ᠣᠷᠠᠳ ᠤᠨ ᠳᠤᠮᠳᠠᠳᠤ ᠬᠤᠰᠢᠭᠤ ᠡᠨᠡ ᠵᠢᠯ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ 99 ᠲᠦᠮᠡᠨ ᠮᠦ ᠳᠤ ᠬᠦᠷᠭᠡᠬᠦ ᠪᠠᠷ ᠪᠣᠢ
ᠨᠡᠶᠢᠲᠡᠯᠡᠭᠰᠡᠨ ᠴᠠᠭ᠄
2024/3/29
      ᠡᠨᠡ ᠵᠢᠯ᠂ ᠤᠷᠠᠳ ᠤᠨ ᠳᠤᠮᠳᠠᠳᠤ ᠬᠤᠰᠢᠭᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ 99 ᠲᠦᠮᠡᠨ ᠮᠦ ᠠᠴᠠ ᠳᠡᠭᠡᠭᠰᠢ ᠪᠣᠯᠭᠠᠬᠤ ᠪᠠᠷ ᠲᠥᠯᠥᠪᠯᠡᠵᠦ ᠪᠣᠶ᠂ ᠡᠭᠦᠨ ᠳᠤ ᠪᠤᠭᠤᠳᠠᠢ ᠳᠠᠷᠢᠬᠤ ᠲᠠᠯᠠᠪᠠᠶ ᠶᠢ 15 ᠲᠦᠮᠡᠨ ᠮᠦ ︵ᠤᠰᠤᠯᠠᠯᠲᠠ ᠶᠢᠨ ᠣᠷᠣᠨ ᠳᠤ 9 ᠲᠦᠮᠡᠨ ᠮᠦ᠂ ᠠᠭᠤᠯᠠᠷᠬᠠᠭ ᠭᠠᠩᠳᠠᠩᠭᠤᠢ ᠣᠷᠣᠨ ᠳᠤ 6 ᠲᠦᠮᠡᠨ ᠮᠦ︶ ᠳᠠᠷᠢᠬᠤ ᠪᠠᠷ ᠲᠥᠯᠥᠪᠯᠡᠵᠦ ᠪᠣᠶ᠃       ᠠᠮᠤ ᠪᠤᠳᠠᠭᠠᠨ ᠤ ᠦᠢᠯᠡᠳᠪᠦᠷᠢᠯᠡᠯ ᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠣᠷᠠᠳ ᠤᠨ ᠳᠤᠮᠳᠠᠳᠤ ᠬᠤᠰᠢᠭᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠠᠵᠤ ᠠᠬᠤᠶᠢᠯᠠᠯ ᠢ ᠬᠦᠴᠦᠷᠬᠡᠭᠵᠢᠭᠦᠯᠵᠦ ᠬᠤᠷᠰᠢᠶᠠᠵᠢᠯ ᠢ ᠬᠦᠴᠦᠷᠬᠡᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ 2024 ᠣᠨ ᠤ ᠪᠤᠭᠤᠳᠠᠢ ᠶᠢᠨ ᠲᠠᠷᠢᠮᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠴᠢᠩᠭᠠᠳᠬᠠᠬᠤ ᠵᠢᠴᠢ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠵᠡᠷᠭᠡ ᠠᠷᠭ᠎ᠠ ᠬᠡᠮᠵᠢᠶ᠎ᠡ ᠶᠢ ᠲᠣᠭᠲᠠᠭᠠᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠡᠭᠡᠭᠰᠢᠯᠡᠭᠦᠯᠪᠡ᠃       ᠣᠷᠠᠳ ᠤᠨ ᠳᠤᠮᠳᠠᠳᠤ ᠬᠤᠰᠢᠭᠤ ᠲᠠᠯᠠᠪᠠᠶ ᠶᠢ ᠲᠣᠭᠲᠠᠪᠤᠷᠢᠵᠢᠭᠤᠯᠬᠤ᠂ ᠨᠢᠭᠡᠴᠢ ᠶᠢᠨ ᠤᠨᠠᠯᠲᠠ ᠶᠢ ᠲᠡᠭᠡᠭᠰᠢᠯᠡᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ 34.89 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 14᠂ ᠶᠡᠷᠦᠩᠬᠡᠶᠢᠯᠡᠭᠰᠡᠨ ᠴᠢᠨᠠᠷᠲᠠᠢ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ 1 ᠪᠠᠶᠢᠭᠤᠯᠵᠣ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠣᠭᠤᠷᠢᠭ ᠢ 10 ᠲᠦᠮᠡᠨ ᠮᠦ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠲᠣᠭᠤᠷᠢᠭ ᠢ 3.2 ᠲᠦᠮᠡᠨ ᠮᠦ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠣᠭᠤᠷᠢᠭ ᠢ 5 ᠲᠦᠮᠡᠨ ᠮᠦ ᠪᠠᠶᠢᠭᠤᠯᠵᠤ᠂ ᠣᠳᠣᠬᠠᠨ ᠳᠤ ᠨᠢᠭᠡᠨᠲᠡ ᠲᠠᠷᠢᠶᠠᠨ ᠭᠠᠵᠠᠷ ᠢ ᠪᠦᠬᠦᠨ ᠢ ᠨᠠᠶᠢᠳᠠᠪᠤᠷᠢᠵᠢᠭᠤᠯᠪᠠ᠃       ᠪᠥᠬᠦ ᠬᠤᠰᠢᠭᠤᠨ ᠤ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠰᠦᠯᠢᠶᠣᠣ ᠪᠦᠷᠬᠦᠪᠴᠢ᠂ ᠡᠯ᠎ᠡ ᠲᠥᠷᠥᠯ ᠤᠨ ᠦᠷ᠎ᠡ᠂ ᠲᠠᠷᠢᠶᠠᠯᠠᠩ ᠤᠨ ᠮᠠᠰᠢᠨ ᠪᠠᠭᠠᠵᠢ ᠵᠡᠷᠭᠡ ᠨᠢ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯᠲᠡᠨ ᠨᠢ ᠮᠠᠯᠵᠢᠬᠤ ᠲᠠᠷᠢᠶᠠᠯᠠᠬᠤ ᠡᠷᠦᠬᠡ ᠳᠤ ᠡᠯ᠎ᠡ ᠵᠦᠢᠯ ᠤᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠰᠢᠯᠢᠳᠡᠭ ᠡᠭᠦᠯᠳᠡᠷ ᠪᠠ ᠲᠠᠷᠢᠶᠠᠯᠠᠩ ᠤᠨ ᠲᠡᠷᠢᠭᠦᠨ ᠤ ᠮᠡᠷᠭᠡᠵᠢᠯ ᠢ ᠲᠥᠪᠯᠡᠷᠡᠭᠦᠯᠦᠨ ᠢᠵᠢ ᠪᠦᠷᠢᠳᠦᠭᠦᠯᠦᠨ ᠳᠡᠯᠭᠡᠷᠡᠭᠦᠯᠵᠦ᠂ ᠰᠠᠶᠢᠨ ᠲᠠᠷᠢᠶᠠᠨ ᠭᠠᠵᠠᠷ᠂ ᠰᠠᠶᠢᠨ ᠦᠷ᠎ᠡ᠂ ᠰᠠᠶᠢᠨ ᠠᠷᠭ᠎ᠠ᠂ ᠰᠠᠶᠢᠨ ᠲᠣᠬᠢᠶᠠᠯ᠂ ᠰᠠᠶᠢᠨ ᠳᠦᠷᠢᠮ ᠤᠨ ︽ᠲᠠᠪᠤᠨ ᠰᠠᠶᠢᠨ︾ ᠢ ᠣᠷᠭᠠᠨᠢᠭ ᠢᠶᠠᠷ ᠠᠭᠤᠰᠤᠯᠴᠠᠭᠤᠯᠬᠤ ᠶᠢ ᠲᠦᠯᠬᠢᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠨᠡᠮᠡᠭᠳᠡᠭᠦᠯᠬᠦ ᠶᠢ ᠪᠠᠲᠤᠯᠠᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ