ᠤᠷᠠᠳ ᠤᠨ ᠳᠤᠮᠳᠠᠳᠤ ᠬᠤᠰᠢᠭᠤ 2024 ᠣᠨ ᠤ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠵᠢᠴᠢ ᠮᠤᠨᠢ ᠠᠭᠤᠯᠠ ᠶᠢᠨ ᠠᠷᠤ ᠬᠤᠷᠮᠣᠶ  ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ  ᠵᠦᠢᠯ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2024/3/29
      ᠤᠷᠠᠤᠨ ᠤᠨ ᠲᠤᠮᠳᠠᠳᠤ ᠬᠤᠰᠢᠭᠤ ᠲᠣᠰ ᠲᠥᠷᠥᠯ  ᠵᠦᠢᠯ ᠢ ᠬᠤᠶᠠᠷ ᠬᠤᠭᠤᠴᠠᠭ᠎ᠠ ᠬᠤᠪᠢᠶᠠᠵᠤ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠳᠤ 800 ᠮᠥ ᠲᠣᠷᠤᠭ ᠮᠣᠳᠣ ᠣᠶᠢᠵᠢᠭᠤᠯᠬᠤ᠂ 17.7 ᠲᠦᠮᠡᠨ ᠮᠥ ᠬᠥᠮᠦᠨ ᠤ ᠬᠦᠴᠦ ᠪᠠᠷ ᠡᠪᠡᠰᠦ ᠳᠠᠷᠢᠬᠤ᠂ 1200 ᠮᠦ ᠪᠣᠳᠠ ᠮᠣᠳᠣᠨ ᠣᠢ ᠤᠶᠢᠵᠢᠭᠤᠯᠬᠤ᠂ 27.44 ᠲᠦᠮᠡᠨ  ᠮᠧᠲᠷ ᠢ ᠬᠠᠰᠢᠶᠠᠯᠠᠨ ᠪᠤᠶᠢᠵᠢᠭᠤᠯᠤᠨ᠎ᠠ᠃ ᠣᠳᠣᠬᠠᠨ ᠳᠤ᠂ ᠤᠩᠭᠤᠨ ᠪᠠᠯᠭᠠᠰᠤ ᠲᠦᠷᠦᠯ ᠵᠦᠢᠯ ᠤᠨ ᠲᠣᠭᠤᠷᠢᠭ ᠢᠶᠠᠨ ᠨᠢᠭᠡᠨᠲᠡ 4000  ᠮᠧᠲᠷ ᠪᠢᠲᠡᠭᠦᠮᠵᠢᠯᠡᠪᠡ᠃       ᠬᠤᠶᠠᠳᠤᠭᠠᠷ ᠬᠤᠭᠤᠴᠠᠭᠠᠨ ᠤ ᠢᠨᠵᠧᠨᠧᠷᠢᠩ ᠳᠤ ᠬᠥᠮᠦᠨ ᠤ ᠬᠦᠴᠦ ᠪᠠᠷ 0.15 ᠲᠦᠮᠡᠨ ᠮᠤ᠋ ᠪᠤᠳᠠᠯᠢᠭ ᠮᠣᠳᠣᠨ ᠤ ᠣᠶ ᠶᠢ ᠤᠶᠢᠵᠢᠭᠤᠯᠬᠤ᠂ ᠲᠠᠴᠢᠷᠳᠠᠭᠰᠠᠨ ᠣᠶ ᠶᠢ 1 ᠲᠦᠮᠡᠨ ᠮᠥ ᠰᠡᠷᠭᠦᠭᠡᠬᠦ᠂ 33.18 ᠲᠦᠮᠡᠨ  ᠮᠧᠲᠷ ᠪᠡᠯᠴᠢᠭᠡᠷ ᠢ ᠬᠠᠰᠢᠶᠠᠯᠠᠨ ᠪᠤᠶᠢᠵᠢᠭᠤᠯᠬᠤ᠂ ᠬᠥᠮᠦᠨ ᠤ ᠬᠦᠴᠦ ᠪᠠᠷ 17.11 ᠲᠦᠮᠡᠨ ᠮᠥ ᠡᠪᠡᠰᠦ ᠳᠠᠷᠢᠬᠤ ᠪᠤᠯᠤᠨ᠎ᠠ᠃ ᠣᠳᠣᠬᠠᠨ ᠳᠤ᠂ ᠭᠠᠳᠠᠷ ᠲᠠᠯ᠎ᠠ ᠶᠢᠨ ᠠᠵᠢᠯ ᠤᠨ ᠵᠢᠷᠤᠭ ᠲᠥᠯᠥᠪᠯᠡᠭᠡ ᠶᠢ ᠨᠢᠭᠡᠨᠲᠡ ᠳᠠᠭᠤᠰᠬᠠᠵᠤ᠂ ᠶᠠᠭ ᠠᠵᠢᠯ ᠤᠨ ᠵᠢᠷᠤᠭ ᠲᠥᠯᠥᠪᠯᠡᠭᠡ ᠬᠢᠵᠦ ᠪᠠᠶᠢᠨ᠎ᠠ᠃ ᠲᠥᠷᠥᠯ  ᠵᠦᠢᠯ ᠳᠤ ︽ᠠᠵᠢᠯ ᠤᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠮᠠᠯᠴᠢᠨ ᠲᠠᠷᠢᠶᠠᠴᠢᠤᠨ ᠢᠳᠡᠪᠬᠢᠳᠡᠢ ᠣᠷᠣᠯᠴᠠᠬᠤ ᠲᠣᠭᠲᠠᠴᠠ ᠶᠢ ᠬᠡᠷᠡᠭᠯᠡᠵᠦ᠂ ᠮᠠᠯᠴᠢᠨ ᠲᠠᠷᠢᠶᠠᠴᠢᠤᠨ ᠤᠨ ᠣᠷᠣᠯᠭ᠎ᠠ ᠶᠢ ᠵᠡᠷᠭᠡ ᠳᠤᠨᠢ ᠳᠡᠭᠡᠭᠰᠢᠯᠡᠭᠦᠯᠦᠨ᠎ᠡ᠃       ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠤᠷᠠᠳ ᠤᠨ ᠳᠤᠮᠳᠠᠳᠤ ᠬᠤᠰᠢᠭᠤᠨ ᠤ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠨᠤᠷᠮ᠎ᠠ 2.16% ᠪᠠᠷ ᠨᠡᠮᠡᠭᠳᠡᠵᠦ᠂ ᠭᠠᠵᠠᠷ ᠰᠢᠷᠣᠢ  ᠶᠢᠨ ᠴᠦᠯᠯᠡᠷᠭᠡᠭᠵᠢᠯ ᠪᠠ ᠡᠯᠡᠰᠦᠷᠬᠡᠭᠵᠢᠯ ᠢ ᠰᠡᠷᠭᠡᠶᠢᠯᠡᠬᠦ ᠳᠤ ᠠᠰᠢᠭᠲᠠᠢ ᠪᠣᠯᠤᠨ᠎ᠠ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ