ᠨᠢᠭᠡᠨ ᠵᠢᠵᠢᠭᠬᠡᠨ ᠨᠠᠷᠠᠨ ᠬᠤᠸᠠᠷ ᠤᠨ ᠦᠷ᠎ᠡ ᠨᠢ ᠬᠥᠮᠥᠰ ᠤᠨ ᠡᠳᠦᠷ ᠲᠤᠲᠤᠮ ᠤᠨ ᠠᠮᠢᠳᠤᠷᠠᠯ ᠤᠨ ᠠᠭᠤᠷ ᠠᠮᠢᠰᠬᠤᠯ ᠢ ᠠᠴᠢᠶᠠᠯᠠᠵᠤ ᠪᠠᠶᠢᠳᠠᠭ᠂ ᠡᠷᠲᠡᠨ ᠤ | ᠬᠥᠮᠥᠰ ᠪᠠ ᠡᠳᠦᠭᠡ ᠶᠢᠨ ᠬᠥᠮᠥᠰ ᠪᠦᠷ ᠲᠡᠭᠦᠨ ᠳᠤ ᠳᠤᠷᠠᠲᠠᠢ ᠪᠠᠶᠢᠳᠠᠭ᠃ | ᠨᠢᠭᠡ ᠮᠥᠬᠦᠯᠢᠭ ᠰᠠᠶᠢᠨ ᠨᠠᠷᠠᠨ ᠬᠤᠸᠠᠷ ᠤᠨ ᠦᠷ᠎ᠡ ᠶᠢᠨ ᠠᠷᠤ ᠳᠤ ᠨᠢᠭᠡ ᠰᠠᠶᠢᠨ ᠠᠵᠤ ᠦᠢᠯᠡᠰ ᠠᠴᠠ ᠰᠠᠯᠵᠤ ᠴᠢᠳᠠᠬᠤ ᠦᠭᠡᠢ ᠶᠤᠮ᠃ | ᠤᠯᠠᠨ ᠤ ᠮᠡᠳᠡᠭᠡᠵᠢ ᠪᠠᠷ᠂ ᠦᠷ᠎ᠡ ᠶᠢᠨ ᠲᠦᠷᠦᠯ ᠤᠨ ᠲᠠᠷᠢᠮᠠᠯ ᠤᠨ ᠦᠷ᠎ᠡ ᠪᠣᠯᠤᠭᠰᠠᠨ ᠤ ᠬᠤᠪᠢ ᠳᠤ᠂ ᠨᠡᠷᠡᠨ ᠬᠤᠸᠠᠷ ᠪᠣᠯ ︽ᠨᠠᠷᠠᠨ ᠬᠤᠸᠠᠷ ᠤᠨ ᠦᠷ᠎ᠡ ᠶᠢᠨ | ᠪᠦᠯᠦᠭ︾ ᠤᠨ ᠲᠥᠯᠥᠭᠡᠯᠡᠭᠴᠢ ᠮᠥᠨ᠃ ᠳᠡᠯᠡᠬᠡᠢ ᠶᠢᠨ ᠨᠡᠷᠡᠨ ᠬᠤᠸᠠᠷ ᠳᠤᠮᠳᠠᠳᠤ ᠤᠯᠤᠰ ᠢ ᠬᠠᠷᠠᠨ᠎ᠠ᠂ ᠳᠤᠮᠳᠠᠳᠤ ᠤᠯᠤᠰ ᠤᠨ ᠨᠡᠷᠡᠨ ᠬᠤᠸᠠᠷ ᠥᠪᠥᠷ ᠮᠣᠩᠭᠤᠯ ᠢ | ᠬᠠᠷᠠᠨ᠎ᠠ᠂ ᠥᠪᠥᠷ ᠮᠣᠩᠭᠤᠯ ᠤᠨ ᠨᠡᠷᠡᠨ ᠬᠤᠸᠠᠷ ᠪᠠᠶᠠᠨᠨᠠᠭᠤᠷ ᠢ ᠬᠠᠷᠠᠨ᠎ᠠ ᠭᠡᠳᠡᠭ ᠢ ᠠᠵᠢᠯ ᠲᠦᠷᠦᠯ ᠤᠨ ᠬᠢᠨ ᠰᠠᠶᠢᠨ ᠮᠡᠳᠡᠨ᠎ᠠ᠃ | ᠨᠡᠷᠡᠨ ᠬᠤᠸᠠᠷ ᠤᠤᠯ ᠨᠢ ᠤᠮᠠᠷᠠᠲᠤ ᠠᠮᠧᠷᠢᠺᠠ ᠲᠢᠪ ᠤᠨ ᠪᠠᠷᠠᠭᠤᠨ ᠡᠮᠦᠨᠡᠲᠦ ᠬᠡᠰᠡᠭ ᠠᠴᠠ ᠭᠠᠷᠤᠯᠲᠠ ᠲᠠᠢ᠂ ᠮᠢᠩ ᠤᠯᠤᠰ ᠤᠨ ᠦᠶ᠎ᠡ ᠳᠤ ︽ᠳᠠᠯᠠᠶ ᠳᠡᠭᠡᠷᠡᠬᠢ | ᠲᠣᠷᠭᠠᠨ ᠵᠠᠮ︾ ᠢᠶᠠᠷ ᠳᠡᠮᠵᠢᠨ ᠮᠠᠨ ᠤ ᠤᠯᠤᠰ ᠲᠤ ᠤᠯᠠᠮᠵᠢᠯᠠᠭᠳᠠᠨ ᠣᠷᠣᠵᠤ ᠢᠷᠡᠭᠡᠳ ᠮᠠᠰᠢ ᠲᠦᠷᠭᠡᠨ ᠳᠡᠯᠭᠡᠷᠡᠵᠡᠢ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠳᠠᠷᠠᠭ᠎ᠠ᠂ ᠨᠡᠷᠡᠨ ᠬᠤᠸᠠᠷ ᠳᠠᠷᠢᠬᠤ ᠲᠠᠯᠠᠪᠠᠶ ᠲᠠᠰᠤᠷᠠᠯᠲᠠ ᠦᠭᠡᠢ ᠥᠷᠭᠡᠳᠴᠦ᠂ ᠥᠪᠥᠷ ᠮᠣᠩᠭᠤᠯ ᠨᠢ ᠳᠤᠮᠳᠠᠳᠤ ᠤᠯᠤᠰ ᠤᠨ ᠬᠠᠮᠤᠭ ᠤᠨ ᠲᠣᠮᠣ | ᠨᠡᠷᠡᠨ ᠬᠤᠸᠠᠷ ᠳᠠᠷᠢᠬᠤ ᠣᠷᠣᠨ ᠪᠣᠯᠤᠭᠰᠠᠨ ᠪᠠᠶᠠᠨᠨᠠᠭᠤᠷ ᠬᠤᠲᠠ ᠶᠢᠨ ᠪᠥᠬᠦ ᠵᠢᠯ ᠳᠤ ᠳᠠᠷᠢᠵᠤ ᠪᠠᠶᠢᠭ᠎ᠠ ᠨᠡᠷᠡᠨ ᠬᠤᠸᠠᠷ ᠵᠡᠷᠭᠡ ᠡᠯ᠎ᠡ ᠲᠥᠷᠥᠯ ᠤᠨ ᠦᠷ᠎ᠡ ᠶᠢᠨ | ᠲᠠᠷᠢᠮᠠᠯ ᠤᠨ ᠲᠠᠯᠠᠪᠠᠶ ᠨᠢ 400 ᠭᠠᠷᠤᠢ ᠲᠦᠮᠡᠨ ᠮᠦ ᠳᠤ ᠬᠦᠷᠴᠡᠢ᠃ ᠪᠦᠬᠦ ᠤᠯᠤᠰ ᠤᠨ ᠲᠦᠷᠪᠡᠨ ᠤ ᠨᠢᠭᠡ ᠬᠤᠪᠢ ᠶᠢ ᠡᠵᠡᠯᠡᠵᠦ᠂ ᠭᠠᠷᠤᠯᠲᠠ ᠶᠢᠨ ᠬᠡᠮᠵᠢᠶ᠎ᠡ ᠨᠢ ᠪᠦᠬᠦ | ᠤᠯᠤᠰ ᠤᠨ ᠭᠤᠷᠪᠠᠨ ᠤ ᠨᠢᠭᠡ ᠬᠤᠪᠢ ᠶᠢ ᠡᠵᠡᠯᠡᠵᠦ᠂ ᠳᠤᠮᠳᠠᠳᠤ ᠤᠯᠤᠰ ᠤᠨ ᠪᠠᠷᠠᠭᠤᠨ ᠣᠷᠣᠨ ᠤ ᠬᠠᠮᠤᠭ ᠤᠨ ᠶᠡᠭᠡ ᠢᠳᠡᠰᠢᠨ ᠤ ᠨᠡᠷᠡᠨ ᠬᠤᠸᠠᠷ ᠲᠠᠷᠢᠬᠤ ᠰᠠᠭᠤᠷᠢᠨ | ᠪᠠ ᠲᠥᠪᠯᠡᠷᠡᠭᠦᠯᠵᠦ ᠲᠠᠷᠬᠠᠭᠠᠬᠤ ᠭᠠᠵᠠᠷ ᠪᠣᠯᠣᠨ᠎ᠠ᠂ ᠦᠷ᠎ᠡ ᠶᠢᠨ ᠲᠦᠷᠦᠯ ᠤᠨ ᠪᠦᠲᠦᠭᠡᠭᠳᠡᠬᠦᠨ ᠢ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠪᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠣᠭ᠎ᠠ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ 40 ᠤᠯᠤᠰ ᠪᠠ ᠭᠠᠵᠠᠷ | ᠣᠷᠣᠨ ᠳᠤ ᠭᠠᠷᠭᠠᠨ᠎ᠠ᠃ | ᠥᠪᠥᠷ ᠮᠣᠩᠭᠤᠯ ᠤᠨ ᠺᠦᠢ ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠳᠤ᠂ ᠦᠢᠯᠡᠳᠪᠦᠷᠢ ᠶᠢᠨ ᠲᠠᠰᠤᠭ ᠤᠨ ᠠᠵᠢᠯᠴᠢᠳ ᠨᠠᠷᠠᠨ ᠬᠤᠸᠠᠷ ᠤᠨ ᠦᠷ᠎ᠡ ᠶᠢ | ᠤᠭᠤᠲᠠᠯᠠᠵᠤ᠂ ᠠᠮᠠᠰᠠᠷ ᠢ ᠨᠢ ᠪᠢᠲᠡᠭᠦᠮᠵᠢᠯᠡᠵᠦ᠂ ᠣᠪᠣᠭᠠᠯᠠᠵᠤ᠂ ᠮᠥᠷ ᠮᠥᠷ ᠰᠠᠶᠢᠨ ᠨᠠᠷᠠᠨ ᠬᠤᠸᠠᠷ ᠤᠨ ᠦᠷ᠎ᠡ ᠶᠢ ᠪᠦᠬᠦ ᠳᠡᠯᠡᠬᠡᠢ ᠶᠢᠨ ᠡᠯ᠎ᠡ ᠭᠠᠵᠠᠷ ᠲᠤ ᠬᠦᠷᠭᠡᠬᠦ ᠪᠠᠷ | ᠬᠦᠯᠢᠶᠡᠵᠦ ᠪᠠᠶᠢᠯ᠎ᠠ᠃ ᠪᠦᠲᠦᠭᠡᠭᠳᠡᠬᠦᠨ ᠤ ᠰᠣᠩᠭᠤᠭᠤᠯᠢ ᠶᠢᠨ ᠲᠣᠭᠤᠷᠢᠭ ᠲᠤ᠂ ᠨᠠᠷᠠᠨ ᠬᠤᠸᠠᠷ ᠤᠨ ᠦᠷ᠎ᠡ ᠶᠢ ᠠᠳᠠᠯᠢ ᠨᠢᠭᠡᠨ ᠳᠡᠰ ᠲᠤ ᠬᠦᠷᠭᠡᠬᠦ ᠶᠢᠨ ᠲᠥᠯᠥᠭᠡ᠂ | ᠡᠮᠡᠭᠲᠡᠢ ᠠᠵᠢᠯᠴᠢᠳ ᠳᠠᠮᠵᠢᠭᠤᠯᠬᠤ ᠪᠦᠰᠡ ᠶᠢᠨ ᠡᠮᠦᠨ᠎ᠡ ᠰᠠᠭᠤᠵᠤ᠂ ᠨᠠᠷᠠᠨ ᠬᠤᠸᠠᠷ ᠤᠨ ᠦᠷ᠎ᠡ ᠶᠢ ᠨᠠᠷᠢᠨ ᠨᠢᠮᠪᠠᠢ ᠰᠢᠯᠢᠵᠦ ᠰᠣᠩᠭᠤᠭᠠᠳ᠂ ᠥᠩᠭᠡ ᠨᠢ ᠭᠦᠨ᠂ ᠶᠡᠭᠡ | ᠪᠠᠭ᠎ᠠ ᠨᠢ ᠠᠳᠠᠯᠢ ᠦᠭᠡᠢ᠂ ᠬᠡᠯᠪᠡᠷᠢ ᠳᠦᠷᠰᠦ ᠨᠢ ᠰᠠᠶᠢᠬᠠᠨ ᠦᠭᠡᠢ ᠶᠢ ᠨᠢ ᠪᠦᠷ ᠰᠢᠯᠢᠵᠦ ᠭᠠᠷᠭᠠᠳᠠᠭ᠃ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠲᠤ᠂ | ᠪᠣᠭᠤᠳᠠᠯ ᠪᠠᠭᠯᠠᠭ᠎ᠠ ᠲᠠᠢ ︽ᠺᠦᠢ ᠰᠢᠶᠠᠨ ᠱᠧᠩ︾ ᠲᠡᠮᠳᠡᠭᠲᠦ ᠭᠤᠸ᠎ᠠ ᠶᠢᠨ ᠦᠷ᠎ᠡ ᠶᠢ ᠲᠡᠷᠢ ᠲᠡᠭᠰᠢ ᠦᠷᠦᠵᠦ ᠲᠠᠯᠪᠢᠨ᠎ᠠ᠃ | ︽ᠮᠠᠨ ᠤ ᠺᠣᠮᠫᠠᠨᠢ ᠨᠢᠭᠡᠨᠲᠡ 7 ᠶᠡᠭᠡ ᠰᠢᠷᠢᠰ 20 ᠭᠠᠷᠤᠢ ᠲᠦᠷᠦᠯ ᠤᠨ ᠨᠡᠷᠡᠨ ᠬᠤᠸᠠᠷ ᠤᠨ ᠦᠷ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ᠂ ᠤᠤᠯ ᠠᠮᠲᠠ᠂ | ᠵᠥᠭᠡᠬᠡᠢ ᠶᠢᠨ ᠠᠮᠲᠠ᠂ ᠲᠠᠪᠤᠨ ᠠᠩᠬᠢᠯᠤᠮ᠎ᠠ ᠦᠨᠦᠷ ᠵᠡᠷᠭᠡ ᠤᠯᠠᠨ ᠵᠦᠢᠯ ᠤᠨ ᠠᠮᠲᠠ ᠪᠠᠷ ᠠᠳᠠᠯᠢ ᠪᠤᠰᠤ ᠬᠡᠷᠡᠭᠴᠡᠭᠡ ᠶᠢ ᠬᠠᠩᠭᠠᠵᠤ ᠪᠠᠶᠢᠭ᠎ᠠ ᠵᠣᠴᠢᠨ ᠡᠷᠦᠬᠡ ᠶᠢ | ᠦᠢᠯᠡᠳᠪᠦᠷᠢᠯᠡᠵᠦ᠂ ᠪᠦᠲᠦᠭᠡᠭᠳᠡᠬᠦᠨ ᠢᠶᠠᠨ ᠨᠢᠭᠡᠨᠲᠡ ᠺᠠᠨᠠᠳᠠ᠂ ᠲᠦᠷᠺ᠂ ᠢᠷᠡᠨ ᠵᠡᠷᠭᠡ 20 ᠭᠠᠷᠤᠢ ᠤᠯᠤᠰ ᠪᠠ ᠭᠠᠵᠠᠷ ᠣᠷᠣᠨ ᠳᠤ ᠭᠠᠷᠭᠠᠵᠤ ᠪᠠᠶᠢᠨ᠎ᠠ︾ ᠥᠪᠥᠷ | ᠮᠣᠩᠭᠤᠯ ᠤᠨ ᠺᠦᠢ ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠨᠢᠦ ᠴᠠᠩ ᠮᠢᠩ᠄ ︽ᠮᠠᠨ ᠤ ᠺᠣᠮᠫᠠᠨᠢ ᠶᠢᠨ ᠦᠢᠯᠡᠳᠬᠦᠨ ᠭᠠᠭᠴᠠᠮᠣᠳᠤ | ᠪᠣᠭᠤᠮᠲᠠ ᠳᠤ ᠤᠷᠠᠳ ᠨᠡᠷᠡᠮᠵᠢᠲᠦ ᠵᠢᠰᠢᠶᠠᠨ ᠤ ᠭᠠᠯᠲᠤ ᠲᠡᠷᠭᠡᠨ ᠳᠤ ︿ᠰᠠᠭᠤᠭᠰᠠᠨ ﹀ ᠤ ᠳᠠᠷᠠᠭ᠎ᠠ ᠬᠤᠶᠠᠷ ᠱᠤᠭᠤᠮ ᠢᠶᠠᠷ ᠪᠦᠬᠦ ᠪᠥᠮᠪᠥᠷᠴᠡᠭ ᠤᠨ ᠡᠯ᠎ᠡ ᠭᠠᠵᠠᠷ ᠲᠤ | ᠬᠦᠷᠦᠨ᠎ᠡ︾ ᠭᠡᠵᠦ ᠣᠮᠤᠭ ᠪᠠᠭ᠋ᠠᠳᠤᠯ ᠲᠠᠢ ᠪᠠᠷ ᠬᠡᠯᠡᠪᠡ᠃ | ᠥᠪᠥᠷ ᠮᠣᠩᠭᠤᠯ ᠤᠨ ᠺᠦᠢ ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠪᠣᠯ ᠥᠪᠥᠷ ᠮᠣᠩᠭᠤᠯ ᠤᠨ ᠳ᠋ᠢᠩ ᠶᠧ ᠢᠳᠡᠭᠡᠨ ᠤ ᠬᠢᠵᠠᠭᠠᠷᠲᠤ ᠺᠣᠮᠫᠠᠨᠢ ᠶᠢᠨ | ᠬᠤᠪᠢᠶᠠᠷᠢ ᠺᠣᠮᠫᠠᠨᠢ ᠮᠥᠨ᠂ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠺᠦᠢ ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠲᠦᠷᠺ᠂ ᠠᠷᠠᠪ ᠤᠨ ᠬᠤᠯᠪᠣᠭᠠᠲᠤ | ᠠᠬᠠᠮᠠᠳᠲᠤ ᠤᠯᠤᠰ ︵ᠳ᠋ᠦᠪᠠᠢ︶ ᠲᠤ ᠭᠠᠳᠠᠭᠠᠳᠤ ᠬᠥᠮᠥᠷᠭᠡ ᠪᠠᠶᠢᠭᠤᠯᠤᠭᠰᠠᠨ ᠪᠥᠭᠡᠳ ᠲᠦᠷᠺ ᠤᠨ MRK ᠢᠳᠡᠭᠡᠨ ᠤ ᠠᠵᠤ ᠦᠢᠯᠡᠳᠪᠦᠷᠢ ᠶᠢᠨ ᠠᠷᠠᠯᠵᠢᠶᠠᠨ ᠤ | ᠬᠢᠵᠠᠭᠠᠷᠲᠤ ᠺᠣᠮᠫᠠᠨᠢ ᠪᠠᠶᠢᠭᠤᠯᠤᠭᠰᠠᠨ ᠪᠠᠶᠢᠨ᠎ᠠ᠃ ᠥᠪᠥᠷ ᠮᠣᠩᠭᠤᠯ ᠤᠨ ᠺᠦᠢ ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ︽ᠭᠠᠳᠠᠭᠰᠢ ᠭᠠᠷᠬᠤ︾ ᠶᠢ | ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾ ᠤᠨ ᠤᠯᠤᠰ ᠤᠨ ᠡᠯ᠎ᠡ ᠲᠦᠷᠦᠯ ᠤᠨ ᠦᠵᠡᠰᠬᠦᠯᠡᠩ ᠳᠤ ᠢᠳᠡᠪᠬᠢᠲᠡᠢ ᠣᠷᠣᠯᠴᠠᠬᠤ ᠶᠢᠨ ᠬᠠᠮᠲᠤ ᠤᠷᠤᠰ᠂ ᠫᠠᠺᠢᠰᠲ᠋ᠠᠨ᠂ | ᠢᠰᠫᠠᠨᠢ᠂ ᠢᠷᠡᠨ ᠵᠡᠷᠭᠡ ᠤᠯᠤᠰ ᠤᠨ 10 ᠭᠠᠷᠤᠢ ᠠᠵᠤ ᠠᠬᠤᠶᠢᠯᠠᠯ ᠤᠨ ᠲᠥᠯᠥᠭᠡᠯᠡᠭᠴᠢ ᠶᠢᠨ ᠪᠠᠶᠠᠨᠨᠠᠭᠤᠷ ᠬᠤᠳᠠ ᠳᠤ ᠢᠷᠡᠵᠤ ᠰᠢᠨᠵᠢᠯᠡᠨ ᠪᠠᠶᠢᠴᠠᠭᠠᠵᠤ ᠰᠣᠯᠢᠯᠴᠠᠬᠤ ᠶᠢ | ᠬᠦᠯᠢᠶᠡᠨ ᠠᠪᠤᠪᠠ᠃ | 2023 ᠣᠨ ᠳᠤ ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠱᠠᠩᠬᠠᠢ ᠳᠤ ᠭᠤᠣᠯᠯᠠᠨ ᠡᠷᠬᠢᠯᠡᠭᠰᠡᠨ ︽ᠪᠣᠭᠤᠮᠲᠠ ᠶᠢᠨ ᠭᠠᠶᠢᠯᠢ ᠶᠢᠨ ᠪᠤᠰᠤ ᠠᠷᠠᠯᠵᠢᠶᠠᠨ ᠤ | ᠠᠷᠭ᠎ᠠ ᠬᠡᠮᠵᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠶᠠᠨ ᠤ ᠲᠠᠪᠴᠠᠩ︾ ᠳᠡᠭᠡᠷ᠎ᠡ᠂ 2023 ᠣᠨ ᠤ ᠪᠦᠬᠦ ᠤᠯᠤᠰ ᠤᠨ 6 ᠰᠢᠨ᠎ᠡ ᠪᠠᠷ ᠪᠠᠶᠢᠭᠤᠯᠤᠭᠰᠠᠨ | ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠤᠨ ᠦᠨᠡᠯᠡᠬᠦ ᠰᠠᠭᠤᠷᠢᠨ ᠭᠠᠵᠠᠷ ᠤᠨ ᠨᠢᠭᠡ ᠪᠣᠯᠬᠤ ᠪᠠᠶᠠᠨᠨᠠᠭᠤᠷ ᠤᠨ ᠦᠷ᠎ᠡ ᠶᠢᠨ ᠲᠦᠷᠦᠯ ᠤᠨ | ᠪᠦᠲᠦᠭᠡᠭᠳᠡᠬᠦᠨ ᠢ ᠦᠨᠡᠯᠡᠨ ᠶᠠᠷᠢᠯᠴᠠᠬᠤ ᠰᠠᠭᠤᠷᠢᠨ ᠭᠠᠵᠠᠷ ᠨᠢ ᠪᠦᠬᠦ ᠤᠯᠤᠰ ᠤᠨ ᠴᠤᠷ ᠤᠨ ᠭᠠᠭᠴᠠ ᠦᠷ᠎ᠡ ᠶᠢᠨ ᠲᠦᠷᠦᠯ ᠤᠨ ᠪᠦᠲᠦᠭᠡᠭᠳᠡᠬᠦᠨ ᠤ ᠬᠦᠷᠢᠶᠡᠨ ᠳᠤ | ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠬᠤ ᠰᠠᠭᠤᠷᠢᠨ ᠭᠠᠵᠠᠷ ᠪᠣᠯᠵᠠᠢ᠃ | ︽︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠠᠴᠠ ᠨᠠᠰᠢ᠂ ᠵᠠᠰᠠᠭ ᠤᠨ ᠣᠷᠳᠣᠨ ᠪᠣᠯᠣᠨ ᠬᠤᠳᠠᠯᠳᠤᠭᠠᠨ ᠤ | ᠶᠠᠪᠤᠳᠠᠯ ᠤᠨ ᠰᠠᠯᠠᠭ᠎ᠠ ᠮᠥᠴᠢᠷ ᠪᠢᠳᠡᠨ ᠢ ᠳᠠᠭᠠᠭᠤᠯᠤᠨ ᠭᠠᠳᠠᠭᠰᠢ ᠭᠠᠷᠴᠤ᠂ ᠪᠢᠳᠡ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢᠶᠠᠨ ᠵᠢᠯ ᠳᠠᠷᠠᠭᠠᠯᠠᠨ | ᠥᠷᠭᠡᠳᠬᠡᠵᠦ᠂ ︿ᠨᠢᠭᠡ ᠪᠦᠰᠡ ᠨᠢᠭᠡ ᠵᠠᠮ﹀ ᠤᠨ ᠬᠠᠮᠲᠤᠷᠠᠯᠴᠠᠭᠠᠨ ᠤ ᠬᠡᠪᠴᠢᠶᠡᠨ ᠳᠤ᠂ ᠪᠢᠳᠡ 36 ᠤᠯᠤᠰ ᠲᠠᠢ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠪᠠ︾ | ᠥᠪᠥᠷ ᠮᠣᠩᠭᠤᠯ ᠤᠨ ᠯᠢ ᠨᠢᠦ ᠨᠢᠦ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠯᠢ ᠸᠧᠨ ︽ᠪᠠᠶᠠᠨᠨᠠᠭᠤᠷ ᠬᠤᠳᠠ ᠶᠢᠨ ᠬᠢᠯᠢ ᠶᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠲᠠᠢ ᠬᠠᠮᠲᠤᠷᠠᠯᠴᠠᠭᠰᠠᠨ ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ | ᠬᠡᠮᠵᠢᠶ᠎ᠡ ᠶᠢ ᠰᠤᠳᠤᠯᠤᠨ ᠦᠨᠡᠯᠡᠬᠦ ᠰᠠᠭᠤᠷᠢᠨ ᠭᠠᠵᠠᠷ ᠤᠨ ᠬᠢᠨ ᠮᠠᠨ ᠤ ᠺᠣᠮᠫᠠᠨᠢ ᠳᠤ ᠨᠤᠲᠤᠭᠰᠢᠭᠰᠠᠨ ᠨᠢ ᠨᠡᠷᠡᠨ ᠬᠤᠸᠠᠷ ᠤᠨ ᠠᠵᠢᠯ ᠲᠦᠷᠦᠯ ᠤᠨ ᠬᠥᠰᠢᠶ᠎ᠡ ᠳᠤᠷᠠᠰᠬᠠᠯ | ᠪᠣᠯᠣᠨ᠎ᠠ᠃ ᠲᠡᠷᠡ ᠨᠢ ᠪᠠᠶᠠᠨᠨᠠᠭᠤᠷ ᠤᠨ ᠨᠡᠷᠡᠨ ᠬᠤᠸᠠᠷ ᠤᠨ ᠳᠡᠯᠡᠬᠡᠢ ᠶᠢᠨ ᠪᠠ ᠪᠥᠬᠦ ᠤᠯᠤᠰ ᠲᠠᠬᠢ ᠪᠠᠶᠢᠷᠢ ᠰᠠᠭᠤᠷᠢ ᠶᠢ ᠲᠥᠯᠥᠭᠡᠯᠡᠵᠦ᠂ ᠲᠠᠷᠠᠭᠠᠴᠢ ᠶᠢᠨ ᠠᠯᠬᠤᠮ ᠳᠤ | ᠨᠡᠷᠡᠨ ᠬᠤᠸᠠᠷ ᠢ ᠪᠠᠷᠢᠮᠵᠢᠶᠠᠵᠢᠭᠤᠯᠤᠨ ᠬᠡᠷᠡᠭᠯᠡᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠪᠠᠷᠢᠮᠵᠢᠶᠠᠵᠢᠭᠤᠯᠤᠨ ᠪᠣᠯᠪᠠᠰᠤᠷᠠᠭᠤᠯᠬᠤ ᠪᠠ ᠪᠠᠷᠢᠮᠵᠢᠶᠠᠵᠢᠭᠤᠯᠤᠨ ᠳᠠᠷᠢᠬᠤ ᠶᠢ | ᠳᠡᠯᠭᠡᠷᠡᠭᠦᠯᠬᠦ ᠳᠤ ᠴᠥᠮ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ︾ ᠭᠡᠵᠡᠢ᠃ | ᠥᠪᠥᠷ ᠮᠣᠩᠭᠤᠯ ᠤᠨ ᠮᠧᠩ ᠰᠢᠨ ᠴᠧᠨ ᠲᠠᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠨᠡᠷᠡᠨ | ᠬᠤᠸᠠᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠪᠠ᠃ ︽ᠪᠢᠳᠡ ᠨᠢᠭᠡ ᠲᠠᠯ᠎ᠠ ᠪᠠᠷ ᠳᠤᠮᠳᠠᠳᠤ ᠤᠯᠤᠰ ᠤᠨ ᠨᠡᠷᠡᠨ ᠬᠤᠸᠠᠷ ᠤᠨ ᠦᠷ᠎ᠡ ᠶᠢ ᠭᠠᠳᠠᠭᠠᠳᠤ ᠳᠤ | ᠭᠠᠷᠭᠠᠵᠤ᠂ ᠨᠥᠭᠦᠭᠡ ᠲᠠᠯ᠎ᠠ ᠪᠠᠷ ᠪᠤᠰᠤᠳ ᠤᠯᠤᠰ ᠤᠨ ᠨᠡᠷᠡᠨ ᠬᠤᠸᠠᠷ ᠤᠨ ᠴᠥᠮ᠎ᠡ ᠶᠢ ᠭᠠᠳᠠᠭᠠᠳᠤ ᠠᠴᠠ ᠣᠷᠣᠭᠤᠯᠵᠤ ᠨᠡᠷᠡᠨ ᠬᠤᠸᠠᠷ ᠤᠨ ᠴᠥᠮ᠎ᠡ ᠶᠢᠨ ᠲᠣᠰᠣ | ᠦᠢᠯᠡᠳᠪᠦᠷᠢᠯᠡᠨ᠎ᠡ︾ ᠲᠣᠰ ᠺᠣᠮᠫᠠᠨᠢ ᠶᠢᠨ ᠶᠡᠷᠦᠩᠬᠡᠢ ᠳᠠᠭᠠᠭᠠᠮᠠᠯ ᠶᠠᠩ ᠪᠢᠨ ᠬᠡᠯᠡᠬᠦ ᠳᠡᠭᠡᠨ᠂ ︽︿ᠨᠢᠭᠡ ᠪᠦᠰᠡ ᠨᠢᠭᠡ ᠵᠠᠮ﹀ ᠤᠨ ᠰᠠᠨᠠᠭᠠᠴᠢᠯᠠᠭ᠎ᠠ ᠶᠢ ᠳᠤᠷᠠᠳᠤᠭᠰᠠᠨ ᠤ | ᠳᠠᠷᠠᠭ᠎ᠠ᠂ ᠪᠢᠳᠡ ᠪᠠᠶᠠᠨᠨᠠᠭᠤᠷ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ︿ᠨᠢᠭᠡ ᠪᠦᠰᠡ ᠨᠢᠭᠡ ᠵᠠᠮ﹀ ᠤᠨ ᠱᠤᠭᠤᠮ ᠳᠠᠭᠠᠤ ᠶᠢᠨ ᠤᠯᠤᠰ ᠤᠳ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠬᠠᠶᠢᠯᠠᠭᠰᠠᠨ ᠠᠵᠢᠯ ᠢ ᠴᠢᠷᠮᠠᠶᠢᠨ ᠰᠦᠪᠡᠭᠴᠢᠯᠡᠨ ᠥᠷᠭᠡᠳᠬᠡᠨ᠎ᠡ᠃ ᠣᠳᠣᠬᠠᠨ ᠳᠤ᠂ ᠣᠷᠣᠰ | ᠂ ᠲᠦᠷᠺ᠂ ᠺᠠᠲ᠋ᠠᠷ ᠵᠡᠷᠭᠡ ᠤᠯᠤᠰ ᠪᠠ ᠭᠠᠵᠠᠷ ᠣᠷᠣᠨ ᠲᠠᠢ ᠨᠢᠭᠡᠨᠲᠡ ᠠᠷᠠᠯᠵᠢᠶᠠᠨ ᠤ ᠬᠠᠷᠢᠴᠠᠭ᠎ᠠ ᠪᠠᠶᠢᠭᠤᠯᠵᠤ᠂ 2022 ᠣᠨ ᠳᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ 1.41 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2023 ᠣᠨ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠠᠷᠠᠯᠵᠢᠶᠠᠨ ᠤ ᠲᠤᠭ᠎ᠠ 1.44 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠵᠢᠱᠢᠵᠦ ᠪᠠᠶᠢᠨ᠎ᠠ︾ ᠭᠡᠵᠡᠢ᠃ | ᠡᠳᠦᠭᠡ᠂ ᠵᠡᠭᠦᠨ ᠡᠮᠦᠨᠡᠲᠦ ᠠᠽᠢᠶ᠎ᠠ ᠠᠴᠠ ᠳᠤᠮᠳᠠᠳᠤ ᠤᠯᠤᠰ ᠠᠴᠠ ᠮᠣᠩᠭᠤᠯ ᠤᠯᠤᠰ ᠠᠴᠠ ᠣᠷᠣᠰ ᠤᠨ ᠬᠢᠯᠢ ᠠᠯᠤᠰᠯᠠᠭᠰᠠᠨ ᠶᠡᠷᠦᠩᠬᠡᠶᠢᠯᠡᠭᠰᠡᠨ | ᠲᠡᠭᠡᠭᠡᠪᠦᠷᠢ ᠶᠢᠨ ᠶᠡᠭᠡ ᠵᠠᠮ ᠪᠠ ᠲᠢᠶᠠᠨᠵᠢᠨ ᠠᠴᠠ ᠪᠠᠶᠠᠨᠨᠠᠭᠤᠷ ᠠᠴᠠ ᠰᠢᠨᠵᠢᠶᠠᠩ ᠤᠨ ᠠᠯᠠᠱᠠᠨ ᠠᠳᠠᠭ ᠤᠨ ᠰᠢᠨ᠎ᠡ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ ᠶᠢᠨ | ᠬᠥᠭᠦᠷᠭᠡ ᠶᠢᠨ ᠠᠭᠤᠯᠵᠠᠷ ᠲᠤ ᠪᠠᠶᠢᠷᠢᠯᠠᠵᠤ ᠪᠠᠶᠢᠭ᠎ᠠ ᠪᠠᠶᠠᠨᠨᠠᠭᠤᠷ ᠬᠤᠲᠠ ᠨᠢ ᠪᠥᠬᠦ ᠪᠥᠮᠪᠥᠷᠴᠡᠭ ᠤᠨ 102 ᠤᠯᠤᠰ ᠪᠠ ᠭᠠᠵᠠᠷ ᠣᠷᠣᠨ ᠯᠤᠭ᠎ᠠ ᠠᠵᠤ ᠠᠬᠤᠢ | ᠠᠷᠠᠯᠵᠢᠶᠠᠨ ᠤ ᠶᠠᠪᠤᠯᠴᠠᠭ᠎ᠠ ᠥᠷᠨᠢᠭᠦᠯᠵᠦ᠂ ᠡᠭᠦᠨ ᠳᠤ ︽ᠨᠢᠭᠡ ᠪᠦᠰᠡ ᠨᠢᠭᠡ ᠵᠠᠮ︾ ᠤᠨ ᠱᠤᠭᠤᠮ ᠳᠠᠭᠠᠤ ᠶᠢᠨ 65 ᠤᠯᠤᠰ ᠪᠠ ᠭᠠᠵᠠᠷ ᠣᠷᠣᠨ ᠤ ᠳᠣᠲᠣᠷᠠᠬᠢ 40 | ᠨᠢ ᠬᠤᠯᠪᠣᠭᠳᠠᠵᠤ᠂ ᠣᠷᠣᠨ ᠪᠦᠰᠡ ᠶᠢᠨ ᠪᠦᠷᠬᠦᠴᠡ ᠶᠢᠨ ᠨᠣᠷᠮ᠎ᠠ ᠨᠢ 60% ᠠᠴᠠ ᠳᠡᠭᠡᠭᠰᠢ ᠳᠤ ᠭᠦᠷᠦᠭᠰᠡᠨ ᠪᠠᠶᠢᠨ᠎ᠠ᠃ | ᠵᠢᠵᠢᠭᠬᠡᠨ ᠨᠡᠷᠡᠨ ᠬᠤᠸᠠᠷ ᠤᠨ ᠦᠷ᠎ᠡ ᠨᠢ ᠡᠨᠡᠬᠦ 60% ᠠᠴᠠ ᠳᠡᠭᠡᠭᠰᠢᠬᠢ ᠣᠷᠣᠨ ᠪᠦᠰᠡ ᠶᠢᠨ ᠪᠦᠷᠬᠦᠴᠡ ᠶᠢᠨ ᠨᠤᠷᠮ᠎ᠠ ᠳᠤ ᠲᠡᠭᠦᠨ ᠤ ᠲᠡᠦᠬᠡ ᠠᠴᠠ ᠳᠠᠪᠠᠵᠤ | ᠢᠷᠡᠭᠰᠡᠨ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ | ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠠᠴᠠ ᠬᠡᠷᠡᠭᠯᠡᠭᠡᠨ ᠤ ᠵᠦᠢᠯ ᠬᠦᠷᠲᠡᠯ᠎ᠡ᠂ ᠨᠡᠷᠡᠨ ᠬᠤᠸᠠᠷ ᠤᠨ ᠦᠷ᠎ᠡ ᠬᠡᠳᠦᠨ ᠵᠠᠭᠤᠨ ᠵᠢᠯ ᠤᠨ ᠴᠠᠭ ᠬᠤᠭᠤᠴᠠᠭ᠎ᠠ ᠪᠠ | ᠣᠷᠣᠨ ᠵᠠᠢ ᠶᠢ ︽ᠲᠤᠭᠤᠯᠤᠭᠰᠠᠨ︾ ᠪᠠᠶᠢᠨ᠎ᠠ᠃ ᠪᠠᠶᠠᠨᠨᠠᠭᠤᠷ ᠤᠨ ᠨᠡᠷᠡᠨ ᠬᠤᠸᠠᠷ ᠤᠨ ᠦᠷ᠎ᠡ ᠶᠢᠨ ᠠᠵᠤ ᠦᠢᠯᠡᠰ ᠨᠢ ᠥᠪᠡᠷ ᠤᠨ ᠪᠡᠶ᠎ᠡ ᠳᠡᠭᠡᠨ ᠲᠣᠬᠢᠷᠠᠬᠤ ᠰᠣᠳᠣᠨ | ᠪᠦᠲᠦᠭᠡᠯ ᠤᠨ ᠵᠠᠮ ᠢᠶᠠᠷ ᠵᠠᠮᠨᠠᠵᠤ᠂ ᠪᠠᠶᠠᠨᠨᠠᠭᠤᠷ ᠤᠨ ᠨᠡᠷᠡᠨ ᠬᠤᠸᠠᠷ ᠤᠨ ᠦᠷ᠎ᠡ ᠨᠢ ᠴᠦ ᠪᠦᠬᠦ ᠪᠥᠮᠪᠥᠷᠴᠡᠭ ᠤᠨ ︽ᠬᠡᠯᠡᠨ ᠤ ᠦᠵᠦᠭᠦᠷ︾ ᠤᠨ ᠠᠮᠲᠠᠲᠤ ᠢᠳᠡᠭᠡᠨ | ᠪᠣᠯᠤᠭᠰᠠᠨ ᠪᠠᠶᠢᠨ᠎ᠠ᠃ | | | |