ᠣᠷᠠᠳ ᠤᠨ ᠲᠣᠮᠳᠠᠳᠣ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2023 ᠣᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ︵ᠠᠵᠢᠯ︶ ᠤᠨ ᠲᠡᠷᠢᠭᠦᠨ ᠤ ᠬᠠᠮᠲᠤ ᠨᠡᠶᠢᠲᠡ ᠪᠠᠷ ᠬᠦᠬᠢᠭᠦᠯᠦᠭᠳᠡᠪᠡ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠣᠷᠠᠳ ᠤᠨ ᠲᠣᠮᠳᠠᠳᠣ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠠᠴᠠ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢ 2023 ᠣᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠲᠡᠷᠢᠭᠦᠨ ᠤ ᠬᠠᠮᠲᠤ ᠨᠡᠶᠢᠲᠡ ᠪᠠᠷ ᠬᠦᠬᠢᠭᠦᠯᠪᠡ᠃       2023 ᠣᠨ ᠳᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠣᠷᠠᠳ ᠤᠨ ᠲᠣᠮᠳᠠᠳᠣ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠬᠤ ᠶᠢ ᠢᠮᠠᠭᠲᠠ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠠᠮᠢᠶ᠎ᠠ ᠪᠦᠬᠦᠢ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠠᠳ ᠤᠨ ᠲᠣᠮᠳᠠᠳᠣ ᠬᠤᠰᠢᠭᠤᠨ ᠤ ᠬᠤᠪᠢᠰᠬᠠᠯ ᠤᠨ ᠡᠬᠢ ᠪᠠᠶᠠᠯᠢᠭ ᠤᠨ ᠣᠨᠴᠠᠯᠢᠭ ᠲᠠᠢ ᠨᠢᠭᠲᠠ ᠤᠶᠠᠯᠳᠤᠭᠤᠯᠤᠨ᠂ ᠣᠷᠠᠳ ᠤᠨ ᠲᠣᠮᠳᠠᠳᠣ ᠬᠤᠰᠢᠭᠤᠨ ᠤ ᠤᠯᠤᠰ ᠤᠨ ᠲᠠᠰ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠵᠠᠰᠠᠨ ᠦᠭᠡᠷᠡᠴᠢᠯᠡᠵᠣ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠬᠢᠭᠡᠳ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠥᠮᠦᠵᠢᠯ ᠤᠨ ᠠᠵᠢᠯ ᠢ ᠬᠠᠷᠢᠯᠴᠠᠨ ᠠᠭᠤᠰᠤᠯᠴᠠᠭᠤᠯᠵᠤ ᠬᠠᠷᠢᠯᠴᠠᠨ ᠠᠬᠢᠭᠤᠯᠬᠤ ᠶᠢ ᠦᠨᠡᠨ ᠬᠦ ᠪᠡᠶᠡᠯᠡᠭᠦᠯᠪᠡ᠃ ᠳᠠᠷᠠᠭᠠᠴᠢ ᠶᠢᠨ ᠠᠯᠬᠤᠮ ᠳᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠪᠦᠬᠦ ᠺᠠᠳ᠋ᠷ ᠠᠵᠢᠯᠲᠠᠨ ᠡᠨᠡᠬᠦ ᠢᠷᠠᠭᠤ ᠠᠯᠳᠠᠷ ᠢ ᠣᠨᠴᠠᠭᠠᠢ ᠨᠠᠨᠳᠢᠩᠨᠠᠵᠤ᠂ ᠳᠠᠷᠤᠤ ᠪᠣᠯᠭᠤᠮᠵᠢᠲᠠᠢ᠂ ᠰᠢᠷᠭᠠᠭᠤ ᠬᠠᠳᠠᠭᠤᠵᠢᠯᠳᠠᠢ ᠴᠢᠷᠮᠠᠶᠢᠵᠤ᠂ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃       ᠣᠣᠪᠣᠯᠠᠭ ᠤᠨ ︽ᠬᠤᠪᠢᠰᠬᠠᠯ ᠤᠨ ᠡᠬᠢ ᠪᠠᠶᠠᠯᠢᠭ︾ ᠤᠨ ᠣᠨᠴᠠᠯᠢᠭ ᠪᠠ ᠳᠠᠪᠠᠭᠤᠯᠢᠭ ᠢ ᠭᠦᠢᠴᠡᠳ ᠰᠠᠶᠢᠲᠤᠷ ᠠᠰᠢᠭᠯᠠᠵᠤ᠂ ᠤᠮᠠᠷᠠᠲᠤ ᠬᠢᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠠᠷᠢᠯᠴᠠᠨ ᠤᠶᠠᠯᠳᠤᠭᠤᠯᠵᠤ᠂ ᠬᠤᠪᠢᠰᠬᠠᠯ ᠤᠨ ᠰᠣᠶᠣᠯ ᠤᠨ ᠤᠯᠠᠮᠵᠢᠯᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠦᠨᠡᠨ ᠬᠦ ᠠᠬᠢᠭᠤᠯᠤᠨ᠎ᠠ︔ ᠤᠯᠤᠰ ᠢᠶᠠᠨ ᠬᠠᠶᠢᠷᠠᠯᠠᠬᠤ ᠦᠵᠡᠯ ᠤᠨ ᠭᠤᠣᠯ ᠬᠥᠭ ᠠᠶᠠᠰ ᠢ ᠥᠨᠳᠥᠷ ᠮᠠᠨᠳᠤᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠳᠤ ᠣᠷᠣᠯᠴᠠᠬᠤ ᠶᠢ ᠤᠬᠠᠮᠰᠠᠷ ᠠᠴᠠ ᠪᠠᠨ ᠵᠣᠬᠢᠶᠠᠨ ᠪᠠᠶᠢᠭᠤᠯᠤᠨ ᠥᠷᠨᠢᠭᠦᠯᠬᠦ ᠪᠠ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ  ᠬᠥᠮᠦᠵᠢᠯ ᠤᠨ ᠠᠵᠢᠯ ᠢ ᠰᠢᠨ᠎ᠡ ᠨᠢᠭᠡᠨ ᠬᠢᠷᠢ ᠲᠦᠪᠰᠢᠨ ᠳᠤ ᠬᠦᠷᠭᠡᠵᠣ᠂ ᠪᠦᠭᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠳᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ ᠭᠦᠭᠵᠢᠭᠡᠵᠣ᠂ ᠣᠷᠠᠳ ᠤᠨ ᠲᠣᠮᠳᠠᠳᠣ ᠬᠤᠰᠢᠭᠤᠨ ᠤ ᠴᠡᠷᠢᠭ ᠢᠶᠠᠨ ᠬᠦᠴᠦᠷᠭᠡᠭᠵᠢᠭᠦᠯᠬᠦ ᠬᠠᠷᠠᠯᠲᠠ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢᠨ ᠬᠠᠮᠲᠤ ᠪᠠᠰᠠ ᠣᠷᠠᠳ ᠤᠨ ᠲᠣᠮᠳᠠᠳᠣ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠶᠠᠰᠤ ᠴᠢᠨᠠᠷ ᠢ ᠲᠠᠶᠢᠴᠢᠯᠠᠨ ᠰᠢᠨ᠎ᠡ ᠳᠡᠭᠲᠡᠷ ᠲᠤ ᠭᠠᠷᠭᠠᠬᠤ ᠪᠠᠷ ᠪᠣᠢ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ