ᠤᠷᠠᠳ ᠤᠨ ᠲᠤᠮᠳᠠᠳᠤ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ᠠᠮᠤᠷ ᠲᠦᠪᠰᠢᠨ ᠤ ᠳᠠᠯᠳᠠ ᠬᠡᠮ ᠤᠨ ᠶᠡᠭᠡ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/29
      ᠭᠠᠯ ᠤᠨ ᠭᠠᠮᠰᠢᠭ ᠤᠨ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠶᠢᠷ᠎ᠠ ᠳᠤ᠂ ᠮᠠᠨ ᠤ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠮᠤᠷ ᠲᠦᠪᠰᠢᠨ ᠤ ᠳᠠᠯᠳᠠ ᠬᠡᠮ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃       ᠪᠠᠶᠢᠴᠠᠭᠠᠬᠤ ᠳᠤᠭᠤᠶᠢᠯᠠᠩ ᠤᠨ ᠬᠢᠨ ᠢᠳᠡᠭᠡᠨ ᠤᠮᠳᠠᠭᠠᠨ᠂ ᠵᠤᠭ᠎ᠠ ᠴᠡᠩᠭᠡᠯ ᠵᠡᠷᠭᠡ ︽ᠶᠢᠰᠦᠨ ᠵᠢᠵᠢᠭ ᠲᠠᠯᠠᠪᠤᠷ ᠭᠠᠵᠠᠷ︾ ᠲᠤ ᠭᠦᠨᠵᠡᠭᠡᠶᠢᠷᠡᠵᠦ᠂ ᠲᠠᠯᠠᠪᠤᠷ ᠭᠠᠵᠠᠷ ᠤᠨ ᠠᠮᠤᠷ ᠲᠦᠪᠰᠢᠨ ᠤ ᠭᠠᠷᠬᠤ ᠡᠭᠦᠳᠡ ᠪᠠ ᠬᠦᠮᠦᠰ ᠢ ᠲᠠᠷᠬᠠᠭᠠᠨ ᠶᠠᠪᠤᠭᠤᠯᠬᠤ ᠠᠰᠠᠷ ᠤᠨ ᠱᠠᠲᠤ ᠭᠦᠢᠴᠡᠳ ᠪᠠᠶᠢᠬᠤ ᠡᠰᠡᠬᠦ᠂ ᠲᠣᠭᠲᠠᠭᠠᠯ ᠢ ᠵᠥᠷᠢᠴᠡᠨ ᠬᠤᠯᠠᠭᠠᠢ ᠶᠢ ᠰᠡᠷᠭᠡᠶᠢᠯᠡᠬᠦ ᠲᠣᠣᠷ ᠪᠠ ᠵᠠᠷ ᠤᠨ ᠫᠠᠶᠢᠰᠠ ᠭᠠᠷᠭᠠᠭᠰᠠᠨ ᠡᠰᠡᠬᠦ ᠵᠢᠴᠢ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠰᠢᠳᠠᠮᠠᠬᠠᠢ ᠬᠡᠢ ᠬᠡᠷᠡᠭᠯᠡᠬᠦ ᠵᠡᠷᠭᠡ ᠪᠠᠶᠢᠳᠠᠯ ᠤᠨ ᠲᠣᠭᠤᠷᠢᠨ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠳᠠᠯᠳᠠ ᠬᠡᠮ ᠤᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠦᠨᠡᠨ ᠬᠦ ᠪᠠᠲᠤᠯᠠᠪᠠ᠃ ᠬᠦᠷᠦᠭᠰᠡᠨ ᠭᠠᠵᠠᠷ ᠪᠣᠯᠭᠠᠨ ᠳᠤ᠂ ᠪᠠᠶᠢᠴᠠᠭᠠᠬᠤ ᠳᠤᠭᠤᠶᠢᠯᠠᠩ ᠨᠢ ᠴᠥᠮ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠲᠠᠶᠢᠯᠪᠤᠷᠢᠯᠠᠬᠤ ᠶᠢᠨ ᠬᠠᠮᠲᠤ ᠬᠠᠷᠢᠭᠤᠴᠠᠯᠭᠠᠲᠠᠨ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠥᠭᠡᠷᠡᠴᠢᠯᠡᠬᠦ ᠳᠦᠷᠢᠮ ᠢ ᠨᠠᠶᠢᠳᠠᠪᠤᠷᠢᠵᠢᠭᠤᠯᠵᠤ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠥᠭᠡᠷᠡᠴᠢᠯᠡᠬᠦ ᠳᠤᠮᠳᠠ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠰᠢᠪᠠᠳᠠᠨ ᠱᠠᠭᠠᠷᠳᠠᠪᠠ᠃       ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠠᠴᠠ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠪᠣᠳᠠᠲᠠᠢ ᠰᠠᠨᠠᠯ ᠪᠠ ᠪᠣᠯᠣᠮᠵᠢᠲᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠡᠯ᠎ᠡ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠭᠠᠯ ᠤᠨ ᠭᠠᠮᠰᠢᠭ ᠤᠨ ᠳᠠᠯᠳᠠ ᠬᠡᠮ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠰᠢᠪᠠᠳᠠᠨ ᠱᠠᠭᠠᠷᠳᠠᠪᠠ᠃ ᠴᠡᠭᠴᠡᠯᠡᠨ ᠵᠠᠰᠠᠬᠤ ᠴᠢᠬᠤᠯᠠᠲᠠᠢ ᠠᠮᠤᠷ ᠲᠦᠪᠰᠢᠨ ᠤ ᠬᠡᠮ ᠰᠣᠭᠤᠭ ᠤᠨ ᠲᠤᠬᠠᠢ ᠪᠠᠶᠢᠴᠠᠭᠠᠬᠤ ᠳᠤᠭᠤᠶᠢᠯᠠᠩ ᠠᠴᠠ ᠬᠤᠳᠠᠯᠳᠤᠭᠠᠨ ᠤ ᠡᠷᠦᠬᠡ ᠶᠢ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠴᠡᠭᠴᠡᠯᠡᠨ ᠵᠠᠰᠠᠭᠤᠯᠵᠤ᠂ ᠲᠡᠷᠡ ᠳᠠᠷᠤᠢ ᠳᠤᠨᠢ ᠪᠡᠶᠡᠯᠡᠭᠦᠯᠵᠦ ᠳᠡᠶᠢᠯᠬᠦ ᠦᠭᠡᠢ ᠶᠢ ᠨᠢ ᠡᠷᠭᠡᠪᠰᠢ ᠲᠣᠭᠲᠠᠭᠰᠠᠨ ᠴᠠᠭ ᠤᠨ ᠳᠣᠲᠣᠷ᠎ᠠ ᠴᠡᠭᠴᠡᠯᠡᠨ ᠵᠠᠰᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠡᠷᠡᠰ ᠠᠷᠢᠯᠭᠠᠬᠤ ᠬᠡᠷᠡᠭᠲᠡᠢ ᠭᠡᠪᠡ᠃       ᠪᠠᠶᠢᠴᠠᠭᠠᠯᠳᠠ ᠶᠢᠨ ᠳᠠᠷᠠᠭ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠠᠴᠠ᠂ ︽ᠶᠢᠰᠦᠨ ᠵᠢᠵᠢᠭ ᠲᠠᠯᠠᠪᠤᠷ ᠭᠠᠵᠠᠷ︾᠂ ᠭᠤᠣᠯᠳᠠᠯᠭ᠎ᠠ ᠲᠠᠢ ᠨᠢᠭᠡᠴᠢ ᠳᠤ ᠪᠠᠶᠢᠴᠠᠭᠠᠯᠲᠠ ᠬᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢᠨ ᠬᠠᠮᠲᠤ ᠪᠠᠰᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠢᠳᠡᠪᠬᠢᠲᠡᠢ ᠳᠡᠭᠡᠭᠰᠢᠯᠡᠭᠦᠯᠦᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ ᠭᠡᠵᠤ ᠢᠯᠡᠷᠬᠡᠶᠢᠯᠡᠪᠠ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ