ᠤᠷᠠᠳ ᠤᠨ ᠳᠤᠮᠳᠠᠳᠤ ᠬᠤᠰᠢᠭᠤ ᠠᠶᠤᠯᠭᠦᠶ  ᠦᠢᠯᠡᠳᠪᠦᠷᠢᠯᠡᠯ  ᠤᠨ ᠠᠵᠢᠯ ᠢ ᠴᠢᠩᠭ᠎ᠠ ᠠᠤᠨᠬᠤᠵᠦ ᠤᠮᠠᠷᠠᠲᠤ ᠬᠢᠯᠢ ᠶᠢᠨ ︽ᠠᠮᠤᠷ ᠲᠦᠪᠰᠢᠨ ᠤ ᠲᠣᠤᠷ︾ ᠢ ᠰᠠᠶᠢᠲᠤᠷ ᠪᠠᠶᠢᠭᠤᠯᠵᠦ ᠪᠤᠢ
ᠨᠡᠶᠢᠲᠡᠯᠡᠭᠰᠡᠨ ᠴᠠᠭ᠄
2024/3/29
      ᠨᠢᠭᠡ ᠳᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠦ ᠪᠠᠶᠢᠨ᠎ᠠ᠃ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠨᠡᠶᠢᠲᠡ 196 ᠨᠢᠭᠡᠴᠢ ᠶᠢ ᠪᠠᠶᠢᠴᠠᠭᠠᠨ᠂ 206 ᠬᠡᠮ ᠰᠣᠭᠤᠭ ᠢ ᠢᠯᠡᠷᠡᠭᠦᠯᠵᠦ᠂ 200 ᠶᠢ ᠨᠢ ᠴᠡᠭᠴᠡᠯᠡᠨ ᠰᠠᠶᠢᠵᠢᠷᠠᠭᠤᠯᠵᠤ᠂ 6 ᠶᠢ ᠨᠢ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠨ᠂ 1 ᠬᠤᠪᠢ ᠵᠠᠰᠠᠭ ᠵᠠᠬᠢᠷᠭᠠᠨ ᠤ ᠰᠢᠢᠤᠨᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ ᠪᠠᠭᠤᠯᠭᠠᠵᠤ᠂ 6.42 ᠲᠦᠮᠡᠨ ᠲᠥᠭᠦᠷᠢᠭ ᠢᠶᠠᠷ ᠲᠣᠷᠭᠠᠨ᠂ ᠭᠠᠯ ᠤᠨ ᠭᠠᠮᠰᠢᠭ ᠤᠨ ᠬᠡᠮ ᠰᠣᠭᠤᠭ ᠢ ᠲᠥᠪᠯᠡᠷᠡᠭᠦᠯᠦᠨ 5 ᠬᠤᠭᠤᠴᠠᠭ᠎ᠠ ᠢᠯᠡᠴᠢᠯᠡᠵᠦ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠤ 128 ᠬᠤᠪᠢ ᠭᠠᠷ ᠤᠨ ᠥᠰᠥᠭ ᠵᠢᠷᠤᠪᠠ᠃       ᠬᠤᠶᠠᠷ ᠲᠤ᠂ ᠭᠤᠤᠯᠳᠠᠯᠭ᠎ᠠ ᠪᠠᠨ ᠴᠢᠩᠭ᠎ᠠ ᠠᠩᠬᠠᠷᠴᠤ ᠳᠠᠯᠳᠠ ᠬᠡᠮ ᠢ ᠠᠷᠢᠯᠭᠠᠵᠦ ᠪᠠᠶᠢᠨ᠎ᠠ᠃ ︽ᠶᠢᠰᠦᠨ ᠵᠢᠵᠢᠭ ᠲᠠᠯᠠᠪᠤᠷ ᠭᠠᠵᠠᠷ︾᠂ ᠣᠯᠠᠨ ᠡᠵᠡᠩᠨᠡᠯᠲᠡ  ᠶᠢᠨ ᠬᠡᠯᠪᠡᠷᠢ ᠶᠢᠨ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠪᠠ ᠬᠤᠲᠠ ᠪᠠᠯᠭᠠᠰᠤᠨ ᠤ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ ᠭᠠᠯ ᠰᠡᠷᠬᠡᠶᠢᠯᠡᠨ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠨᠡᠶᠢᠲᠡ 3096 ᠨᠢᠭᠡᠴᠢ ᠶᠢ ᠪᠠᠶᠢᠴᠠᠭᠠᠵᠦ᠂ 1066 ᠬᠡᠮ ᠰᠣᠭᠤᠭ ᠲᠠᠢ ᠠᠰᠠᠭᠤᠳᠠᠯ ᠢ ᠢᠯᠡᠷᠡᠭᠦᠯᠤᠨ᠂ 1045 ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠪᠠᠷ ᠰᠢᠪᠠᠳᠠᠭᠤᠯᠪᠠ᠃ ᠲᠣᠭᠲᠠᠭᠠᠯ ᠠᠴᠠ ᠵᠥᠷᠢᠴᠡᠨ ᠤᠭᠰᠠᠷᠠᠭᠰᠠᠨ ᠲᠡᠮᠦᠷ ᠬᠡᠷᠡᠰᠬᠡ᠂ ᠬᠤᠯᠠᠭᠠᠶᠢᠯᠠᠬᠤ ᠶᠢ ᠰᠡᠷᠭᠡᠶᠢᠯᠡᠬᠦ ᠲᠣᠤᠷ᠂ ᠵᠠᠷ ᠮᠡᠳᠡᠭᠡ ᠶᠢᠨ ᠫᠠᠶᠢᠰᠠ 15 ᠶᠢ ᠨᠤᠷᠠᠭᠠᠨ ᠴᠡᠭᠴᠡᠯᠡᠨ ᠵᠠᠰᠠᠪᠠ᠃ 31 ᠬᠡᠮ ᠰᠣᠭᠤᠭ ᠲᠠᠢ ᠨᠢᠭᠡᠴᠢ ᠶᠢ ᠢᠯᠡᠴᠢᠯᠡᠵᠦ᠂ 46 ᠵᠤᠷᠪᠤᠰ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠡᠮ ᠰᠣᠭᠤᠭ ᠢ ᠢᠯᠡᠷᠡᠭᠦᠯᠤᠨ᠂ 43 ᠵᠤᠷᠪᠤᠰ ᠢ ᠰᠢᠪᠠᠳᠠᠭᠤᠯᠤᠨ ᠴᠡᠭᠴᠡᠯᠡᠨ ᠰᠠᠶᠢᠵᠢᠷᠠᠭᠤᠯᠪᠠ᠃       ᠭᠤᠷᠪᠠ ᠳᠤ᠂ ᠣᠯᠠᠨ ᠲᠠᠯ᠎ᠠ ᠶᠢᠨ ᠤᠬᠠᠭᠤᠯᠭ᠎ᠠ ᠪᠠᠨ ᠴᠢᠩᠭᠠᠤᠨᠬᠠᠪᠠ᠃ 12 ᠤᠳᠠᠭ᠎ᠠ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠵᠦ᠂ ᠨᠡᠶᠢᠲᠡ 2000 ᠭᠠᠷᠤᠶ ᠬᠥᠮᠦᠨ ︵ᠤᠳᠠᠭ᠎ᠠ︶ ᠪᠣᠯᠪᠠᠰᠤᠷᠠᠯ ᠳᠤ ᠤᠷᠤᠯᠴᠠᠨ᠂ ᠰᠢᠯᠵᠢᠮᠡᠯ ᠬᠤᠯᠪᠣᠭᠠᠨ ᠤ ᠺᠣᠮᠫᠠᠨᠢ ᠲᠠᠢ ᠵᠤᠯᠭᠠᠭᠤᠯᠤᠨ 9000 ᠭᠠᠷᠤᠶ ᠵᠤᠷᠪᠤᠰ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠣᠬᠤᠷ ᠴᠢᠮᠡᠭᠡ ᠶᠠᠪᠤᠭᠤᠯᠵᠦ᠂ ᠭᠠᠯ ᠰᠡᠷᠭᠡᠶᠢᠯᠡᠯᠲᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠨ᠂ ᠭᠠᠳᠠᠨᠠᠬᠢ ᠲᠣᠮᠣ ᠳᠡᠯᠭᠡᠴᠡ ᠶᠢ ᠠᠰᠢᠭᠯᠠᠨ ᠭᠠᠯ ᠰᠡᠷᠭᠡᠶᠢᠯᠡᠯᠲᠡ ᠶᠢᠨ ᠰᠠᠨᠠᠭᠤᠯᠤᠮᠵᠢ ᠥᠷᠨᠢᠭᠦᠯᠵᠦ᠂ ᠨᠡᠶᠢᠲᠡ 3 ᠲᠦᠮᠡ ᠭᠠᠷᠤᠶ ᠤᠯᠠᠨ ᠲᠦᠮᠡᠨ ᠢ ᠬᠠᠮᠤᠷᠤᠨ᠂ ᠤᠮᠠᠷᠠᠲᠤ ᠬᠢᠯᠢ ᠶᠢᠨ ᠰᠠᠶᠢᠨ ᠲᠤᠷ᠎ᠠ ᠶᠢᠨ ᠤᠶᠢᠯᠡᠴᠢᠯᠡᠭᠡ ᠪᠠ ᠭᠠᠯ ᠰᠡᠷᠭᠡᠶᠢᠯᠡᠯᠲᠡ ᠶᠢᠨ ᠰᠠᠶᠢᠨ ᠳᠤᠷᠠᠴᠤᠳ ᠤᠨ ᠲᠠᠪᠴᠠᠩ  ᠢ ᠠᠰᠢᠭᠯᠠᠨ 15 ᠤᠳᠠᠭ᠎ᠠ ᠠᠵᠢᠯᠯᠠᠭ᠎ᠠ ᠥᠷᠨᠢᠭᠦᠯᠵᠦ᠂ ᠶᠡᠷᠦᠩᠬᠡᠶ  ᠦᠢᠯᠡᠴᠢᠯᠡᠭᠰᠡᠨ ᠴᠠᠭ ᠨᠢ 75.8 ᠴᠠᠭ ᠪᠣᠯᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ