ᠤᠷᠠᠳ ᠤᠨ ᠳᠤᠮᠳᠠᠳᠤ ᠬᠤᠰᠢᠭᠤ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠲᠠᠷᠢᠶᠠᠯᠠᠩ ᠤᠨ ᠤᠶᠢᠯᠡᠤᠨᠪᠦᠷᠢᠯᠡᠯ ᠤᠨ ᠬᠡᠷᠡᠭᠰᠡᠯ ᠢᠶᠠᠨ ᠤᠷᠢᠤᠨᠴᠢᠯᠠᠨ ᠪᠡᠯᠡᠳᠬᠡᠵᠦ ᠪᠤᠢ
ᠨᠡᠶᠢᠲᠡᠯᠡᠭᠰᠡᠨ ᠴᠠᠭ᠄
2024/3/29
      ᠤᠷᠠᠳ ᠤᠨ ᠳᠤᠮᠳᠠᠳᠤ ᠬᠤᠰᠢᠭᠤ ᠡᠷᠲᠡᠬᠡᠨ ᠲᠥᠯᠥᠪᠵᠢᠭᠦᠯᠤᠨ᠂ ᠡᠷᠲᠡᠬᠡᠨ ᠪᠠᠶᠢᠷᠢᠯᠠᠭᠤᠯᠵᠤ᠂ ᠲᠠᠷᠢᠶᠠᠯᠠᠩ ᠤᠨ ᠤᠶᠢᠯᠡᠤᠨᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠬᠠᠩᠭᠠᠯᠭ᠎ᠠ ᠶᠢᠨ ᠠᠵᠢᠯ ᠢᠶᠠᠨ ᠰᠠᠶᠢᠲᠤᠷ ᠬᠢᠵᠦ᠂ ᠲᠠᠷᠢᠶᠠᠯᠠᠩ ᠤᠨ ᠤᠶᠢᠯᠡᠤᠨᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠶᠡᠭᠡ ᠪᠠᠶᠢᠴᠠᠭᠠᠯᠲᠠ  ᠶᠢ ᠥᠷᠨᠢᠭᠦᠯᠵᠦ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ  ᠦᠢᠯᠡᠳᠪᠦᠷᠢᠯᠡᠯ ᠳᠤ ᠬᠦᠴᠦᠲᠡᠶ ᠪᠠᠲᠤᠯᠠᠭ᠎ᠠ ᠬᠠᠩᠭᠠᠵᠦ ᠪᠤᠢ᠃       2024 ᠣᠨ ᠳᠤ᠂ ᠤᠷᠠᠳ ᠤᠨ ᠳᠤᠮᠳᠠᠳᠤ ᠬᠤᠰᠢᠭᠤ ᠬᠠᠪᠤᠷ ᠤᠨ ᠲᠠᠷᠢᠶᠠᠯᠠᠭ᠎ᠠ ᠳᠤ ᠪᠣᠭᠤᠳᠠᠶ᠂ ᠡᠷᠳᠡᠨᠢ ᠰᠢᠰᠢ᠂ ᠨᠡᠷᠡᠨ ᠬᠤᠸᠠᠷ ᠤᠨ ᠦᠷ᠎ᠡ ᠨᠡᠶᠢᠳᠡ 797 ᠲᠦᠮᠡᠨ ᠵᠢᠩ ᠬᠡᠷᠡᠭᠰᠡᠵᠦ᠂ ᠤᠳᠤᠬᠠᠨ ᠪᠣᠯᠲᠠᠯ᠎ᠠ᠂ ᠪᠣᠭᠤᠳᠠᠶ᠂ ᠡᠷᠳᠡᠨᠢ ᠰᠢᠰᠢ᠂ ᠨᠡᠷᠡᠨ ᠬᠤᠸᠠᠷ ᠤᠨ ᠦᠷ᠎ᠡ ᠶᠢ ᠨᠢᠭᠡᠨᠲᠡ 664.9 ᠲᠦᠮᠡᠨ ᠵᠢᠩ ᠨᠥᠭᠡᠴᠡᠯᠡᠭᠰᠡᠨ ᠪᠠᠶᠢᠨ᠎ᠠ᠃ ᠬᠢᠮᠢ ᠶᠢᠨ ᠪᠣᠷᠳᠣᠭᠤᠷ ᠢ 4.59 ᠲᠦᠮᠡᠨ ᠲᠣᠨ᠂ ᠰᠦᠯᠢᠶᠣᠣ ᠪᠦᠷᠬᠦᠪᠴᠢ ᠶᠢ 3440 ᠲᠣᠨ ᠨᠥᠭᠡᠴᠡᠯᠠᠪᠠ᠃ ᠤᠳᠤᠬᠠᠨ ᠳᠤ 30 ᠮᠣᠷᠢᠨ ᠬᠦᠴᠦ  ᠠᠴᠠ ᠳᠡᠭᠡᠭᠰᠢᠬᠢ ᠲᠷᠠᠺᠲ᠋ᠣᠷ 17070 ᠰᠠᠤᠷᠢ ᠪᠠᠶᠢᠵᠦ᠂ ᠡᠯ᠎ᠡ ᠲᠥᠷᠥᠯ ᠤᠨ ᠲᠠᠷᠢᠶᠠᠨ ᠭᠠᠵᠠᠷ ᠲᠡᠭᠰᠢᠯᠡᠬᠦ ᠮᠠᠰᠢᠨ 25667 ᠰᠠᠣᠷᠢ ᠪᠠᠶᠢᠵᠦ᠂ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶᠢᠨ ᠲᠠᠷᠢᠶᠠᠯᠠᠩ ᠤᠨ ᠮᠠᠰᠢᠨ ᠤ ᠠᠦ᠋ᠲ᠋ᠣ᠋ ᠵᠢᠯᠣᠭᠤᠳᠬᠤ ᠲᠥᠬᠦᠭᠡᠷᠦᠮᠵᠢ 335 ᠰᠠᠤᠷᠢ ᠪᠠᠶᠢᠵᠤ᠂ ᠨᠢᠭᠡᠨᠲᠡ 9.26 ᠳ᠋ᠦᠩᠰᠢᠭᠤᠷ ᠲᠥᠭᠦᠷᠢᠭ ᠤᠨ ᠲᠠᠷᠢᠶᠠᠯᠠᠩ ᠢ ᠳᠡᠮᠵᠢᠬᠦ ᠵᠢᠭᠡᠯᠡᠯᠭᠡ ᠲᠠᠷᠬᠠᠭᠠᠭᠰᠠᠨ ᠪᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ