ᠤᠷᠠᠳ ᠤᠨ ᠬᠤᠶᠢᠳᠤ ᠬᠤᠰᠢᠭᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠤᠷᠠᠳ ᠤᠨ ᠬᠤᠶᠢᠲᠤ ᠬᠤᠰᠢᠭᠤᠨ ᠤ 2024 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠤᠨ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠸᠠᠩ ᠶᠢᠨ ᠪᠦᠦ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠬᠤᠰᠢᠭᠤᠨ ᠤ ᠨᠠᠮ ᠤᠨ ᠬᠤᠷᠢᠶ᠎ᠠ ᠪᠠ ᠬᠤᠰᠢᠭᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ︽ᠰᠠᠶᠢᠨ ᠡᠬᠢᠯᠡᠯᠲᠡ ᠲᠠᠢ︾ ᠪᠠᠶᠢᠬᠤ ᠶᠢ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠳᠤ ᠲᠠᠯᠪᠢᠵᠤ ᠴᠢᠩᠭ᠎ᠠ ᠠᠳᠬᠤᠨ ᠪᠣᠳᠠᠲᠠᠢ ᠠᠳᠬᠤᠵᠤ᠂ ᠬᠠᠷᠢᠭᠤᠴᠠᠯᠭᠠᠲᠤ ᠰᠡᠳᠬᠢᠯᠭᠡ ᠪᠠ ᠲᠦᠭᠰᠢᠭᠦᠷᠢᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ᠂ ᠰᠤᠳᠤᠯᠤᠨ ᠮᠠᠭᠠᠳᠯᠠᠯᠲᠠ᠂ ᠬᠢᠨᠠᠨ ᠬᠡᠮᠵᠢᠯᠲᠡ ᠪᠠ ᠲᠣᠬᠢᠷᠠᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠲᠡᠮᠡᠴᠡᠵᠦ᠂ ᠪᠦᠲᠦᠭᠡᠨ ᠪᠠᠶᠢᠭᠤᠯᠤᠯᠲᠠ ᠬᠢᠵᠦ᠂ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠠᠵᠢᠯᠯᠠᠬᠤ ᠠᠷᠭ᠎ᠠ ᠶᠢ ᠡᠷᠬᠢᠮᠯᠡᠵᠦ᠂ ᠡᠳᠦᠷ ᠢᠶᠠᠷ ᠬᠢᠨᠠᠨ ᠬᠡᠮᠵᠢᠬᠦ᠂ ᠭᠠᠷᠠᠭ ᠢᠶᠠᠷ ᠲᠣᠬᠢᠷᠠᠭᠤᠯᠬᠤ᠂ ᠠᠷᠪᠠᠨ ᠡᠳᠦᠷ ᠢᠶᠠᠷ ᠵᠠᠳᠠᠯᠤᠨ ᠰᠢᠨᠵᠢᠯᠡᠬᠦ᠂ ᠰᠠᠷ᠎ᠠ ᠪᠠᠷ ᠲᠣᠭᠠᠯᠠᠨ ᠪᠦᠷᠢᠳᠬᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠪᠦᠷᠢᠳᠬᠡᠬᠦ ᠶᠢ ᠪᠡᠶᠡᠯᠡᠭᠦᠯᠬᠦ ᠬᠡᠷᠡᠭᠲᠡᠢ᠃ ᠲᠥᠷᠥᠯ ᠵᠦᠢᠯ ᠤᠨ ᠪᠠᠶᠢᠳᠠᠯ ᠢ ᠬᠢᠨᠠᠮᠠᠭᠠᠢ ᠡᠮᠬᠢᠯᠡᠨ ᠳᠢᠭᠯᠡᠵᠦ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠠᠳᠠᠭᠠᠯᠠᠯᠲᠠ ᠶᠢᠨ ᠬᠡᠮᠵᠢᠶ᠎ᠡ ᠶᠢ ᠠᠭᠤᠳᠠᠯᠵᠤ᠂ ᠨᠡᠮᠡᠭᠳᠡᠯ ᠤᠨ ᠬᠡᠮᠵᠢᠶ᠎ᠡ ᠶᠢ ᠠᠳᠬᠤᠨ᠂ ᠶᠡᠷᠦᠩᠬᠡᠢ ᠬᠡᠮᠵᠢᠶ᠎ᠡ ᠶᠢ ᠥᠷᠭᠡᠳᠬᠡᠵᠦ᠂ ᠳᠤᠲᠠᠭᠤᠳᠠᠯ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ ᠳᠠᠬᠢᠨ ᠪᠣᠭᠤᠮᠲᠠ ᠰᠢᠪᠲᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠠᠵᠢᠯ ᠲᠥᠷᠥᠯ ᠢᠶᠠᠷ ᠲᠣᠬᠢᠷᠠᠭᠤᠯᠬᠤ᠂ ᠬᠠᠷᠢᠶ᠎ᠠ ᠭᠠᠵᠠᠷ ᠢᠶᠠᠷ ᠲᠣᠬᠢᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ