ᠤᠷᠠᠳ ᠤᠨ ᠳᠤᠮᠳᠠᠳᠤ ᠬᠤᠰᠢᠭᠤ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠦ ᠬᠥᠭᠵᠢᠯᠲᠡ ᠶᠢᠨ ᠣᠶᠢᠯᠠᠭᠠᠭᠳᠠᠬᠤᠨ ᠢ  ᠦᠢᠯᠡᠳᠦᠯᠭᠡᠵᠢᠭᠦᠯᠵᠦ  ᠪᠤᠢ
ᠨᠡᠶᠢᠲᠡᠯᠡᠭᠰᠡᠨ ᠴᠠᠭ᠄
2024/3/29
      2024 ᠣᠨ ᠳᠤ᠂ ᠤᠷᠠᠳ ᠤᠨ ᠳᠤᠮᠳᠠᠳᠤ ᠬᠤᠰᠢᠭᠤ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠦᠷᠭᠦᠯᠵᠢᠯᠡᠨ ᠠᠬᠢᠭᠤᠯᠵᠦ ᠪᠤᠢ᠃       ᠨᠢᠭᠡ ᠳᠤ᠂ ᠪᠣᠬᠢᠷᠲᠤᠯ ᠦᠭᠡᠢ ᠦᠢᠯᠡᠳᠬᠦ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ ᠪᠠᠶᠢᠭᠤᠯᠵᠦ ᠪᠠᠶᠢᠨ᠎ᠠ᠃ 2024 ᠣᠨ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ 1᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ 1 ᠶᠢ ᠰᠢᠨ᠎ᠡ ᠪᠠᠷ ᠪᠤᠶᠢᠵᠢᠭᠤᠯᠬᠤ ᠪᠠᠷ ᠴᠢᠷᠮᠠᠶᠢᠨ᠎ᠠ ᠃ ᠣᠳᠣᠬᠠᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ  ᠦᠢᠯᠡᠳᠪᠦᠷᠢ ᠶᠢ 1 ᠡᠭᠦᠳᠦᠨ ᠪᠠᠶᠢᠭᠤᠯᠪᠠ᠃       ᠬᠤᠶᠠᠷ ᠲᠤ᠂ ᠠᠵᠤ  ᠦᠢᠯᠡᠳᠪᠦᠷᠢ ᠶᠢᠨ ᠨᠡᠭᠦᠷᠡᠰᠦᠲᠥ᠋ᠷᠥᠭᠴᠢ ᠪᠠᠭᠠᠰᠬᠠᠬᠤ ᠶᠢ ᠢᠳᠡᠪᠬᠢᠲᠡᠢ ᠠᠬᠢᠭᠤᠯᠵᠦ ᠪᠠᠶᠢᠨ᠎ᠠ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 2 ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠵᠢᠱᠢᠯᠲᠡ ᠪᠠᠷ ᠡᠨᠧᠷᠭᠢ ᠠᠷᠪᠢᠯᠠᠬᠤ ᠬᠡᠮᠵᠢᠶ᠎ᠡ 1.34 ᠲᠦᠮᠡᠨ ᠲᠣᠨ ᠪᠣᠯᠤᠨ᠎ᠠ᠃ 2023 ᠣᠨ ᠳᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 2 ᠲᠥᠷᠥᠯ ᠵᠦᠢᠯ ᠢ ᠬᠡᠷᠡᠭᠵᠢᠭᠦᠯᠦᠭᠰᠡᠨ ᠪᠥᠭᠡᠳ ᠪᠡᠶᠡᠯᠡᠭᠦᠯᠵᠦ᠂ ᠡᠨᠧᠷᠭᠢ ᠠᠷᠪᠢᠯᠠᠭᠰᠠᠨ ᠬᠡᠮᠵᠢᠶ᠎ᠡ ᠨᠢ 2.5 ᠲᠦᠮᠡᠨ ᠲᠣᠨ ᠳᠤ ᠬᠦᠷᠴᠡᠶ᠃       ᠭᠤᠷᠪᠠ ᠳᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ ᠪᠤᠢ᠃ ᠡᠨᠧᠷᠭᠢ ᠠᠷᠪᠢᠯᠠᠬᠤ  ᠶᠢ ᠣᠨᠣᠰᠢᠯᠠᠬᠤ ᠦᠢᠯᠡᠴᠢᠯᠡᠭᠡ ᠪᠠ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ 3 ᠠᠵᠤ ᠠᠬᠤᠶᠢᠯᠠᠯ ᠢ ᠣᠨᠣᠰᠢᠯᠠᠬᠤ  ᠪᠠᠷ ᠲᠥᠯᠥᠪᠯᠡᠵᠦ ᠪᠠᠶᠢᠨ᠎ᠠ᠃ 2023 ᠣᠨ ᠳᠤ᠂ 5 ᠭᠤᠤᠯᠳᠠᠯᠭ᠎ᠠ ᠲᠠᠢ ᠠᠵᠤ ᠠᠬᠤᠶᠢᠯᠠᠯ ᠳᠤ ᠡᠨᠧᠷᠭᠢ ᠠᠷᠪᠢᠯᠠᠬᠤ ᠣᠨᠣᠰᠢᠯᠠᠯᠲᠠ ᠶᠢᠨ  ᠦᠢᠯᠡᠴᠢᠯᠡᠭᠡ ᠥᠷᠨᠢᠭᠦᠯᠵᠦ᠂ 3 ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠳᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠬᠢᠪᠠ᠃       ᠳᠥᠷᠪᠡ ᠳᠤ᠂ ᠪᠣᠬᠢᠷᠲᠤᠯ ᠥᠬᠡᠶ ᠬᠥᠭᠵᠢᠯᠲᠡ ᠶᠢ ᠦᠷᠭᠦᠯᠵᠢᠯᠡᠨ ᠠᠬᠢᠭᠤᠯᠵᠦ ᠪᠤᠢ᠃ 2024 ᠣᠨ ᠳᠤ᠂ 9 ᠡᠷᠤᠭᠡ ᠠᠵᠤ  ᠦᠢᠯᠡᠳᠪᠦᠷᠢ ᠶᠢᠨ ᠠᠵᠤ ᠠᠬᠤᠶᠢᠯᠠᠯ ᠳᠤ ᠪᠣᠬᠢᠷᠲᠤᠯ ᠥᠬᠡᠶ ᠪᠣᠯᠭᠠᠬᠤ ᠬᠢᠨᠠᠨ ᠰᠢᠯᠭᠠᠯᠲᠠ ᠶᠢ ᠥᠷᠨᠢᠭᠦᠯᠵᠦ᠂ ᠵᠢᠯ ᠤᠨ ᠡᠴᠦᠰ ᠲᠤ 9 ᠡᠷᠤᠭᠡ ᠠᠵᠤ ᠠᠬᠤᠶᠢᠯᠠᠯ ᠤᠨ ︽ᠭᠤᠷᠪᠠᠨ  ᠭᠦᠢᠴᠡᠳᠬᠡᠯ ᠲᠤᠭ᠎ᠠ︾᠂ ︽ᠳᠥᠷᠪᠡᠨ ᠰᠢᠰᠲ᠋ᠧᠮ︾ ᠤᠨ ᠪᠣᠬᠢᠷᠲᠤᠯ ᠥᠬᠡᠶ ᠪᠠᠷᠢᠮᠵᠢᠶ᠎ᠠ ᠳᠤ ᠬᠦᠷᠬᠡᠬᠦ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠳᠣᠬᠠᠨ ᠪᠣᠯᠲᠠᠯ᠎ᠠ ᠂ 10 ᠠᠵᠤ ᠠᠬᠤᠶᠢᠯᠠᠯ ᠳᠤ ᠪᠣᠬᠢᠷᠲᠤᠯ ᠥᠬᠡᠶ ᠬᠢᠨᠠᠨ ᠰᠢᠯᠭᠠᠯᠲᠠ ᠬᠢᠵᠦ᠂ ᠠᠵᠤ ᠠᠬᠤᠶᠢᠯᠠᠯ ᠤᠨ ︽ᠭᠤᠷᠪᠠᠨ  ᠭᠦᠢᠴᠡᠳᠬᠡᠯ ᠲᠤᠭ᠎ᠠ︾᠂ ︽ᠳᠥᠷᠪᠡᠨ ᠰᠢᠰᠲ᠋ᠧᠮ︾  ᠢ ᠪᠦᠬᠦᠨ ᠢ ᠪᠣᠬᠢᠷᠲᠤᠯ ᠥᠬᠡᠶ ᠪᠠᠷ ᠪᠠᠷᠢᠮᠵᠢᠶ᠎ᠠ ᠳᠤ ᠬᠦᠷᠭᠡᠨ᠂ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠪᠦᠬᠦᠨ ᠢ ᠪᠣᠬᠢᠷᠲᠤᠯ ᠥᠬᠡᠶ ᠪᠠᠷᠢᠮᠵᠢᠶ᠎ᠠ ᠳᠤ ᠨᠡᠶᠢᠴᠡᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠤᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ