ᠤᠷᠠᠳ ᠤᠨ ᠡᠮᠦᠨᠡᠲᠦ ᠬᠤᠰᠢᠭᠤ ᠠᠮᠢ ᠠᠬᠤᠶ ᠶᠢ ᠵᠠᠰᠠᠨ ᠰᠡᠷᠭᠦᠭᠡᠬᠦ ᠭᠤᠷᠪᠠᠨ ᠵᠢᠱᠢᠶ᠎ᠡ ᠦᠵᠡᠭᠦᠯᠬᠦ ᠴᠡᠭ ᠢ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/3/29
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ ᠲᠥᠷᠥᠯ ᠵᠦᠢᠯ ᠤᠨ ᠭᠠᠵᠠᠷ ᠢ ᠰᠢᠯᠢᠳᠡᠭᠵᠢᠭᠦᠯᠦᠨ ᠲᠣᠬᠢᠷᠠᠭᠤᠯᠵᠤ᠂ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ ᠬᠠᠲᠤᠨ ᠭᠤᠤᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠰᠠᠭᠤᠷᠢ ᠲᠠᠯᠪᠢᠪᠠ᠃       ᠡᠨᠡ ᠵᠢᠯ᠂ ᠤᠷᠠᠳ ᠤᠨ ᠡᠮᠦᠨᠡᠲᠦ ᠬᠤᠰᠢᠭᠤ ᠬᠤᠶᠠᠷ ᠶᠡᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠪᠠᠷ ᠪᠣᠢ᠃ ᠠᠮᠢ ᠠᠬᠤᠶ ᠶᠢᠨ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 6.41 ᠲᠦᠮᠡᠨ ᠮᠥ ᠬᠡᠷᠡᠭᠵᠢᠭᠦᠯᠵᠦ᠂ ᠡᠭᠦᠨ ᠳᠤ᠂ ᠲᠤᠷᠤᠭ ᠮᠣᠳᠣ ᠶᠢ 0.1 ᠲᠦᠮᠡᠨ ᠮᠥ᠂ ᠪᠣᠳᠠ ᠮᠣᠳᠣ ᠶᠢ 1.2 ᠲᠦᠮᠡᠨ ᠮᠥ᠂ ᠨᠢᠰᠬᠡᠯ ᠢᠶᠠᠷ ᠳᠠᠷᠢᠬᠤ ᠶᠢ 1 ᠲᠦᠮᠡᠨ ᠮᠥ᠂ ᠬᠥᠮᠦᠨ ᠤ ᠬᠦᠴᠦ ᠪᠠᠷ ᠳᠠᠷᠢᠬᠤ ᠶᠢ 2.31 ᠲᠦᠮᠡᠨ ᠮᠥ᠂ ᠡᠯᠡᠰᠦ ᠶᠢ ᠲᠣᠭᠲᠠᠪᠤᠷᠢᠵᠢᠭᠤᠯᠬᠤ ᠶᠢ 0.2 ᠲᠦᠮᠡᠨ ᠮᠥ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ ᠶᠢ 1.6 ᠲᠦᠮᠡᠨ ᠮᠥ ᠬᠡᠷᠡᠭᠵᠢᠭᠦᠯᠦᠨ᠎ᠡ︔ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠲᠥᠷᠥᠯ ᠵᠦᠢᠯ ᠢ 33 ᠲᠦᠮᠡᠨ ᠮᠥ ᠬᠡᠷᠡᠭᠵᠢᠭᠦᠯᠵᠦ᠂ ᠡᠭᠦᠨ ᠳᠤ᠂ ᠳᠤᠮᠳᠠ ᠨᠢᠯᠬ᠎ᠠ ᠣᠶ ᠶᠢ 8.5 ᠲᠦᠮᠡᠨ ᠮᠥ ᠠᠷᠠᠴᠢᠯᠠᠨ ᠪᠤᠶᠢᠵᠢᠭᠤᠯᠵᠤ᠂ 6.5 ᠲᠦᠮᠡᠨ ᠮᠥ  ᠳᠣᠷᠣᠶᠢᠲᠠᠭᠰᠠᠨ ᠣᠶ ᠶᠢ ᠵᠠᠰᠠᠨ ᠰᠡᠷᠭᠦᠭᠡᠵᠦ᠂ 5.5 ᠲᠦᠮᠡᠨ ᠮᠥ ᠨᠤᠲᠤᠭ ᠪᠡᠯᠴᠢᠭᠡᠷ ᠢ ᠰᠠᠶᠢᠵᠢᠷᠠᠭᠤᠯᠵᠤ᠂ 12.5 ᠲᠦᠮᠡᠨ ᠮᠥ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠨ᠎ᠡ᠃       ᠡᠭᠦᠨ ᠠᠴᠠ ᠭᠠᠳᠠᠨ᠎ᠠ᠂ ᠤᠷᠠᠳ ᠤᠨ ᠡᠮᠦᠨᠡᠲᠦ ᠬᠤᠰᠢᠭᠤ ᠡᠨᠡ ᠵᠢᠯ ᠪᠠᠰᠠ ᠠᠮᠢ ᠠᠬᠤᠶ ᠶᠢ ᠵᠠᠰᠠᠨ ᠰᠡᠷᠭᠦᠭᠡᠬᠦ ᠭᠤᠷᠪᠠᠨ ᠵᠢᠱᠢᠶ᠎ᠡ ᠦᠵᠡᠭᠦᠯᠬᠦ ᠴᠡᠭ ᠢ ᠬᠦᠴᠦᠯᠡᠨ ᠪᠠᠶᠢᠭᠤᠯᠤᠨ᠎ᠠ᠃ ᠤᠯᠠᠭᠠᠨᠰᠤᠬᠠᠢ ᠶᠢᠨ ᠡᠮᠦᠨ᠎ᠡ ᠡᠷᠭᠢ ᠶᠢᠨ ᠪᠠᠶᠢᠭᠠᠯᠢ ᠶᠢᠨ ᠪᠣᠳᠠ ᠮᠣᠳᠣ᠂ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠨᠠᠶᠢᠯᠵᠠᠭᠤᠷ ᠬᠠᠷᠭᠠᠨ᠎ᠠ᠂ ᠥᠷᠭᠡᠰᠦᠲᠦ ᠰᠠᠷᠭᠠᠶ ᠵᠡᠷᠭᠡ ᠪᠣᠳᠠ ᠮᠣᠳᠣ ᠶᠢ ᠵᠠᠶᠢᠯᠠᠬᠤ ᠪᠠᠷ ᠳᠡᠮᠵᠢᠨ᠂ ᠪᠠᠷᠤᠭ 1500 ᠮᠥ ᠭᠠᠵᠠᠷ ᠢ ᠵᠠᠰᠠᠨ ᠰᠡᠷᠭᠦᠭᠡᠨ᠎ᠡ︔ ᠬᠡᠰᠡᠭ ᠪᠤᠰᠠᠭ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠨᠥᠬᠦᠵᠦ ᠲᠠᠷᠢᠬᠤ ᠨᠥᠬᠦᠵᠦ ᠣᠶᠢᠵᠢᠭᠤᠯᠬᠤ᠂ ᠡᠯᠡᠰᠦ ᠶᠢ ᠲᠣᠭᠲᠠᠪᠤᠷᠢᠵᠢᠭᠤᠯᠬᠤ᠂ ᠬᠦᠷᠢᠶᠡᠯᠡᠨ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠪᠠᠷᠤᠭ 6000 ᠮᠦ ᠲᠠᠯᠠᠪᠠᠢ ᠶᠢ ᠵᠠᠰᠠᠨ᠎ᠠ︔ ᠰᠦᠵᠢ ᠶᠢᠨ ᠡᠯᠡᠰᠦᠷᠬᠡᠭ ᠭᠠᠵᠠᠷ ᠤᠨ ᠬᠡᠷᠡᠯ ᠸᠣᠯᠲ + ᠡᠯᠡᠰᠦ ᠶᠢ ᠵᠠᠰᠠᠬᠤ + ᠠᠭᠤᠷᠬᠠᠶ ᠶᠢᠨ ᠵᠠᠰᠠᠯᠲᠠ + ᠠᠮᠢ ᠠᠬᠤᠶ ᠶᠢᠨ ᠵᠠᠰᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠬᠡᠷᠡᠯ ᠸᠣᠯᠲ ᠤᠨ ᠲᠤᠯᠭᠠᠭᠤᠷᠢ ᠵᠢᠶᠠᠰᠠ ᠶᠢᠨ ᠬᠤᠭᠤᠷᠣᠨᠳᠣ ᠲᠡᠵᠢᠭᠡᠯ ᠡᠪᠡᠰᠦ ᠳᠠᠷᠢᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠪᠠᠷᠤᠭ 7000 ᠮᠥ ᠵᠠᠰᠠᠨ᠎ᠠ᠃ ᠳᠥᠷᠪᠡᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠤᠳᠤᠷᠢᠳᠤᠯᠭ᠎ᠠ᠂ ᠰᠤᠮᠤ ᠪᠠᠯᠭᠠᠰᠤᠨ ᠤ ᠭᠤᠣᠯ ᠤᠳᠤᠷᠢᠳᠤᠯᠭ᠎ᠠ᠂ ᠣᠢ ᠰᠢᠭᠤᠢ ᠡᠪᠡᠰᠦ ᠪᠡᠯᠴᠢᠭᠡᠷ ᠤᠨ ᠳᠠᠭᠠᠭᠠᠴᠢᠯᠠᠯᠲᠠ ᠶᠢᠨ ᠺᠠᠳ᠋ᠷ᠂ ᠭᠠᠴᠠᠭ᠎ᠠ ᠲᠣᠰᠬᠤᠨ ᠤ ᠺᠠᠳ᠋ᠷ ᠬᠡᠰᠡᠭ ᠬᠤᠪᠢᠶᠠᠨ ᠳᠠᠭᠠᠭᠠᠴᠢᠯᠠᠨ ᠬᠤᠯᠪᠣᠭᠠᠯᠠᠬᠤ ᠵᠣᠬᠢᠴᠠᠮᠵᠢ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠡᠯ᠎ᠡ ᠲᠥᠷᠥᠯ ᠤᠨ ᠠᠷᠭ᠎ᠠ ᠠᠪᠴᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠵᠢᠯ ᠤᠨ ᠡᠮᠬᠢ ᠳᠠᠷᠠᠭ᠎ᠠ ᠲᠠᠢ ᠶᠠᠪᠤᠭᠳᠠᠬᠤ ᠶᠢ ᠪᠠᠲᠣᠯᠠᠬᠤ ᠪᠠᠷ ᠪᠣᠢ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ