ᠤᠷᠠᠳ ᠤᠨ ᠳᠤᠮᠳᠠᠳᠤ ᠬᠤᠰᠢᠭᠤᠨ ᠤ ᠮᠤᠶᠠᠩᠬᠠᠢ ᠤᠰᠤᠨ ᠲᠡᠭᠡᠷᠡᠬᠢ ︽ᠬᠠᠪᠤᠷ ᠤᠨ ᠲᠠᠷᠢᠶᠠᠯᠠᠭ᠎ᠠ︾ ᠶᠢᠨ ᠠᠵᠢᠯ ᠢᠶᠠᠨ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2024/3/29
      ᠤᠷᠠᠳ ᠤᠨ ᠳᠤᠮᠳᠠᠳᠤ ᠬᠤᠰᠢᠭᠤᠨ ᠤ ᠮᠤᠶᠠᠩᠬᠠᠢ ᠶᠢᠨ ᠡᠾᠦ᠋ᠢ ᠮᠧᠩ ᠲᠡᠵᠢᠭᠡᠪᠦᠷᠢ ᠶᠢᠨ ᠬᠤᠷᠰᠢᠶᠠᠵᠢᠯ ᠴᠠᠭ ᠢ ᠵᠠᠪᠳᠤᠨ᠂ ᠲᠦᠷᠦᠭᠦᠦ ᠪᠦᠯᠦᠭ ᠤᠨ 200 ᠲᠦᠮᠡᠨ ᠨᠠᠶᠢᠮᠠᠯᠵᠢ ᠶᠢᠨ ᠵᠤᠯᠵᠠᠭ᠎ᠠ ᠶᠢ ᠤᠰᠤᠨ ᠳᠤ ᠲᠠᠯᠪᠢᠵᠦ᠂ ᠲᠡᠵᠢᠭᠡᠨ ᠦᠷᠡᠵᠢᠭᠦᠯᠬᠦ ᠤᠰᠤᠨ ᠤ ᠬᠡᠪᠴᠢᠶ᠎ᠡ ᠨᠢ ᠨᠢᠳᠤᠨᠤᠨ ᠤ ᠬᠢ ᠠᠴᠠ 10% ᠪᠠᠷ ᠨᠡᠮᠡᠭᠳᠡᠪᠡ ᠃ ᠡᠨᠡ ᠵᠢᠯ 3 ᠲᠦᠮᠡᠨ ᠵᠢᠩ ᠨᠠᠢᠮᠠᠯᠵᠢ ᠲᠠᠯᠪᠢᠬᠤ ᠪᠠᠷ ᠲᠦᠯᠦᠪᠯᠡᠵᠦ᠂ ᠲᠦᠷᠦᠭᠦᠦ ᠪᠦᠯᠦᠭ ᠲᠤ ᠰᠢᠯᠢᠳᠡᠭ ᠴᠢᠨᠠᠷ ᠰᠠᠶᠢᠲᠠᠢ ᠨᠠᠢᠮᠠᠯᠵᠢ ᠶᠢᠨ ᠵᠤᠯᠵᠠᠭ᠎ᠠ ᠶᠢ 4000 ᠵᠢᠩ ᠲᠠᠯᠪᠢᠨ᠂ ᠨᠠᠮᠤᠷ ᠪᠤᠯᠬᠤ ᠳᠤ ᠲᠡᠵᠢᠭᠡᠨ ᠦᠷᠡᠵᠢᠭᠦᠯᠦᠭᠰᠡᠨ ᠨᠠᠢᠮᠠᠯᠵᠢ ᠶᠢᠨ ᠭᠠᠷᠤᠯᠲᠠ 30 ᠲᠦᠮᠡᠨ ᠵᠢᠩ ᠳᠤ ᠬᠦᠷᠬᠦ ᠪᠣᠯᠤᠨ᠎ᠠ᠃ ᠣᠳᠣᠬᠠᠨ ᠳᠤ᠂ ᠮᠤᠶᠠᠩᠬᠠᠢ ᠶᠢᠨ  ᠨᠠᠢᠮᠠᠯᠵᠢ ᠲᠡᠵᠢᠭᠡᠨ ᠦᠷᠡᠵᠢᠭᠦᠯᠬᠦ ᠲᠠᠯᠠᠪᠠᠶ ᠨᠢᠭᠡᠨᠲᠡ 3000 ᠮᠥ ᠶᠢ ᠳᠠᠪᠠᠵᠤ᠂ ᠵᠢᠯ ᠤᠨ ᠦᠢᠯᠡᠳᠬᠦᠨ  ᠤ ᠥᠷᠲᠡᠭ ᠨᠢ 1600 ᠲᠦᠮᠡᠨ ᠲᠥᠭᠦᠷᠢᠭ ᠲᠤ ᠬᠦᠷᠴᠡᠶ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ