ᠦᠶᠤᠸᠠᠨ ᠰᠢᠶᠠᠨ 2024 ᠣᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠬᠢᠨᠠᠨ ᠲᠣᠭᠲᠠᠭᠠᠬᠤ ᠵᠢᠴᠢ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 13 ᠤ ᠡᠳᠦᠷ᠂ ᠮᠠᠨ ᠤ ᠰᠢᠶᠠᠨ 2024 ᠣᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠬᠢᠨᠠᠨ ᠲᠣᠭᠲᠠᠭᠠᠬᠤ ᠵᠢᠴᠢ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠬᠠᠮᠲᠤᠷᠠᠭᠰᠠᠨ ᠬᠤᠷᠠᠯ ᠬᠤᠷᠠᠯᠳᠤᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠣᠶᠤᠨᠳᠠᠯᠠᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠵᠣᠬᠢᠶᠠᠨ ᠪᠠᠶᠢᠭᠤᠯᠬᠤ᠂ ᠡᠳ᠋ ᠤᠨ ᠵᠠᠰᠠᠭ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠡᠬᠢ ᠪᠠᠶᠠᠯᠢᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯᠣᠨ ᠡᠯ᠎ᠡ ᠬᠤᠯᠪᠣᠭᠳᠠᠯ ᠪᠦᠬᠦᠢ ᠰᠣᠷᠮᠣ ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠮᠠᠨ ᠤ ᠰᠢᠶᠠᠨ ᠤ 2024 ᠣᠨ ᠳᠤ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠣᠷᠣᠨ ᠪᠠᠶᠢᠷᠢ ᠶᠢᠨ ᠳᠠᠪᠠᠭᠤᠯᠢᠭ᠂ ᠬᠥᠭᠵᠢᠯᠲᠡ ᠶᠢᠨ ᠰᠡᠳᠬᠢᠴᠡ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠪᠡᠯᠡ ᠮᠥᠩᠭᠦ ᠶᠢᠨ ᠬᠡᠷᠡᠭᠯᠡᠯᠲᠡ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠠᠰᠢᠭ ᠲᠤᠰᠠ ᠶᠢ ᠬᠤᠯᠪᠣᠬᠤ ᠲᠣᠭᠲᠠᠴᠠ ᠵᠡᠷᠭᠡ ᠶᠢ ᠨᠠᠷᠢᠨ ᠨᠢᠭᠲᠠ ᠲᠣᠳᠣᠷᠬᠠᠶᠢᠯᠠᠨ ᠥᠭᠦᠯᠡᠵᠦ᠂ ᠲᠦᠷᠦᠯ ᠵᠦᠢᠯ ᠤᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠰᠢᠶᠠᠨ ᠤ ᠱᠠᠲᠤᠨ ᠤ ᠡᠯ᠎ᠡ ᠬᠠᠮᠢᠶ᠎ᠠ ᠪᠦᠬᠦᠢ ᠨᠢᠭᠡᠴᠡ ᠪᠣᠯᠣᠨ ᠬᠡᠷᠡᠭᠵᠢᠭᠦᠯᠬᠦ ᠲᠥᠷᠥᠯ ᠵᠦᠢᠯ ᠤᠨ ᠰᠢᠶᠠᠩ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥᠯ ᠵᠦᠢᠯ ᠲᠣᠭᠲᠠᠭᠠᠬᠤ᠂ ᠮᠡᠳᠡᠭᠦᠯᠦᠨ ᠵᠥᠪᠰᠢᠶᠡᠷᠡᠭᠦᠯᠬᠦ᠂ ᠳᠠᠩᠰᠠᠯᠠᠬᠤ᠂ ᠪᠦᠲᠦᠭᠡᠨ ᠪᠠᠶᠢᠭᠤᠯᠬᠤ ᠵᠡᠷᠭᠡ ᠬᠠᠮᠢᠶ᠎ᠠ ᠪᠦᠬᠦᠢ ᠭᠠᠷᠳᠠᠮ ᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠡᠰ ᠳᠠᠷᠠᠭᠠᠯᠠᠯ ᠢ ᠭᠦᠢᠴᠡᠳᠬᠡᠵᠦ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠬᠦ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠳᠠᠭᠤᠰᠬᠤ ᠶᠢ ᠦᠨᠡᠨ ᠬᠦ ᠪᠠᠲᠤᠯᠠᠬᠤ ᠬᠡᠷᠡᠭᠲᠡᠢ︔ ᠲᠡᠳᠬᠦᠨ ᠳᠡᠮᠵᠢᠬᠦ ᠪᠡᠯᠡ ᠮᠥᠩᠭᠦ ᠶᠢ ᠵᠢᠷᠤᠮᠵᠢᠭᠤᠯᠤᠨ ᠰᠠᠶᠢᠲᠤᠷ ᠬᠡᠷᠡᠭᠯᠡᠵᠦ᠂ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ᠂ ᠴᠢᠬᠤᠯᠠ ᠠᠯᠬᠤᠮ ᠳᠠᠷᠠᠭ᠎ᠠ ᠨᠢᠭᠡ ᠶᠢ ᠴᠦ ᠣᠷᠬᠢᠭᠳᠠᠭᠤᠯᠵᠤ ᠪᠣᠯᠬᠤ ᠦᠭᠡᠢ᠂ ᠲᠡᠳᠬᠦᠨ ᠳᠡᠮᠵᠢᠬᠦ ᠪᠡᠯᠡ ᠮᠥᠩᠭᠦ ᠶᠢᠨ ᠦᠢᠯᠡᠳᠦᠯ ᠢ ᠥᠨᠳᠥᠷ ᠪᠦᠲᠦᠮᠵᠢᠲᠡᠶ ᠪᠠᠷ ᠰᠠᠶᠢᠲᠤᠷ ᠪᠠᠳᠠᠷᠠᠭᠤᠯᠬᠤ ᠬᠡᠷᠡᠭᠲᠡᠢ︔ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠦᠢᠯᠡᠰ ᠲᠤ ᠬᠤᠯᠪᠣᠭᠳᠠᠬᠤ ᠶᠠᠪᠤᠳᠠᠯ ᠳᠤ ᠡᠷᠬᠡᠪᠰᠢ ᠳᠡᠰ ᠳᠠᠷᠠᠭᠠᠯᠠᠯ ᠶᠣᠰᠣᠭᠠᠷ ᠣᠯᠠᠨ ᠲᠦᠮᠡᠨ ᠤ ᠰᠠᠨᠠᠯ ᠢ ᠰᠣᠨᠣᠰᠴᠤ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠪᠦᠬᠦ ᠶᠠᠪᠤᠴᠠ ᠳᠤ ᠣᠷᠣᠯᠴᠠᠵᠤ᠂ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠢᠯᠡ ᠲᠣᠳᠣ᠂ ᠬᠠᠮᠢᠶᠠᠷᠤᠯᠲᠠ ᠶᠢ ᠵᠢᠷᠤᠮᠵᠢᠭᠤᠯᠬᠤ ᠶᠢ ᠦᠨᠡᠨᠬᠦ ᠪᠠᠲᠤᠯᠠᠵᠤ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ