ᠵᠣᠣ ᠴᠦᠨ ᠢᠦᠢ
ᠨᠡᠶᠢᠲᠡᠯᠡᠭᠰᠡᠨ ᠴᠠᠭ᠄
2024/3/29
     ᠬᠤᠪᠢᠳᠠᠨ ᠬᠠᠮᠢᠶᠠᠷᠴᠤ ᠪᠠᠶᠢᠭ᠎ᠠ ᠠᠵᠢᠯ      ᠬᠤᠳᠠ ᠶᠢᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ᠂ ᠵᠠᠮ ᠲᠡᠭᠡᠭᠡᠪᠦᠷᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠭᠤᠯᠤᠯᠲᠠ  ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠥᠮᠥᠨ  ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ ᠡᠮᠭᠡᠭ  ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ᠂ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠠᠯᠪᠠᠨ ᠭᠡᠷ︶᠂ ᠡᠮᠨᠡᠯᠭᠡ  ᠶᠢᠨ ᠪᠠᠲᠤᠯᠠᠭ᠎ᠠ ᠶᠢᠨ ᠲᠣᠪᠴᠢᠶ᠎ᠠ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ︵ᠪᠦᠯᠦᠭᠯᠡᠯ︶᠎ ᠶᠢᠨ ᠬᠢᠵᠠᠭᠠᠷᠲᠤ ᠺᠣᠮᠫᠠᠨᠢ  ᠶᠢ ᠬᠤᠪᠢᠳᠠᠨ ᠬᠠᠮᠢᠶᠠᠷᠤᠨ᠎ᠠ᠃      ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ ︵ᠲᠠᠮᠠᠬᠢᠨ ᠤ ᠺᠣᠮᠫᠠᠨᠢ︶᠂ ᠷᠠᠳᠢᠣ᠋ ᠶᠢᠨ ᠬᠠᠮᠢᠶᠠᠷᠤᠯᠲᠠ ᠶᠢᠨ ᠭᠠᠵᠠᠷ᠂ ᠳᠠᠪᠤᠰᠤᠨ ᠤ ᠦᠢᠯᠡᠰ ᠤᠨ ᠺᠣᠮᠫᠠᠨᠢ᠂ ᠡᠯ᠎ᠡ ᠴᠢᠮᠡᠭᠡ ᠬᠤᠯᠪᠣᠭᠠᠨ ᠤ ᠪᠠᠶᠢᠭᠤᠯᠤᠮᠵᠢ᠂ ᠡᠯ᠎ᠡ ᠵᠠᠰᠠᠮᠠᠯ ᠵᠠᠮ ᠤᠨ ᠪᠠᠶᠢᠭᠤᠯᠤᠮᠵᠢ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠲᠣᠪᠴᠢ  ᠨᠠᠮᠲᠠᠷ      ᠵᠤᠤ ᠴᠦᠨ ᠢᠦᠢ᠂ ᠡᠷᠡᠭᠲᠡᠢ᠂ ᠬᠢᠲᠠᠳ ᠦᠨᠳᠦᠰᠦᠲᠡᠨ᠂ 1981 ᠣᠨ ᠤ 4 ᠰᠠᠷ᠎ᠠ ᠳᠤ ᠲᠦᠷᠦᠵᠠᠢ᠂ ᠮᠠᠰᠲ᠋ᠧᠷ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠳᠠ ᠶᠢᠨ ᠳᠠᠷᠤᠭ᠎ᠠ ᠶᠢᠨ ᠲᠤᠰᠢᠶᠠᠯ ᠲᠠᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ