ᠤᠷᠠᠤᠨ ᠤᠨ ᠲᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ ᠼᠦᠢ ᠵᠢᠩ ᠰᠢᠶᠠᠩ ᠴᠣᠬᠤᠯᠠᠪᠤᠷᠢ ᠥᠭᠪᠡ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ  ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 2024 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠴᠣᠬᠤᠯᠠᠪᠤᠷᠢ ᠥᠭᠪᠡ᠃       ᠼᠦᠢ ᠵᠢᠩ ᠰᠢᠶᠠᠩ ᠴᠣᠬᠤᠯᠠᠪᠤᠷᠢ ᠳᠠᠭᠠᠨ᠂ 2023 ᠣᠨ ᠳᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠦ᠂ ᠬᠤᠰᠢᠭᠤᠨ ᠤ ᠠᠵᠤ ᠠᠬᠤᠶ  ᠶᠢᠨ ᠶᠡᠷᠦᠩᠬᠡᠶ ᠰᠡᠳᠬᠢᠴᠡ ᠪᠠ ︽ᠭᠤᠷᠪᠠ ᠳᠥᠷᠪᠡ ᠲᠠᠪᠤ︾ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠬᠠᠨᠳᠤᠭᠤᠯᠤᠨ ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠤᠷ ᠠᠮᠤᠭᠤᠯᠠᠩ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠵᠦ᠂ ᠤᠯᠤᠰ ᠲᠥᠷᠥ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠬᠦᠴᠦᠲᠡᠶ ᠬᠠᠮᠠᠭᠠᠯᠠᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ ᠬᠡᠵᠦ ᠵᠢᠭᠠᠨ ᠭᠠᠷᠭᠠᠪᠠ᠃       ᠼᠦᠢ ᠵᠢᠩ ᠰᠢᠶᠠᠩ ᠠᠴᠠ᠂ 2024 ᠣᠨ ᠳᠤ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ︽ᠰᠡᠳᠬᠢᠯ ᠰᠠᠨᠠᠭ᠎ᠠ ᠶᠢ ᠳᠤᠯᠠᠭᠠᠴᠠᠭᠤᠯᠤᠨ ᠠᠷᠠᠳ ᠤᠯᠠᠨ ᠢ ᠬᠠᠮᠠᠭᠠᠯᠠᠬᠤ︾ ᠳᠡᠭᠡᠭᠰᠢᠯᠡᠭᠦᠯᠬᠦ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠤᠨ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠤᠯᠤᠰ ᠲᠦᠷᠦ ᠶᠢᠨ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠤᠨ᠂ ᠡᠯ᠎ᠡ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠪᠣᠰᠤᠭ᠎ᠠ ᠴᠣᠭᠴᠠᠵᠢᠭᠰᠠᠨ᠂ ᠮᠡᠳᠡᠭᠡ ᠵᠠᠩᠬᠢᠵᠢᠭᠰᠠᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠤᠨ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠳᠤᠮᠳᠠᠳᠤ ᠬᠤᠰᠢᠭᠤ ᠶᠢ ᠴᠢᠷᠮᠠᠶᠢᠨ ᠪᠠᠶᠢᠭᠤᠯᠬᠤ ᠬᠡᠷᠡᠭᠲᠡᠶ᠃ ᠬᠠᠤᠯᠢᠵᠢᠯ ᠤᠨ ᠳᠤᠮᠳᠠᠳᠤ ᠬᠤᠰᠢᠭᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠭᠦᠳᠦᠨ ᠰᠢᠯᠢᠳᠡᠭᠵᠢᠭᠦᠯᠵᠦ᠂ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠤᠨ᠂ ᠬᠠᠤᠯᠢ ᠬᠡᠷᠡᠭᠵᠢᠬᠦᠯᠵᠦ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠤᠯᠳᠠ ᠶᠢᠨ ᠬᠢᠨᠠᠯᠲᠠ ᠶᠢ ᠴᠢᠩᠭᠠᠳᠬᠠᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠯᠠᠨ ᠠᠬᠢᠭᠤᠯᠵᠤ᠂ ᠣᠳᠣᠬᠢᠴᠢᠯᠠᠭᠰᠠᠨ ᠤᠷᠠᠳ ᠤᠨ ᠳᠤᠮᠳᠠᠳᠤ ᠬᠤᠰᠢᠭᠤᠨ ᠤ ᠪᠠᠶᠢᠭᠤᠯᠤᠯᠲᠠ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠶᠦᠩ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠦᠴᠦᠯᠡᠨ ᠬᠠᠮᠠᠭᠠᠯᠠᠵᠤ᠂ ᠪᠥᠬᠦ ᠬᠤᠰᠢᠭᠤᠨ ᠤ ᠶᠡᠭᠡ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠬᠢᠯᠢ ᠬᠢᠵᠠᠭᠠᠷ ᠢ ᠬᠦᠴᠦᠷᠬᠡᠭᠵᠢᠭᠦᠯᠬᠦ᠂ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠶ᠃ ᠬᠠᠤᠯᠢᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠤᠯᠳᠠ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠥᠷᠨᠢᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠯ ᠤᠨ ᠬᠠᠤᠯᠢᠵᠢᠯ ᠤᠨ ᠠᠵᠢᠯ ᠢ ᠳᠡᠭᠡᠭᠰᠢᠯᠡᠭᠦᠯᠬᠦ ᠠᠵᠢᠯᠯᠠᠭ᠎ᠠ᠂ ᠵᠠᠷᠭᠤ ᠶᠢᠨ ᠡᠬᠢ ᠶᠢ ᠵᠠᠰᠠᠬᠤ ᠠᠵᠢᠯ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ  ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ  ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠰᠠᠶᠢᠲᠤᠷ  ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ  ᠤᠨ ᠣᠳᠣᠬᠢᠴᠢᠯᠠᠭᠰᠠᠨ ᠤᠷᠠᠳ ᠤᠨ ᠳᠤᠮᠳᠠᠳᠤ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠤᠯᠤᠰ ᠲᠥᠷᠥ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠦ ᠴᠢᠬᠤᠯᠠᠴᠢᠯᠠᠪᠠ᠃       ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠢᠷᠠᠡᠨᠢᠬᠡ᠂ ᠰᠢᠭᠦᠬᠦ ᠬᠤᠷᠢᠶᠠᠨ ᠤ ᠳᠠᠷᠤᠭ᠎ᠠ ᠮᠢᠶᠣᠣ ᠶᠢᠨ ᠯᠦᠩ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠴᠦᠨ ᠴᠢᠨ ᠬᠤᠷᠠᠯ ᠳᠤ ᠣᠷᠣᠯᠴᠠᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ