ᠦᠶᠤᠸᠠᠨ ᠰᠢᠶᠠᠨ ᠤ ᠭᠤᠣᠯᠳᠠᠯᠭ᠎ᠠ ᠲᠠᠢ ᠰᠠᠪᠠ ᠭᠠᠵᠠᠷ ᠤᠨ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠠᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠷᠢᠶᠠᠨ ᠤ ᠲᠠᠪᠴᠠᠩ ᠬᠤᠷᠠᠯᠳᠤᠪᠠ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 21 ᠤ ᠡᠳᠦᠷ᠂ ᠦᠶᠤᠸᠠᠨ ᠰᠢᠶᠠᠨ ᠤ ᠭᠤᠣᠯᠳᠠᠯᠭ᠎ᠠ ᠲᠠᠢ ᠰᠠᠪᠠ ᠭᠠᠵᠠᠷ ᠤᠨ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠠᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠷᠢᠶᠠᠨ ᠤ ᠲᠠᠪᠴᠠᠩ ᠠᠮᠵᠢᠯᠲᠠ ᠲᠠᠢ ᠬᠤᠷᠠᠯᠳᠤᠪᠠ᠃ ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠡᠷᠢᠭᠦᠨ ᠰᠢᠨᠵᠢᠯᠡᠬᠦ ᠤᠬᠠᠭᠠᠨᠲᠠᠨ ᠰᠦᠩ ᠶᠦᠩ ᠨᠡᠶᠢᠭᠡᠮᠯᠢᠭ ᠤᠨ ᠰᠤᠳᠤᠯᠤᠭᠴᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠣᠷᠴᠢᠨ ᠲᠣᠭᠤᠷᠢᠨ ᠬᠢᠭᠡᠳ ᠦᠷᠭᠦᠯᠵᠢᠯᠡᠬᠦ ᠬᠥᠭᠵᠢᠯᠲᠡ ᠶᠢᠨ ᠰᠤᠳᠤᠯᠭᠠᠨ ᠤ ᠭᠠᠵᠠᠷ ᠤᠨ  ᠵᠦ ᠴᠠᠩ ᠰᠢᠶᠦ᠋ᠩ ᠤᠨ ᠰᠤᠳᠤᠯᠤᠭᠴᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠬᠥᠬᠡᠮᠥ᠋ᠷᠡᠨ ᠤ ᠬᠠᠳᠤᠨ ᠭᠤᠣᠯ ᠵᠡᠷᠭᠡ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠬᠢᠭᠡᠳ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ︾ ᠶᠢᠨ ᠭᠤᠣᠯᠳᠠᠯᠭ᠎ᠠ ᠲᠠᠢ ᠲᠤᠰᠬᠠᠢ ᠮᠡᠷᠭᠡᠵᠢᠯᠲᠡᠨ ᠤ ᠪᠦᠯᠬᠦᠮ᠂ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠬᠥᠷᠥᠰᠥ ᠰᠢᠷᠣᠢ ᠬᠢᠭᠡᠳ ᠲᠠᠷᠢᠶᠠᠯᠠᠩ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠥᠪ ᠤᠨ ᠶᠠᠨ ᠲᠢᠶᠧ ᠵᠦ ᠳ᠋ᠣᠺᠲ᠋ᠣᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢ ᠼᠦᠢ ᠸᠧᠢ᠂ ︽ᠤᠯᠤᠰ ᠤᠨ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠢᠨᠠᠯᠲᠠ ᠲᠠᠯᠪᠢᠵᠤ ᠵᠢᠯᠤᠭᠤᠳᠬᠤ ᠲᠤᠷᠰᠢᠯᠲᠠ ᠶᠢᠨ ᠰᠢᠶᠠᠨ︾ ᠤ ᠲᠦᠷᠦᠯ ᠵᠦᠢᠯ ᠤᠨ ᠳᠤᠭᠤᠶᠢᠯᠠᠩ ᠤᠨ ᠪᠦᠷᠢᠯᠳᠦᠭᠦᠨ ᠵᠢᠴᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦᠢ ᠵᠦᠩ ᠫᠢᠩ ᠶᠠᠷᠢᠶᠠᠨ ᠤ ᠲᠠᠪᠴᠠᠩ ᠳᠤ ᠣᠷᠣᠯᠴᠠᠪᠠ᠃       ᠶᠠᠷᠢᠶᠠᠨ ᠤ ᠲᠠᠪᠴᠠᠩ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠥᠷᠥᠭᠡᠨ ᠳᠣᠲᠣᠷᠠᠬᠢ ᠰᠣᠯᠢᠯᠴᠠᠨ ᠰᠤᠳᠤᠯᠤᠨ ᠶᠠᠷᠢᠯᠴᠠᠬᠤ ᠬᠤᠷᠠᠯ ᠭᠡᠬᠦ ᠬᠤᠶᠠᠷ ᠬᠡᠰᠡᠭ ᠪᠣᠯᠭᠠᠨ ᠬᠢᠵᠦ᠂ ᠬᠤᠷᠠᠯ ᠳᠤ ᠣᠷᠣᠯᠴᠠᠭᠰᠠᠳ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠬᠢᠭᠡᠳ ᠬᠢᠨᠠᠨ ᠵᠢᠯᠤᠭᠤᠳᠬᠤ ᠲᠤᠷᠰᠢᠯᠲᠠ ᠶᠢᠨ ᠰᠢᠶᠠᠨ ᠤ ᠤᠰᠤ ᠣᠷᠣᠭᠤᠯᠬᠤ ᠶᠢ ᠬᠢᠨᠠᠨ ᠬᠡᠮᠵᠢᠬᠦ ᠴᠡᠭ᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠴᠡᠭ᠂ ᠵᠢᠵᠢᠭ ᠰᠠᠪᠠ ᠭᠠᠵᠠᠷ ᠤᠨ ᠬᠢᠨᠠᠨ ᠬᠡᠮᠵᠢᠬᠦ ᠴᠡᠭ ᠵᠢᠴᠢ ᠵᠢᠷᠭᠤᠳᠤᠭᠠᠷ ᠤᠰᠤ ᠵᠠᠯᠠᠬᠤ ᠬᠠᠭᠤᠷᠠᠢ ᠠᠮᠢ ᠠᠬᠤᠢ ᠶᠢᠨ ᠬᠠᠮᠠᠭᠠᠯᠠᠯᠲᠠ ᠶᠢᠨ ᠬᠥᠲᠥᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃       ᠯᠢᠦᠢ ᠵᠥᠩ ᠫᠢᠩ ᠬᠡᠯᠡᠭᠰᠡᠨ ᠨᠢ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠪᠣᠯ ᠲᠠᠷᠢᠶᠠᠯᠠᠩ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠴᠢᠬᠤᠯᠠ ᠠᠭᠤᠯᠭ᠎ᠠ ᠮᠥᠨ᠂ ᠬᠥᠳᠡᠭᠡ ᠲᠣᠰᠬᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠲᠠᠢ ᠬᠤᠯᠪᠣᠭᠳᠠᠵᠤ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠵᠤ᠂ ᠬᠠᠲᠤᠨ ᠭᠤᠣᠯ ᠤᠨ ᠰᠠᠪᠠ ᠭᠠᠵᠠᠷ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠵᠤ ᠨᠠᠶᠢᠳᠠᠪᠤᠷᠢᠵᠢᠭᠤᠯᠬᠤ ᠲᠠᠢ ᠬᠤᠯᠪᠣᠭᠳᠠᠵᠤ ᠪᠠᠶᠢᠳᠠᠭ᠃ ᠦᠶᠤᠸᠠᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠳᠥᠷᠪᠡ ᠶᠢ ᠡᠵᠡᠮᠳᠡᠵᠦ ᠬᠤᠶᠠᠷᠵᠢᠭᠤᠯᠬᠤ︾ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ ᠶᠢ ᠶᠡᠬᠡᠪᠡᠷ ᠥᠷᠨᠢᠭᠦᠯᠵᠦ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠶᠢ 133 ᠲᠦᠮᠡᠨ ᠮᠦ᠂ ᠨᠢᠭᠡᠳᠦᠯᠲᠡᠢ ᠰᠡᠷᠭᠡᠶᠢᠯᠡᠨ ᠵᠠᠰᠠᠬᠤ ᠶᠢ 110 ᠲᠦᠮᠡᠨ ᠮᠦ᠂ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠨᠤᠷᠮ᠎ᠠ ᠶᠢ 85% ᠠᠴᠠ ᠳᠡᠭᠡᠭᠰᠢ ᠪᠠᠶᠢᠯᠭᠠᠵᠤ᠂ ᠡᠰᠢ ᠰᠦᠷᠡᠯ ᠪᠣᠯᠣᠨ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠤᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ ᠡᠯ᠎ᠡ ᠲᠤᠰᠬᠠᠢ ᠮᠡᠷᠭᠡᠵᠢᠯᠲᠡᠳ ᠲᠤᠭ᠎ᠠ ᠪᠠᠷᠢᠮᠲᠠ ᠪᠠᠷ ᠲᠦᠰᠢᠭ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠨ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠵᠠᠭᠪᠤᠷ ᠢ ᠪᠦᠷᠢᠯᠳᠦᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃       ᠬᠤᠷᠠᠯ ᠳᠡᠭᠡᠷ᠎ᠡ᠂ ᠲᠤᠰᠬᠠᠢ ᠮᠡᠷᠭᠡᠵᠢᠯᠲᠡᠳ ᠲᠣᠰ ᠲᠣᠰ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠬᠥᠬᠡᠮᠥ᠋ᠷᠡᠨ ᠤ ᠬᠠᠲᠤᠨ ᠭᠤᠣᠯ ᠵᠡᠷᠭᠡ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠬᠢᠭᠡᠳ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ︾ ᠭᠤᠣᠯᠳᠠᠯᠭ᠎ᠠ ᠲᠠᠢ ᠲᠤᠰᠬᠠᠢ ᠰᠡᠳᠦᠪ᠂ ᠤᠯᠤᠰ ᠤᠨ ᠣᠯᠠᠨ ᠡᠬᠢᠲᠦ ᠪᠣᠬᠢᠷᠲᠤᠯ ᠢ ᠵᠠᠰᠠᠬᠤ ᠪᠠ ᠬᠢᠨᠠᠯᠲᠠ ᠲᠠᠯᠪᠢᠵᠤ ᠵᠢᠯᠤᠭᠤᠳᠬᠤ ᠲᠤᠷᠰᠢᠯᠲᠠ ᠶᠢᠨ ᠰᠢᠶᠠᠨ ᠤ ᠲᠥᠷᠥᠯ ᠵᠦᠢᠯ ᠤᠨ ᠬᠠᠷᠢᠭᠤ ᠮᠡᠳᠡᠭᠦᠯᠦᠯᠲᠡ ᠬᠢᠪᠡ᠃ ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠦᠶᠤᠸᠠᠨ ᠰᠢᠶᠠᠨ ᠤ ᠭᠤᠣᠯᠳᠠᠯᠭ᠎ᠠ ᠲᠠᠢ ᠰᠠᠪᠠ ᠭᠠᠵᠠᠷ ᠤᠨ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠲᠥᠷᠥᠯ ᠵᠦᠢᠯ ᠤᠨ ᠬᠠᠷᠢᠭᠤ ᠮᠡᠳᠡᠭᠦᠯᠦᠯᠲᠡ ᠬᠢᠪᠡ᠃ ᠬᠤᠷᠠᠯ ᠳᠤ ᠣᠷᠣᠯᠴᠠᠭᠰᠠᠳ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠤᠨ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠲᠠᠷᠢᠶᠠᠯᠠᠩ ᠤᠨ ᠤᠯᠠᠨ ᠡᠬᠢᠲᠦ ᠵᠠᠰᠠᠯᠲᠠ ᠶᠢᠨ ᠰᠢᠯᠢᠳᠡᠭ ᠲᠤᠷᠰᠢᠯᠭ᠎ᠠ ᠪᠣᠯᠣᠨ ᠦᠷᠭᠦᠯᠵᠢᠯᠡᠬᠦ ᠬᠥᠭᠵᠢᠯᠲᠡ ᠶᠢᠨ ᠠᠷᠭ᠎ᠠ ᠵᠠᠮ ᠢ ᠬᠠᠮᠲᠤ ᠪᠠᠷ ᠰᠦᠪᠡᠭᠴᠢᠯᠡᠨ ᠳ᠋ᠦᠩᠨᠡᠪᠡ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ