ᠤᠷᠠᠳ ᠤᠨ ᠳᠤᠮᠳᠠᠳᠤ ᠬᠤᠰᠢᠭᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠬᠠᠰᠢᠶᠠᠯᠠᠨ ᠪᠤᠶᠢᠵᠢᠭᠤᠯᠬᠤ ᠲᠥᠷᠥᠯ ᠵᠦᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 21 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭᠠᠨ ᠤ ᠬᠠᠰᠢᠶᠠᠯᠠᠨ ᠪᠤᠶᠢᠵᠢᠭᠤᠯᠬᠤ ᠲᠥᠷᠥᠯ ᠵᠦᠢᠯ ᠴᠤᠩᠵᠢ ᠰᠤᠮᠤᠨ ᠤ ᠪᠠᠶ᠋ᠬᠠᠨ᠋ᠤᠤᠨᠳᠤᠭ ᠭᠠᠴᠠᠭ᠎ᠠ᠂ ᠰᠢᠨᠡᠬᠥ᠋ᠷᠢᠶ᠎ᠡ ᠰᠤᠮᠤᠨ ᠤ ᠴᠠᠭᠠᠬᠤᠪᠤᠭ᠎ᠠ ᠭᠠᠴᠠᠭ᠎ᠠ ᠳᠤ ᠵᠢᠩᠬᠢᠨᠢ ᠪᠠᠷ ᠡᠬᠢᠯᠡᠪᠡ᠃       ᠨᠢᠭᠡᠳᠦᠭᠡᠷ ᠬᠤᠭᠤᠴᠠᠭᠠᠨ ᠤ ᠢᠨᠵᠧᠨᠧᠷᠢᠩ ᠳᠤ ᠴᠤᠩᠵᠢ ᠰᠤᠮᠤ᠂ ᠰᠢᠨᠡᠬᠥ᠋ᠷᠢᠶ᠎ᠡ ᠰᠤᠮᠤᠨ ᠳᠤ ᠨᠡᠶᠢᠳᠡ 95 ᠲᠦᠮᠡᠨ ᠲᠥᠭᠦᠷᠢᠭ ᠤᠨ ᠲᠦᠷᠦᠯ ᠵᠦᠢᠯ ᠤᠨ ᠪᠡᠯᠡ ᠣᠷᠣᠭᠤᠯᠵᠤ᠂ 7 ᠮᠠᠯᠴᠢᠨ ᠡᠷᠦᠬᠡ ᠠᠰᠢᠭ ᠬᠦᠷᠳᠡᠭᠰᠡᠨ ᠪᠠᠶᠢᠨ᠎ᠠ᠃ ᠴᠤᠩᠵᠢ ᠰᠤᠮᠤᠨ ᠤ ᠬᠠᠰᠢᠶᠠᠯᠠᠨ ᠪᠤᠶᠢᠵᠢᠭᠤᠯᠬᠤ ᠲᠤᠤᠷ ᠱᠤᠭᠤᠮ ᠤᠨ ᠪᠦᠬᠦ ᠤᠷᠲᠤ ᠨᠢ 19467.5  ᠮᠧᠲᠷ ᠪᠠᠶᠢᠵᠦ᠂ ᠰᠢᠨᠡᠬᠥ᠋ᠷᠢᠶ᠎ᠡ ᠰᠤᠮᠤᠨ ᠤ ᠬᠠᠰᠢᠶᠠᠯᠠᠨ ᠪᠤᠶᠢᠵᠢᠭᠤᠯᠬᠤ ᠲᠤᠤᠷ ᠱᠤᠭᠤᠮ ᠤᠨ ᠪᠦᠬᠦ ᠤᠷᠲᠤ ᠨᠢ 28740 ᠮᠧᠲᠷ  ᠪᠤᠯᠤᠨ᠎ᠠ᠃ ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠨᠢ ᠮᠠᠯᠴᠢᠳ ᠤᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠢᠶᠠᠷᠤᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠤᠨᠬᠠᠵᠦ᠂ ᠨᠤᠲᠤᠭ ᠪᠡᠯᠴᠢᠭᠡᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠵᠤ᠂ ᠠᠮᠢ ᠠᠬᠤᠶ ᠶᠢᠨ ᠰᠢᠰᠲ᠋ᠧᠮ ᠤᠨ  ᠦᠢᠯᠡᠴᠢᠯᠡᠭᠡᠨ ᠤ ᠴᠢᠳᠠᠮᠵᠢ  ᠶᠢ ᠳᠡᠭᠡᠭᠰᠢᠯᠡᠭᠦᠯᠤᠨ᠂ ᠲᠥᠷᠥᠯ ᠵᠦᠢᠯ ᠤᠨ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠵᠢᠱᠢᠯᠲᠡ ᠪᠠᠷ 2.16% ᠨᠡᠮᠡᠭᠳᠡᠭᠦᠯᠬᠦ ᠪᠣᠯᠤᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ