠢᠯᠠᠨ ᠭᠠᠮᠨᠠᠬᠤ ᠠᠯᠢ ᠤᠯᠠᠨ ᠠᠵᠢᠯ ᠤᠨ ᠱᠠᠭᠠᠷᠳᠠᠯᠭ᠎ᠠ ᠶᠣᠰᠣᠭᠠᠷ᠂ ᠤᠳᠤ ᠪᠠᠶᠢᠭ᠎ᠠ ᠪᠡᠯᠡ ᠮᠥᠩᠭᠦ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ 2024 ᠣᠨ ᠤ ᠰᠠᠯᠠᠭ᠎ᠠ ᠮᠥᠴᠢᠷ ᠤᠨ ᠲᠥᠰᠥᠪ ᠤᠨ ᠲᠣᠬᠢᠷᠠᠭᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃       ︵ᠲᠠᠪᠤ︶ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠳᠠ ᠶᠢᠨ ᠱᠠᠲᠤ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠳᠠ ᠶᠢᠨ ᠱᠠᠲᠤ ᠪᠣᠯᠣᠨ ᠬᠤᠰᠢᠭᠤ ᠰᠢᠶᠠᠨ ᠲᠣᠭᠤᠷᠢᠭ ᠤᠨ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠲᠣᠭᠲᠠᠴᠠ  ᠶᠢ ᠪᠠᠶᠢᠭᠤᠯᠵᠤ᠂ ᠪᠠᠶᠠᠨᠨᠠᠭᠤᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠎ ᠠᠴᠠ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠬᠠᠷᠢᠭᠤᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠵᠢᠯᠣᠭᠤᠳᠤᠨ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠲᠠᠭᠯᠠᠨ ᠮᠡᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠢᠨᠠᠨ ᠪᠠᠶᠢᠴᠠᠭᠠᠬᠤ ᠶᠢ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠥᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃       ︵ᠵᠢᠷᠭᠤᠭ᠎ᠠ︶ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠬᠤᠲᠠ ᠬᠤᠰᠢᠭᠤ ︵ᠰᠢᠶᠠᠨ᠂ ᠲᠣᠭᠤᠷᠢᠭ︶ ᠬᠤᠶᠠᠷ ᠱᠠᠲᠤᠨ ᠤ ᠡᠯ᠎ᠡ ᠰᠠᠯᠠᠭ᠎ᠠ ᠮᠥᠴᠢᠷ ᠪᠣᠯᠣᠨ ᠨᠢᠭᠡᠴᠡ ᠵᠢᠴᠢ ᠬᠤᠪᠢ ᠬᠥᠮᠥᠨ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠪᠠᠨ ᠦᠨᠡᠨ ᠮᠥᠨ ᠢᠶᠠᠷ ᠲᠠᠭᠯᠠᠨ ᠮᠡᠳᠡᠭᠦᠯᠬᠦ ᠬᠡᠷᠡᠭᠲᠡᠢ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠪᠣᠯᠣᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠤᠳᠠ ᠶᠢᠨ ᠱᠠᠲᠤᠨ ᠤ ᠪᠠ ᠬᠤᠰᠢᠭᠤ ᠰᠢᠶᠠᠨ ᠲᠣᠭᠤᠷᠢᠭ ᠤᠨ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠬᠢᠭᠡᠳ ᠲᠡᠭᠦᠨ ᠤ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠣᠨ ᠮᠠᠲ᠋ᠧᠷᠢᠶᠠᠯ ᠢ ᠲᠣᠬᠢᠲᠠᠢ ᠬᠠᠳᠠᠭᠠᠯᠠᠵᠤ᠂ ᠨᠡᠶᠢᠳᠡᠮ ᠪᠠᠶᠢᠴᠠᠭᠠᠯᠲᠠ  ᠳᠤ ᠬᠤᠯᠪᠣᠭᠳᠠᠬᠤ ᠤᠯᠤᠰ ᠤᠨ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ᠂ ᠬᠡᠷᠪᠡ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠎ ᠶᠢᠨ ᠲᠣᠭᠲᠠᠭᠠᠯ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠶᠠᠪᠤᠴᠠ ᠳᠤ᠂ ᠬᠡᠷᠪᠡ ᠵᠣᠷᠢᠭᠤᠳᠠ ᠡᠪᠳᠡᠯᠡᠭᠰᠡᠨ᠂ ᠬᠢᠨᠠᠨ ᠬᠠᠮᠢᠶᠠᠷᠤᠭᠰᠠᠨ ᠨᠢ ᠰᠤᠯᠠ ᠵᠡᠷᠭᠡ ᠰᠢᠯᠲᠠᠭᠠᠨ ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯ ᠢ ᠡᠪᠳᠡᠯᠡᠭᠡ ᠳᠤ ᠤᠴᠠᠷᠠᠭᠤᠯᠤᠭᠰᠠᠨ᠂ ᠬᠦᠴᠦᠨ ᠦᠭᠡᠢ ᠪᠣᠯᠭᠠᠭᠰᠠᠨ᠂ ᠤᠰᠠᠳᠬᠠᠵᠤ ᠭᠡᠭᠡᠭᠳᠡᠭᠦᠯᠦᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠬᠡᠷᠡᠭᠲᠡᠢ᠃                                  ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                                    2024 ᠣᠨ ᠤ 3 ᠰᠠᠷ᠎ᠠ ᠶᠢᠨ 11᠎ ᠤ  ᠡᠳᠦᠷ ︵ᠲᠤᠰ ᠮᠠᠲ᠋ᠧᠷᠢᠶᠠᠯ ᠨᠢ ᠬᠡᠰᠡᠭ ᠠᠭᠤᠯᠭ᠎ᠠ ᠶᠢ ᠬᠠᠰᠤᠪᠠ︶ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ