ᠤᠷᠠᠳ ᠤᠨ ᠲᠤᠮᠳᠠᠳᠤ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠬᠤᠷᠠᠯᠳᠤᠪᠠ ᠼᠦᠢ ᠵᠢᠩ ᠰᠢᠶᠠᠩ ᠴᠣᠬᠤᠯᠠᠪᠤᠷᠢ ᠥᠭᠪᠡ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 19 ᠤ ᠡᠳᠦᠷ᠂ ᠪᠥᠬᠦ ᠬᠤᠰᠢᠭᠤᠨ ᠤ 2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠬᠤᠷᠠᠯᠳᠤᠵᠤ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠮᠠᠨ ᠤ ᠬᠤᠰᠢᠭᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠴᠣᠬᠤᠯᠠᠪᠤᠷᠢ ᠪᠢᠴᠢᠵᠡᠢ᠃       ᠼᠦᠢ ᠵᠢᠩ ᠰᠢᠶᠠᠩ ᠴᠣᠬᠤᠯᠠᠪᠤᠷᠢ ᠳᠠᠭᠠᠨ᠂ 2023 ᠣᠨ ᠳᠤ ᠪᠦᠭᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ  ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠪᠣᠳᠠᠲᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠱᠤᠭᠤᠮ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠡᠭᠦᠳᠬᠦ ᠪᠠᠷ ᠭᠠᠷᠳᠠᠴᠠ ᠪᠣᠯᠭᠠᠨ᠂ ᠪᠥᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ᠂ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠦᠵᠡᠯ ᠰᠠᠨᠠᠭᠠᠨ ᠤ ᠲᠤᠭ ᠢ ᠥᠨᠳᠥᠷ ᠮᠠᠨᠳᠤᠭᠤᠯᠬᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠬᠦ᠂ ᠭᠤᠣᠯ ᠤᠷᠤᠰᠬᠠᠯ ᠤᠨ ᠥᠷᠲᠡᠭ ᠢ ᠢᠯᠡᠷᠡᠭᠦᠯᠬᠦ᠂ ᠰᠣᠶᠣᠯ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠬᠢᠵᠢᠭᠦᠯᠬᠦ ᠵᠡᠷᠭᠡ ᠲᠠᠯ᠎ᠠ ᠪᠠᠷ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠤ᠂ ᠪᠥᠬᠦ ᠬᠤᠰᠢᠭᠤᠨ ᠤ ᠲᠡᠷᠢᠭᠦᠨ ᠳᠤ ᠣᠷᠣᠬᠤ ᠪᠠᠷ ᠴᠢᠷᠮᠠᠶᠢᠨ᠂ ᠬᠥᠭᠡᠭᠡᠨ ᠭᠦᠢᠴᠡᠵᠤ ᠳᠠᠪᠠᠵᠤ ᠭᠠᠷᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ ᠭᠡᠵᠤ ᠵᠢᠭᠠᠵᠤ ᠭᠠᠷᠭᠠᠪᠠ᠃       ᠼᠦᠢ ᠵᠢᠩ ᠰᠢᠶᠠᠩ᠂ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠪᠠᠰᠠ ᠴᠤ ᠪᠥᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ ᠵᠢᠯ ᠮᠥᠨ᠂ ᠡᠨᠡ ᠵᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠨᠢ ᠣᠨᠴᠠᠭᠠᠶ ᠠᠴᠢ ᠬᠤᠯᠪᠣᠭᠳᠠᠯ ᠲᠠᠢ ᠪᠥᠭᠡᠳ ᠬᠦᠨᠳᠦ ᠶᠡᠭᠡ ᠬᠠᠷᠢᠭᠤᠴᠠᠯᠭ᠎ᠠ ᠲᠠᠢ ᠶᠤᠮ᠃ ᠪᠦᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ᠬᠤᠰᠢᠭᠤᠨ ᠤ ᠬᠡᠪᠴᠢᠶᠡᠨ ᠤ ᠠᠵᠤ ᠠᠬᠤᠢ ᠶᠢᠨ ᠶᠡᠷᠦᠩᠬᠡᠢ ᠰᠡᠳᠬᠢᠴᠡ ᠪᠠ ︽ᠭᠤᠷᠪᠠ ᠳᠥᠷᠪᠡ ᠲᠠᠪᠤ︾ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠳᠡᠯᠭᠡᠨ ᠦᠵᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠭᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠤᠨᠤᠯ ᠤᠨ ᠤᠬᠠᠭᠤᠯᠭ᠎ᠠ ᠲᠠᠶᠢᠯᠦᠮᠵᠢ᠂ ᠤᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠳᠠ᠂ ᠰᠣᠶᠣᠯ ᠤᠳᠬ᠎ᠠ ᠤᠷᠠᠯᠢᠭ ᠤᠨ ᠵᠣᠬᠢᠶᠠᠨ ᠪᠦᠲᠦᠭᠡᠯᠳᠠ ᠵᠡᠷᠭᠡ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠡᠯ᠎ᠡ ᠵᠦᠢᠯ ᠤᠨ ᠠᠵᠢᠯ ᠳᠤ ᠡᠷᠡᠰ ᠭᠤᠶᠢᠪᠢᠰᠢ ᠦᠭᠡᠢ ᠪᠠᠷ ᠠᠭᠤᠰᠤᠯᠴᠠᠭᠤᠯᠵᠤ᠂ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠡᠳᠤ ᠲᠠᠮᠳᠡᠭᠳᠤ ᠶᠢ ᠡᠭᠦᠳᠬᠦ ᠶᠢᠨ ᠲᠣᠭᠤᠷᠢᠨ ᠳᠤ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ᠂ ᠰᠤᠳᠤᠯᠤᠨ ᠲᠠᠶᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ᠂ ᠦᠢᠯᠡᠳᠪᠦᠷᠢᠯᠡᠯ ᠵᠣᠬᠢᠶᠠᠨ ᠪᠦᠲᠦᠭᠡᠯᠳᠡ᠂ ᠠᠭᠤᠰᠤᠯᠴᠠᠭᠤᠯᠤᠨ ᠬᠥᠭᠵᠢᠭᠦᠯᠬᠦ ᠲᠠᠪᠤᠨ ᠠᠵᠢᠯ ᠢ ᠰᠠᠶᠢᠲᠤᠷ ᠬᠢᠵᠦ᠂ ᠤᠮᠠᠷᠠᠲᠤ ᠬᠢᠯᠢ ᠶᠢᠨ ᠰᠣᠶᠣᠯ ᠳᠤ ᠠᠭᠤᠯᠤᠭᠳᠠᠵᠤ ᠪᠠᠶᠢᠭ᠎ᠠ ᠲᠡᠦᠬᠡ ᠶᠢᠨ ᠠᠭᠤᠯᠤᠭᠳᠠᠬᠤᠨ᠂ ᠦᠨᠳᠦᠰᠦᠲᠡᠨ ᠤ ᠠᠭᠤᠰᠤᠯᠴᠠᠯ᠂ ᠰᠣᠶᠣᠯ ᠢᠷᠭᠡᠨᠰᠢᠯ ᠤᠨ ᠭᠤᠸ᠎ᠠ ᠰᠠᠶᠢᠬᠠᠨ ᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ᠂ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠰᠡᠳᠬᠢᠯ ᠢ ᠨᠢᠭᠲᠠᠷᠠᠭᠤᠯᠤᠨ ᠬᠦᠴᠦᠨ ᠢ ᠲᠦᠪᠯᠡᠷᠡᠬᠦᠯᠬᠦ᠂ ᠰᠣᠶᠣᠯ ᠤᠨ ᠬᠥᠭᠵᠢᠯᠲᠡ ᠥᠭᠡᠷᠡᠴᠢᠯᠡᠯᠲᠡ ᠰᠢᠨᠡᠴᠢᠯᠡᠯᠳᠡ᠂ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠬᠢᠵᠢᠭᠦᠯᠦᠨ ᠥᠷᠭᠡᠳᠬᠡᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ︽ᠤᠷᠠᠳ ᠤᠨ ᠳᠤᠮᠳᠠᠳᠤ ᠬᠤᠰᠢᠭᠤᠨ ᠤ ᠦᠯᠢᠭᠡᠷ︾ ᠢ ᠰᠠᠶᠢᠲᠤᠷ ᠶᠠᠷᠢᠵᠤ᠂ ︽ᠤᠷᠠᠳ ᠤᠨ ᠳᠤᠮᠳᠠᠳᠤ ᠬᠤᠰᠢᠭᠤᠨ ᠤ ᠲᠠᠭᠤᠨ︾ ᠢ ᠰᠠᠶᠢᠲᠤᠷ ᠤᠯᠠᠮᠵᠢᠯᠠᠵᠤ᠂ ︽ᠤᠷᠠᠳ ᠤᠨ ᠳᠤᠮᠳᠠᠳᠤ ᠬᠤᠰᠢᠭᠤᠨ ᠤ ᠴᠤᠭ ᠵᠢᠪᠬᠤᠭ᠎ᠠ︾ ᠶᠢ ᠰᠠᠶᠢᠲᠤᠷ ᠢᠯᠡᠷᠡᠭᠦᠯᠦᠨ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠳᠤᠲᠠᠭᠤᠳᠠᠯ ᠢ ᠨᠥᠬᠦᠪᠦᠷᠢᠯᠡᠨ᠂ ᠪᠠᠭᠤᠷᠠᠢ ᠲᠠᠯ᠎ᠠ ᠪᠠᠨ ᠬᠦᠴᠦᠷᠭᠡᠭᠵᠢᠬᠦᠯᠵᠤ᠂ ᠳᠡᠭᠡᠭᠰᠢᠯᠡᠯᠲᠡ ᠶᠢ ᠠᠬᠢᠭᠤᠯᠵᠤ᠂ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠡᠭᠦᠰ ᠠᠮᠵᠢᠯᠲᠠ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ ᠵᠠᠷᠴᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠷᠢᠯᠴᠠᠨ ᠨᠡᠪᠲᠡᠷᠡᠯᠴᠡᠬᠦ᠂ ᠬᠥᠨᠳᠡᠯᠡᠨ ᠢᠶᠠᠷ ᠬᠤᠯᠪᠣᠭᠠᠯᠠᠬᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠶᠡᠭᠡ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠠᠳ ᠤᠨ ᠳᠤᠮᠳᠠᠳᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠷᠬᠡᠭ ᠶᠡᠭᠡ ᠤᠶᠤᠨ ᠰᠠᠨᠠᠭᠠᠨ ᠤ ᠲᠦᠯᠬᠢᠴᠡ ᠬᠦᠴᠦᠨ᠂ ᠦᠷᠳᠡᠭ ᠤᠨ ᠬᠥᠲᠥᠯᠥᠨ ᠳᠠᠭᠠᠭᠤᠯᠬᠤ ᠬᠦᠴᠦᠨ᠂ ᠰᠣᠶᠣᠯ ᠤᠨ ᠨᠢᠭᠲᠠᠷᠠᠯ ᠤᠨ ᠬᠦᠴᠦᠨ ᠢ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠭᠰᠠᠨ ᠪᠠᠶᠢᠨ᠎ᠠ᠃       ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠴᠦᠨ ᠮᠧᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ 2024 ᠣᠨ ᠳᠤ ᠪᠦᠭᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭ᠎ᠠ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠵᠢᠭᠰᠠᠭᠠᠯ ᠢ ᠲᠠᠰᠤᠷᠠᠯᠲᠠ ᠦᠭᠡᠢ ᠴᠢᠩᠭᠠᠳᠬᠠᠨ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠪᠣᠯᠪᠠᠰᠤᠨ ᠬᠤᠲᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠮᠠᠨ ᠤ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠪᠦᠭᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠨᠥᠬᠦᠳ ᠨᠠᠮ ᠤᠨ ᠤᠯᠤᠰ ᠲᠦᠷᠤ ᠶᠢᠨ ᠰᠠᠬᠢᠯᠭ᠎ᠠ ᠪᠠᠲᠤ ᠪᠠ ᠤᠯᠤᠰ ᠲᠦᠷᠤ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠤᠨ ᠰᠤᠷᠲᠠᠯ ᠤᠬᠠᠭᠤᠯᠭ᠎ᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠢᠮᠠᠭᠲᠠ ᠤᠯᠤᠰ ᠲᠦᠷᠤ ᠶᠢᠨ ᠲᠠᠯ᠎ᠠ ᠶᠢᠨ ᠮᠡᠷᠭᠡᠨ ᠬᠥᠮᠥᠨ᠂ ᠦᠨᠡᠨᠴᠢ ᠰᠢᠳᠤᠷᠭᠤ ᠬᠥᠮᠥᠨ ᠪᠣᠯᠬᠤ ᠬᠡᠷᠡᠭᠲᠡᠢ᠃ ᠡᠷᠳᠡᠮ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠤᠨ ᠤᠳᠤᠷᠢᠳᠤᠮᠵᠢ ᠶᠢ ᠪᠠᠲᠤᠳᠬᠠᠵᠤ᠂ ᠶᠡᠭᠡ ᠦᠢᠯᠡᠳᠦᠯ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠤ ᠴᠢᠬᠤᠯᠠᠴᠢᠯᠠᠭᠰᠠᠨ ᠪᠠᠶᠢᠨ᠎ᠠ᠃᠃       ᠬᠤᠷᠠᠯ ᠳᠡᠭᠡᠷ᠎ᠡ᠂ ᠪᠠᠰᠠ 2023 ᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠡᠯ᠎ᠡ ᠲᠦᠷᠦᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠄ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠰᠢᠯᠢᠳᠡᠭ ᠵᠢᠱᠢᠶ᠎ᠡ ᠦᠵᠡᠭᠦᠯᠬᠦ ᠲᠦᠷᠦᠯ ᠵᠦᠢᠯ᠂ ᠰᠢᠯᠢᠳᠡᠭ ᠪᠦᠯᠬᠦᠮ᠂ ᠰᠢᠯᠢᠳᠡᠭ ᠵᠢᠱᠢᠶᠡᠴᠢ ᠵᠢᠴᠢ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠲᠡᠷᠢᠭᠦᠨ ᠤ ᠬᠠᠮᠲᠤ ᠨᠡᠶᠢᠳᠡ᠂ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ᠂ 2023 ᠣᠨ ᠤ ᠵᠠᠩ ᠳᠠᠳᠬᠠᠯ ᠢᠶᠠᠨ ᠥᠭᠡᠷᠡᠴᠢᠯᠡᠨ ᠪᠤᠯᠪᠠᠰᠤᠨ ᠢ ᠡᠷᠬᠢᠮᠯᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠰᠢᠯᠢᠳᠡᠭ ᠵᠣᠬᠢᠶᠠᠨ ᠪᠠᠶᠢᠭᠤᠯᠤᠯᠲᠠ᠂ 2023 ᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ ᠨᠡᠶᠢᠳᠡ ᠂ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃       ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠭᠤᠤ ᠵᠢᠶᠦ᠋ᠨ ᠱᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠧᠩ ᠰᠥᠩ ᠿᠤ᠋ ᠬᠤᠷᠠᠯ ᠳᠤ ᠣᠷᠣᠯᠴᠠᠵᠠᠢ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ