ᠪᠦᠦ ᠯᠢᠨ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠢ ᠵᠠᠳᠠᠯᠤᠨ ᠳᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠦᠦ ᠯᠢᠨ ᠪᠦᠭᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠢ ᠵᠠᠳᠠᠯᠤᠨ ᠲᠣᠬᠢᠷᠠᠭᠤᠯᠬᠤ ᠬᠤᠷᠠᠯ ᠢ ᠡᠷᠭᠢᠯᠠᠨ ᠬᠤᠷᠠᠯᠳᠤᠭᠤᠯᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃       ᠬᠤᠷᠠᠯ ᠳᠡᠭᠡᠷ᠎ᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠠᠴᠠ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠬᠠᠷᠢᠭᠤ ᠮᠡᠳᠡᠭᠦᠯᠬᠦ ᠶᠢᠨ ᠬᠠᠮᠲᠤ᠂ ᠨᠢᠭᠡᠳᠦᠭᠡᠷ ᠤᠯᠠᠷᠢᠯ ᠤᠨ ᠠᠵᠢᠯ ᠤᠷᠤᠭᠰᠢᠲᠠᠢ ᠰᠠᠶᠢᠨ ᠡᠬᠢᠯᠡᠯᠲᠡ ᠲᠠᠢ ᠪᠠᠶᠢᠬᠤ ᠬᠠᠷᠠᠯᠲᠠ ᠶᠢᠨ ᠲᠣᠭᠤᠷᠢᠨ ᠳᠤ ᠲᠠᠷᠠᠭᠠᠴᠢ ᠶᠢᠨ ᠠᠯᠬᠤᠮ  ᠤᠨ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃       ᠪᠦᠦ ᠯᠢᠨ ᠠᠴᠠ᠂ ᠥᠨᠥ ᠵᠢᠯ ᠤᠨ ᠠᠩᠬᠠᠨ ᠤ ᠤᠯᠠᠷᠢᠯ ᠤᠨ ᠠᠵᠢᠯ ᠤᠷᠤᠭᠰᠢᠲᠠᠢ ᠰᠠᠶᠢᠨ ᠡᠬᠢᠯᠡᠯᠲᠡ ᠲᠠᠢ ᠪᠠᠶᠢᠬᠤ ᠨᠢ ᠪᠦᠬᠦ ᠵᠢᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢᠨ ᠴᠢᠬᠤᠯᠠ ᠰᠠᠭᠤᠷᠢ ᠪᠣᠯᠣᠨ᠎ᠠ᠃ ᠪᠢᠳᠡ ᠠᠩᠬᠠᠨ ᠤ ᠤᠯᠠᠷᠢᠯ ᠤᠨ ᠠᠵᠢᠯ ᠤᠷᠤᠭᠰᠢᠲᠠᠢ ᠰᠠᠶᠢᠨ ᠡᠬᠢᠯᠡᠯᠲᠡ ᠲᠠᠢ ᠪᠠᠶᠢᠬᠤ ᠶᠢᠨ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠠᠯᠲᠠ ᠪᠠᠨ ᠣᠨᠢᠯᠠᠵᠤ᠂ ᠭᠤᠣᠯᠳᠠᠯᠭ᠎ᠠ ᠪᠠᠨ ᠲᠤᠪᠤᠶᠢᠯᠭᠠᠵᠦ᠂ ᠠᠩᠬᠠᠨ ᠤ ᠤᠯᠠᠷᠢᠯ ᠤᠨ ᠠᠵᠢᠯ ᠤᠷᠤᠭᠰᠢᠲᠠᠢ ᠰᠠᠶᠢᠨ ᠡᠬᠢᠯᠡᠯᠲᠡ ᠲᠠᠢ ᠪᠠᠶᠢᠬᠤ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠵᠤ᠂ ᠠᠩᠬᠠᠨ ᠤ ᠤᠯᠠᠷᠢᠯ ᠤᠨ ᠠᠵᠢᠯ ᠤᠷᠤᠭᠰᠢᠲᠠᠢ ᠰᠠᠶᠢᠨ ᠡᠬᠢᠯᠡᠯᠲᠡ ᠲᠠᠢ ᠪᠠᠶᠢᠬᠤ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠦ ᠯᠢᠨ ᠠᠴᠠ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ︽ᠭᠦᠢᠴᠡᠳᠬᠡᠬᠦ ᠲᠤᠭ᠎ᠠ ᠶᠢᠨ ᠤᠳᠤᠷᠢᠳᠤᠮᠵᠢ ︾  ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠡᠯ᠎ᠡ ᠵᠦᠢᠯ  ᠤᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠴᠠᠭ ᠲᠤᠬᠠᠢ ᠳᠤ ᠨᠢ ᠣᠶᠢᠯᠠᠭᠠᠵᠤ᠂ ᠴᠠᠭ ᠲᠤᠬᠠᠢ ᠳᠤ ᠨᠢ ᠬᠢᠨᠠᠨ ᠬᠡᠮᠵᠢᠬᠦ ᠪᠠ ᠲᠥᠰᠥᠭᠡᠯᠡᠵᠦ ᠵᠠᠳᠠᠯᠬᠤ ᠶᠢᠨ ᠬᠠᠮᠲᠤ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠡᠭᠦᠷᠭᠡ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠠᠵᠤ ᠠᠬᠤᠢ ᠶᠢᠨ ᠭᠦᠢᠴᠡᠳᠬᠡᠬᠦ ᠲᠤᠭ᠎ᠠ ᠶᠢᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃ ᠡᠳ᠋ ᠮᠦᠩᠭᠦ ᠶᠢᠨ ᠢᠷᠡᠯᠲᠡ ᠶᠢᠨ ᠪᠠᠶᠢᠭᠤᠯᠤᠯᠲᠠ ᠪᠠ ᠡᠳ᠋ ᠮᠦᠩᠭᠦ ᠶᠢᠨ ᠢᠷᠡᠯᠲᠡ ᠶᠢᠨ ᠲᠦᠷᠦᠯ ᠵᠦᠢᠯ ᠢ ᠪᠤᠶᠢᠵᠢᠭᠤᠯᠬᠤ ᠶᠢ ᠦᠷᠭᠦᠯᠵᠢᠯᠡᠨ ᠴᠢᠩᠭ᠎ᠠ ᠠᠳᠬᠤᠵᠤ᠂ ᠪᠦᠭᠦ ᠬᠤᠰᠢᠭᠤᠨ ᠤ ᠭᠤᠣᠯᠳᠠᠯᠭ᠎ᠠ ᠲᠠᠢ ᠡᠳ᠋ ᠮᠦᠩᠭᠦ ᠶᠢᠨ ᠢᠷᠡᠯᠲᠡ᠂ ᠭᠠᠶᠢᠯᠢ ᠶᠢᠨ ᠢᠷᠡᠯᠲᠡ ᠶᠢᠨ ᠲᠦᠷᠦᠯ ᠵᠦᠢᠯ ᠳᠤ ᠦᠷᠭᠦᠯᠵᠢᠯᠡᠨ ᠲᠤᠰᠬᠠᠢ ᠲᠦᠷᠦᠯ ᠢᠶᠠᠷ ᠠᠬᠢᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠵᠦ ᠳᠠᠯᠳᠠ ᠬᠦᠴᠦᠨ ᠢ ᠠᠭᠤᠳᠠᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠷᠣᠯᠭ᠎ᠠ ᠶᠢᠨ ᠨᠥᠭᠡᠴᠡ ᠬᠦᠴᠦᠨ ᠢ ᠨᠡᠮᠡᠭᠳᠡᠭᠦᠯᠬᠦ ᠬᠡᠷᠡᠭᠲᠡᠢ᠃ ᠬᠡᠬᠦᠳᠡᠭ ᠴᠡᠭᠡᠵᠢᠨ ᠳᠤ ᠪᠠᠨ ᠪᠦᠬᠦ ᠲᠠᠯ᠎ᠠ ᠶᠢ ᠪᠠᠭᠲᠠᠭᠠᠵᠤ᠂ ᠠᠯᠤᠰ ᠢ ᠬᠠᠷᠠᠨ᠂ ᠡᠯ᠎ᠡ ᠵᠦᠢᠯ ᠤᠨ ᠠᠵᠢᠯ ᠤᠨ ᠲᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠭᠡᠮ ᠰᠣᠭᠤᠭ ᠢ ᠨᠠᠷᠢᠨ ᠬᠢᠨᠠᠮᠠᠭᠠᠢ ᠵᠠᠳᠠᠯᠵᠤ᠂ ᠠᠩᠬᠠᠨ ᠤ ᠤᠯᠠᠷᠢᠯ ᠪᠣᠯᠣᠨ ᠪᠦᠬᠦ ᠵᠢᠯ ᠤᠨ ᠬᠠᠷᠠᠯᠲᠠ ᠶᠢ ᠪᠣᠳᠣᠯᠬᠢᠯᠠᠨ᠂ ᠬᠤᠶᠢᠰᠢᠳᠠ ᠶᠢᠨ ᠠᠯᠤᠰ ᠬᠡᠳᠤ ᠶᠢᠨ ᠬᠥᠭᠵᠢᠯᠲᠡ ᠶᠢ ᠪᠣᠳᠣᠯᠬᠢᠯᠠᠨ᠂ ᠪᠣᠳᠠᠲᠠᠢ ᠠᠵᠢᠯᠯᠠᠬᠤ ᠡᠷᠴᠢ ᠵᠣᠷᠢᠭ ᠢ ᠪᠠᠳᠠᠷᠠᠭᠤᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠴᠠᠭ ᠬᠤᠭᠤᠴᠠᠭᠠᠨ ᠤ ᠠᠬᠢᠴᠠ ᠶᠢᠨ ᠱᠠᠭᠠᠷᠳᠠᠯᠭ᠎ᠠ ᠶᠣᠰᠣᠭᠠᠷ᠂ ᠬᠤᠴᠣᠷᠤᠭᠰᠠᠨ ᠠᠬᠢᠴᠠ ᠪᠠᠨ ᠨᠥᠬᠦᠪᠦᠷᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃ ᠠᠷᠠᠳ ᠤᠨ ᠠᠮᠢᠳᠤᠷᠠᠯ ᠤᠨ ᠵᠠᠷᠤᠳᠠᠯ ᠵᠠᠷᠤᠯᠭ᠎ᠠ ᠶᠢ ᠬᠦᠴᠦᠯᠡᠨ ᠰᠠᠶᠢᠲᠤᠷ ᠠᠳᠬᠤᠵᠤ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠦᠨᠳᠦᠰᠦᠨ ᠵᠦᠢᠯ ᠢ ᠪᠠᠲᠤᠯᠠᠬᠤ᠂ ᠲᠦᠭᠡᠮᠡᠯ ᠬᠠᠷᠠᠭᠠᠯᠵᠠᠯ ᠦᠵᠡᠭᠦᠯᠬᠦ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠤᠯᠠᠨ ᠲᠦᠮᠡᠨ ᠳᠤ ᠨᠡᠩ ᠤᠯᠠᠨ ᠬᠥᠭᠵᠢᠯᠲᠡ ᠠᠴᠠ ᠪᠣᠯᠤᠭᠰᠠᠨ ᠪᠣᠳᠠᠲᠤ ᠠᠰᠢᠭ ᠢ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠰᠢᠭᠤᠨ ᠤ ᠤᠳᠤᠷᠢᠳᠤᠯᠭ᠎ᠠ ᠶᠠᠨ ᠸᠧᠢ᠂ ᠶᠠᠩ ᠳ᠋ᠦᠩ ᠸᠧᠢ ᠬᠤᠷᠠᠯ ᠳᠤ ᠣᠷᠣᠯᠴᠠᠵᠠᠢ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ