ᠬᠠᠩᠭᠢᠨ ᠬᠤᠶᠢᠲᠤ ᠬᠤᠰᠢᠭᠤ ᠬᠠᠪᠤᠷ ᠤᠨ ᠤᠯᠠᠷᠢᠯ ᠤᠨ ᠮᠣᠳᠣ ᠲᠠᠷᠢᠵᠤ ᠣᠶᠢᠵᠢᠭᠤᠯᠬᠤ ᠳᠤ ᠠᠰᠢᠭᠲᠠᠢ ᠲᠣᠬᠢᠶᠠᠯ ᠢ ᠠᠮᠵᠢᠵᠤ᠂ ᠡᠷᠲᠡ ᠠᠴᠠ | ᠪᠠᠶᠢᠷᠢᠯᠠᠭᠤᠯᠤᠨ ᠡᠷᠲᠡ ᠠᠴᠠ ᠬᠦᠳᠡᠯᠦᠯᠴᠡᠨ᠂ ᠬᠠᠳᠤᠨ ᠭᠤᠣᠯ ᠤᠨ︽ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯ᠎ᠡ ᠲᠦᠷᠦᠯ ᠤᠨ ᠠᠵᠢᠯ ᠢ | ᠪᠦᠬᠦ ᠬᠦᠴᠦᠨ ᠢᠶᠠᠷ ᠢᠶᠠᠨ ᠠᠬᠢᠭᠤᠯᠵᠤ ᠦᠷ᠎ᠡ ᠪᠦᠲᠦᠮᠵᠢ ᠢᠯᠡᠷᠬᠡᠢ ᠪᠠᠶᠢᠨ᠎ᠠ᠃ | ᠬᠠᠪᠤᠷ ᠤᠨ ᠡᠬᠢ ᠪᠠᠷ᠂ ᠮᠧᠩ ᠬᠠᠢ ᠪᠠᠯᠭᠠᠰᠤᠨ ᠤ 311 ᠮᠤᠵᠢ ᠶᠢᠨ ᠵᠠᠮ ᠤᠨ ᠨᠣᠭᠤᠭᠠᠷᠠᠭᠤᠯᠤᠯᠲᠠ ᠶᠢᠨ ᠲᠦᠷᠦᠯ ᠵᠦᠢᠯ ᠤᠨ ᠲᠣᠭᠤᠷᠢᠭ ᠲᠤ᠂ ᠲᠣᠮᠣ | ᠬᠡᠯᠪᠡᠷᠢ ᠶᠢᠨ ᠮᠠᠰᠢᠨ ᠮᠧᠬᠠᠨᠢᠭ ᠬᠠᠰᠢᠯᠭ᠎ᠠ ᠲᠡᠭᠰᠢᠯᠡᠬᠦ᠂ ᠭᠤᠤ ᠰᠤᠪᠠᠭ ᠮᠠᠯᠲᠠᠬᠤ ᠵᠡᠷᠬᠡ ᠬᠠᠪᠤᠷ ᠤᠨ ᠤᠯᠠᠷᠢᠯ ᠤᠨ ᠮᠣᠳᠣ ᠲᠠᠷᠢᠵᠤ ᠣᠶᠢᠵᠢᠭᠤᠯᠬᠤ ᠠᠵᠢᠯ ᠳᠤ | ᠤᠷᠢᠳᠴᠢᠯᠠᠨ ᠭᠦᠢᠴᠡᠳ ᠪᠡᠯᠡᠳᠬᠡᠯ ᠬᠢᠵᠦ᠂ ᠲᠦᠷᠦᠯ ᠵᠦᠢᠯ ᠤᠨ ᠲᠣᠭᠤᠷᠢᠭ ᠤᠨ ᠬᠢᠨ 3 ᠰᠠᠷ᠎ᠠ ᠶᠢᠨ ᠳᠤᠮᠳᠠᠴᠢ ᠠᠴᠠ ᠡᠬᠢᠯᠡᠨ ᠮᠣᠳᠣ ᠲᠠᠷᠢᠬᠤ ᠪᠠᠷ | ᠲᠥᠯᠥᠪᠯᠡᠵᠦ ᠪᠠᠶᠢᠨ᠎ᠠ᠃ | ᠬᠠᠩᠭᠢᠨ ᠬᠤᠶᠢᠲᠤ ᠬᠤᠰᠢᠭᠤᠨ ᠤ ᠮᠧᠩ ᠬᠠᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠵᠧᠩ ᠤᠨ ᠬᠡᠯᠡᠬᠦ ᠪᠠᠷ᠂ ᠡᠨᠡ ᠵᠢᠯ ᠠᠴᠠ ᠨᠠᠰᠢ᠂ ᠮᠧᠩ | ᠬᠠᠢ ᠪᠠᠯᠭᠠᠰᠤ ᠶᠢᠨ ᠬᠢᠨ ᠠᠮᠢ ᠠᠬᠤᠢ ᠶᠢᠨ ᠣᠷᠴᠢᠨ ᠲᠣᠭᠤᠷᠢᠨ ᠢ ᠬᠤᠪᠢᠷᠠᠭᠤᠯᠬᠤ ᠪᠠᠷ ᠬᠠᠷᠠᠯᠲᠠ ᠪᠣᠯᠭᠠᠵᠤ᠂ ᠡᠯ᠎ᠡ ᠲᠦᠷᠦᠯ ᠤᠨ ᠵᠤᠯᠵᠠᠭ᠎ᠠ ᠮᠣᠳᠣ ᠶᠢ 2 | ᠲᠦᠮᠡᠨ ᠭᠠᠷᠦᠢ ᠲᠠᠷᠢᠵᠦ᠂ ᠠᠮᠢ ᠠᠬᠤᠢ ᠶᠢᠨ ᠦᠷ᠎ᠡ ᠠᠰᠢᠭ ᠢ ᠴᠢᠷᠮᠠᠶᠢᠨ ᠲᠡᠬᠡᠭᠰᠢᠯᠡᠬᠦᠯᠵᠤ ᠪᠠᠶᠢᠨ᠎ᠠ ᠬᠡᠵᠤ ᠪᠠᠶᠢᠯ᠎ᠠ᠃ | ᠬᠠᠩᠭᠢᠨ ᠬᠤᠶᠢᠲᠤ ᠬᠤᠰᠢᠭᠤ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠶᠡᠷᠦᠩᠬᠡᠶᠢᠯᠡᠨ | ᠵᠠᠰᠠᠬᠤ ᠶᠢ ᠪᠠᠷᠢᠮᠲᠠᠯᠠᠵᠤ᠂ 2024 ᠣᠨ ᠳᠤ 1.82 ᠲᠦᠮᠡᠨ ᠮᠦ ᠶᠢ ᠬᠥᠮᠥᠨ ᠤ ᠬᠦᠴᠦ ᠪᠠᠷ ᠣᠶᠢᠵᠢᠭᠤᠯᠵᠤ᠂ 1.8 ᠲᠦᠮᠡᠨ ᠮᠦ ᠶᠢᠨ ᠡᠯᠡᠰᠦ ᠶᠢ | ᠲᠣᠭᠲᠠᠪᠤᠷᠢᠵᠢᠭᠤᠯᠬᠤ ᠢᠨᠵᠧᠨᠧᠷᠢᠩ ᠢ ᠪᠡᠶᠡᠯᠡᠬᠦᠯᠦᠨ᠂ 2 ᠲᠦᠮᠡᠨ ᠮᠦ ᠶᠢᠨ ᠤᠢ ᠰᠢᠭᠤᠢ ᠶᠢ ᠠᠷᠠᠴᠢᠯᠠᠨ ᠪᠣᠶᠢᠵᠢᠭᠤᠯᠵᠤ᠂ 1.41 ᠲᠦᠮᠡᠨ ᠮᠦ ᠶᠢᠨ | ᠲᠠᠴᠢᠷᠳᠠᠭᠰᠠᠨ ᠤᠢ ᠶᠢ ᠵᠠᠰᠠᠨ ᠰᠡᠷᠭᠦᠭᠡᠵᠦ᠂ ︽ᠲᠤᠬᠤᠢ︾ ᠳᠣᠲᠣᠷᠠᠬᠢ 1700 ᠮᠦ ᠶᠢᠨ ᠬᠡᠰᠡᠭ ᠪᠤᠰᠠᠭ ᠡᠯᠡᠰᠦᠨ ᠳᠤᠪᠤ ᠶᠢ ᠪᠦᠬᠦᠨ ᠢ ᠤᠰᠠᠳᠬᠠᠬᠤ ᠪᠠᠷ | ᠲᠥᠯᠥᠪᠯᠡᠵᠦ ᠪᠤᠢ᠃ | | | |