ᠵᠠᠩ ᠷᠦ ᠬᠤᠩ
ᠨᠡᠶᠢᠲᠡᠯᠡᠭᠰᠡᠨ ᠴᠠᠭ᠄
2024/3/29
     ᠬᠤᠪᠢᠳᠠᠨ  ᠬᠠᠮᠢᠶᠠᠷᠴᠤ ᠪᠠᠶᠢᠭ᠎ᠠ ᠠᠵᠢᠯ      ᠬᠤᠲᠠ ᠶᠢᠨ ᠳᠠᠷᠤᠭ᠎ᠠ ᠶᠢ ᠬᠠᠮᠵᠢᠨ ᠰᠢᠨᠵᠢᠯᠡᠬᠦ ᠤᠬᠠᠭᠠᠨ ᠮᠡᠷᠭᠡᠵᠢᠯ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ᠂ ᠣᠶ ᠰᠢᠭᠤᠢ ᠪᠠ ᠨᠤᠲᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠲᠤᠯ ᠦᠭᠡᠢ ᠠᠵᠤ ᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠬᠦ᠂ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ  ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠢ ᠰᠢᠭᠤᠢ ᠪᠣᠯᠣᠨ ᠨᠤᠲᠤᠭ ᠪᠡᠯᠴᠢᠭᠡᠷ  ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠪᠣᠬᠢᠷᠲᠤᠯ ᠦᠭᠡᠢ ᠠᠵᠤ ᠦᠢᠯᠡᠰ  ᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠠᠯᠪᠠᠨ ᠭᠡᠷ᠂ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ᠂ ᠪᠠᠶᠠᠨᠨᠠᠭᠤᠷ  ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ  ᠬᠠᠮᠢᠶᠠᠷᠤᠯᠲᠠ ︵ᠪᠡᠯᠡᠳᠬᠡᠯ︶ ᠎ ᠶᠢᠨ ᠵᠥᠪᠯᠡᠯ ᠤᠨ ᠠᠯᠪᠠᠨ ᠭᠡᠷ᠂ ᠥᠪᠥᠷ ᠮᠣᠩᠭᠤᠯ ᠤᠨ ᠪᠠᠶᠠᠨ ᠪᠣᠬᠢᠷᠲᠤᠯ ᠦᠭᠡᠢ ᠠᠵᠤ ᠦᠢᠯᠡᠰ ︵ᠪᠦᠯᠦᠭᠯᠡᠯ︶᠎ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ᠂ ᠳᠤᠮᠳᠠᠳᠤ ᠤᠯᠤᠰ ᠤᠨ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠡᠯᠡᠰᠦᠨ ᠴᠥᠯ ᠤᠨ ᠣᠶ ᠰᠢᠭᠤᠢ ᠶᠢᠨ  ᠲᠤᠷᠰᠢᠯᠲᠠ ᠶᠢᠨ ᠲᠥᠪ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠲᠣᠪᠴᠢ  ᠨᠠᠮᠲᠠᠷ      ᠵᠠᠩ ᠷᠦ ᠬᠤᠩ᠂ ᠡᠮᠡᠭᠲᠡᠢ᠂ ᠬᠢᠲᠠᠳ ᠦᠨᠳᠦᠰᠦᠲᠡᠨ᠂ 1971 ᠣᠨ ᠤ 7 ᠰᠠᠷ᠎ᠠ ᠳᠤ ᠲᠦᠷᠦᠵᠠᠢ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠳᠠ ᠶᠢᠨ ᠳᠠᠷᠤᠭ᠎ᠠ ᠶᠢᠨ ᠲᠤᠰᠢᠶᠠᠯ ᠲᠠᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ