ᠳᠠᠷᠬᠠᠨᠬᠦᠦ
ᠨᠡᠶᠢᠲᠡᠯᠡᠭᠰᠡᠨ ᠴᠠᠭ᠄
2024/3/29
     ᠬᠤᠪᠢᠳᠠᠨ  ᠬᠠᠮᠢᠶᠠᠷᠴᠤ ᠪᠠᠶᠢᠭ᠎ᠠ ᠠᠵᠢᠯ      ᠬᠤᠳᠠ ᠶᠢᠨ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠪᠠ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠢᠯ ᠢ ᠡᠷᠬᠢᠯᠡᠵᠦ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠪᠠᠶᠠᠨᠨᠠᠭᠤᠷ ᠤᠨ ᠰᠠᠯᠪᠤᠷᠢ ᠠᠩᠭᠢ᠂ ᠪᠠᠶᠠᠨᠨᠠᠭᠤᠷ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ᠂ ᠤᠯᠤᠰ ᠤᠨ ᠠᠮᠤᠷ ᠲᠦᠪᠰᠢᠨ ᠤ ᠲᠣᠪᠴᠢᠶ᠎ᠠ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠲᠣᠪᠴᠢ ᠨᠠᠮᠲᠠᠷ      ᠳᠠᠷᠬᠠᠨᠬᠦᠦ᠂ ᠡᠷᠡᠭᠲᠡᠢ᠂ ᠮᠣᠩᠭᠤᠯ ᠦᠨᠳᠦᠰᠦᠲᠡᠨ᠂ 1974 ᠣᠨ ᠤ 12 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠲᠠ ᠶᠢᠨ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ᠂ ᠬᠢᠨᠠᠨ ᠪᠠᠶᠢᠴᠠᠭᠠᠬᠤ ᠳᠠᠷᠤᠭ᠎ᠠ ᠶᠢᠨ ᠲᠤᠰᠢᠶᠠᠯ ᠲᠠᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ