ᠨᠢᠦ ᠶᠦᠩ ᡁᠢ
ᠨᠡᠶᠢᠲᠡᠯᠡᠭᠰᠡᠨ ᠴᠠᠭ᠄
2024/3/29
     ᠬᠤᠪᠢᠳᠠᠨ ᠬᠠᠮᠢᠶᠠᠷᠴᠤ ᠪᠠᠶᠢᠭ᠎ᠠ ᠠᠵᠢᠯ      ᠬᠤᠳᠠ ᠶᠢᠨ ᠳᠠᠷᠤᠭ᠎ᠠ ᠶᠢ ᠬᠠᠪᠰᠤᠷᠤᠨ ᠬᠤᠳᠠᠯᠳᠤᠭᠠᠨ ᠤ ᠶᠠᠪᠤᠳᠠᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ᠂ ᠷᠠᠳᠢᠣ᠋ ᠨᠡᠪᠲᠡᠷᠡᠭᠦᠯᠭᠡ ᠲᠧᠯᠸᠢᠰ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠶᠠᠨᠨᠠᠭᠤᠷ ᠤᠨ ᠷᠠᠳᠢᠣ᠋ ᠲᠧᠯᠸᠢᠰ ᠬᠤᠷᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃      ᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ ︵ᠪᠠᠶᠠᠨᠨᠠᠭᠤᠷ ᠤᠨ ᠡᠳᠦᠷ ᠤᠨ ᠰᠣᠨᠢᠨ ᠤ ᠬᠡᠪᠯᠡᠯ ᠤᠨ ᠶᠠᠪᠤᠳᠠᠯ ᠤᠨ ᠬᠢᠵᠠᠭᠠᠷᠲᠤ ᠺᠣᠮᠫᠠᠨᠢ︶᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠪᠠᠶᠠᠨᠨᠠᠭᠤᠷ ᠬᠤᠲᠠ ᠶᠢᠨ ᠵᠥᠪᠯᠡᠯ᠂ ᠡᠯ᠎ᠡ ᠰᠣᠨᠢᠨ ᠮᠡᠳᠡᠭᠡᠨ ᠤ ᠨᠢᠭᠡᠴᠡ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠲᠣᠣᠷ ᠰᠦᠯᠵᠢᠶ᠎ᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠠᠶᠠᠨᠨᠠᠭᠤᠷ ᠤᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠲᠣᠪᠴᠢ ᠨᠠᠮᠲᠠᠷ      ᠨᠢᠦ ᠶᠦᠩ ᡁᠢ᠂ ᠡᠷᠡᠭᠲᠡᠢ᠂ ᠬᠢᠲᠠᠳ ᠦᠨᠳᠦᠰᠦᠲᠡᠨ᠂ 1973 ᠣᠨ ᠤ 11 ᠰᠠᠷ᠎ᠠ ᠳᠤ ᠲᠦᠷᠦᠵᠠᠢ᠂ ᠠᠰᠫᠢᠷᠠᠨᠲ᠂ ᠠᠷᠠᠳᠴᠢᠯᠠᠭᠰᠠᠨ ᠬᠤᠯᠪᠣᠭ᠎ᠠ ᠶᠢᠨ ᠭᠡᠰᠢᠭᠦᠨ᠂ ᠤᠳᠤ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠲᠤᠰᠢᠶᠠᠯ ᠲᠠᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ