ᠤᠷᠠᠳ ᠤᠨ ᠬᠤᠶᠢᠳᠤ ᠬᠤᠰᠢᠭᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠢᠨ᠎ᠡ ᠳᠦᠷᠰᠦ ᠪᠠᠶᠢᠳᠠᠯ ᠢ ᠴᠤᠬᠴᠠᠯᠠᠨ᠎ᠠ
ᠨᠡᠶᠢᠲᠡᠯᠡᠭᠰᠡᠨ ᠴᠠᠭ᠄
2024/3/29
      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠨᠢᠭᠡ ᠲᠠᠯ᠎ᠠ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠨᠢᠭᠡ ᠲᠠᠯ᠎ᠠ ᠨᠢ ᠬᠥᠭᠵᠢᠯᠲᠡ ᠲᠠᠢ ᠬᠤᠯᠪᠣᠭᠳᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃      ᠣᠶᠢᠷ᠎ᠠ ᠶᠢᠨ ᠵᠢᠯ ᠳᠤ᠂ ᠤᠷᠠᠳ ᠤᠨ ᠬᠤᠶᠢᠲᠤ ᠬᠤᠰᠢᠭᠤᠨ ᠤ ᠬᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠠᠴᠠ ᠡᠭᠦᠰᠴᠦ᠂ ᠠᠷᠠᠳ ᠣᠯᠠᠨ ᠤ ᠬᠡᠷᠡᠭᠴᠡᠭᠡ ᠠᠴᠠ ᠡᠭᠦᠰᠴᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠬᠤᠪᠢᠷᠠᠯᠲᠠ ᠶᠢ ︽ᠣᠯᠵᠤ ᠬᠠᠷᠠᠬᠤ︾᠂ ᠵᠣᠯ ᠵᠢᠷᠭᠠᠯ ᠢ ︽ᠣᠯᠵᠤ ᠬᠠᠷᠠᠬᠤ︾ ᠪᠣᠯᠭᠠᠵᠠᠢ᠃      2020 ᠣᠨ ᠠᠴᠠ ᠨᠠᠰᠢ᠂ ᠤᠷᠠᠳ ᠤᠨ ᠬᠤᠶᠢᠲᠤ ᠬᠤᠰᠢᠭᠤᠨ ᠤ ᠬᠢᠨ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠠᠴᠠ ᠡᠭᠦᠰᠴᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠶᠠᠪᠠᠭᠠᠨ ᠬᠥᠮᠥᠨ ᠤ ᠵᠠᠮ᠂ ᠮᠠᠰᠢᠨ ᠲᠡᠷᠭᠡᠨ ᠤ ᠵᠠᠮ ᠢ ᠨᠡᠶᠢᠲᠡ 7.6 ᠲᠦᠮᠡᠨ ᠲᠡᠭᠰᠢ ᠳᠥᠷᠪᠡᠯᠵᠢᠨ ᠮᠧᠲᠷ  ᠥᠭᠡᠷᠡᠴᠢᠯᠡᠭᠰᠡᠨ ᠪᠥᠭᠡᠳ ᠰᠠᠭᠤᠭᠠᠯᠢ ᠠᠷᠠᠳ ᠤᠨ ᠲᠣᠭᠤᠷᠢᠭ ᠤᠨ ᠶᠡᠭᠡ ᠡᠭᠦᠳᠡ ᠶᠢ ᠥᠭᠡᠷᠡᠴᠢᠯᠡᠵᠦ᠂ ᠪᠡᠶ᠎ᠡ ᠲᠠᠮᠢᠷ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠬᠦᠷᠢᠶ᠎ᠡ ᠬᠠᠰᠢᠶ᠎ᠠ ᠶᠢᠨ ᠳ᠋ᠧᠩ ᠵᠡᠷᠭᠡ ᠶᠢ ᠨᠡᠮᠡᠵᠦ ᠤᠭᠰᠠᠷᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠪᠠᠰᠠ ᠤᠯᠠᠨ ᠲᠦᠮᠡᠨ ᠤ ᠬᠦᠰᠡᠨ ᠬᠦᠯᠢᠶᠡᠵᠦ ᠪᠠᠶᠢᠭ᠎ᠠ ᠤᠰᠤ ᠬᠠᠩᠭᠠᠬᠤ ᠤᠰᠤ ᠵᠠᠯᠠᠬᠤ᠂ ᠳᠤᠯᠠᠭᠠᠯᠠᠭ᠎ᠠ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠲᠠᠯ᠎ᠠ ᠶᠢᠨ ᠠᠰᠠᠭᠤᠳᠠᠯ ᠢ ᠭᠠᠷᠳᠠᠨ ᠰᠢᠢᠳᠪᠦᠷᠢᠯᠡᠵᠦ᠂ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ ᠰᠢᠲᠠᠮᠠᠬᠠᠢ ᠬᠡᠢ ᠵᠡᠷᠭᠡ ᠡᠯ᠎ᠡ ᠲᠦᠷᠦᠯ ᠤᠨ ᠬᠤᠭᠤᠯᠠᠢ ᠲᠣᠣᠷ ᠢ ᠨᠡᠶᠢᠲᠡ 31.7  ᠺᠢᠯᠣᠮᠧᠲᠷ ᠰᠡᠯᠪᠢᠨ ᠵᠠᠰᠠᠬᠤ᠂ ᠥᠭᠡᠷᠡᠴᠢᠯᠡᠨ ᠵᠠᠰᠠᠬᠤ᠂ ᠵᠠᠯᠭᠠᠨ ᠣᠷᠣᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨ᠎ᠡ ᠳᠦᠷᠰᠦ ᠪᠠᠶᠢᠳᠠᠯ ᠲᠠᠢ ᠪᠣᠯᠭᠠᠵᠠᠢ᠃      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨ᠎ᠡ ᠳᠦᠷᠰᠦ ᠪᠠᠶᠢᠳᠠᠯ ᠲᠠᠢ ᠪᠣᠯᠭᠠᠵᠤ᠂ ᠴᠢᠨᠠᠷ ᠴᠢᠨᠰᠠᠭ᠎ᠠ ᠶᠢᠨ ᠦᠢᠯᠡᠴᠢᠯᠡᠭᠡ ᠶᠢ ᠲᠠᠬᠢᠨ ᠲᠡᠰ ᠳᠡᠪᠰᠢᠭᠦᠯᠬᠦ ᠳᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠨᠢ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠬᠥᠭᠵᠢᠯ ᠪᠠᠳᠠᠷᠠᠯ ᠤᠨ ᠴᠢᠬᠤᠯᠠ ᠢᠯᠡᠷᠡᠯ ᠪᠣᠯᠬᠤ ᠪᠠᠷ ᠪᠠᠷᠠᠬᠤ ᠦᠭᠡᠢ ᠨᠡᠩ ᠴᠤ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠬᠤ ᠶᠤᠮ᠃ ᠣᠶᠢᠯᠠᠭᠠᠭᠰᠠᠨ ᠢᠶᠠᠷ᠂ 2020 ᠣᠨ ᠠᠴᠠ ᠣᠲᠣ ᠪᠣᠯᠲᠠᠯ᠎ᠠ᠂ ᠤᠷᠠᠳ ᠤᠨ ᠬᠤᠶᠢᠲᠤ ᠬᠤᠰᠢᠭᠤᠨ ᠤ ᠬᠢᠨ ᠨᠡᠶᠢᠲᠡ 4800 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠥᠭᠡᠷᠡᠴᠢᠯᠡᠯᠲᠡ ᠬᠢᠬᠦ ᠳᠤ ᠬᠤᠯᠪᠣᠭᠳᠠᠭᠰᠠᠨ ᠰᠠᠭᠤᠭᠠᠯᠢ ᠲᠣᠭᠤᠷᠢᠭ ᠤᠨ ᠪᠠᠷᠢᠯᠭ᠎ᠠ ᠶᠢᠨ ᠲᠠᠯᠠᠪᠠᠶ ᠨᠢ 21 ᠲᠦᠮᠡᠨ ᠲᠡᠭᠰᠢ ᠳᠥᠷᠪᠡᠯᠵᠢᠨ  ᠮᠧᠲᠷ ᠲᠤ ᠬᠦᠷᠴᠦ᠂ 54 ᠰᠠᠭᠤᠷᠢ ᠣᠷᠣᠨ ᠰᠠᠭᠤᠴᠠ ᠶᠢᠨ ᠠᠰᠠᠷ ᠢ ᠥᠭᠡᠷᠡᠴᠢᠯᠡᠨ ᠪᠠᠶᠢᠭᠤᠯᠵᠤ᠂ 2110 ᠡᠷᠤᠭᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ