ᠪᠥᠬᠦ ᠳᠡᠯᠡᠬᠡᠢ ᠶᠢᠨ ︽ᠬᠡᠯᠡᠨ ᠤ ᠦᠵᠦᠭᠦᠷ︾ ᠳᠡᠭᠡᠷᠡᠬᠢ ᠪᠠᠶᠠᠨᠨᠠᠭᠤᠷ ᠤᠨ ᠨᠡᠷᠡᠨ ᠬᠤᠸᠠᠷ ᠤᠨ ᠦᠨᠦᠷ ᠠᠮᠲᠠ 
ᠨᠡᠶᠢᠲᠡᠯᠡᠭᠰᠡᠨ ᠴᠠᠭ᠄
2024/3/29
      ᠨᠢᠭᠡᠨ ᠵᠢᠵᠢᠭᠬᠡᠨ ᠨᠠᠷᠠᠨ ᠬᠤᠸᠠᠷ ᠤᠨ ᠦᠷ᠎ᠡ ᠨᠢ ᠬᠥᠮᠥᠰ ᠤᠨ ᠡᠳᠦᠷ ᠲᠤᠲᠤᠮ ᠤᠨ ᠠᠮᠢᠳᠤᠷᠠᠯ ᠤᠨ ᠠᠭᠤᠷ ᠠᠮᠢᠰᠬᠤᠯ ᠢ ᠠᠴᠢᠶᠠᠯᠠᠵᠤ ᠪᠠᠶᠢᠳᠠᠭ᠂ ᠡᠷᠲᠡᠨ ᠤ ᠬᠥᠮᠥᠰ ᠪᠠ ᠡᠳᠦᠭᠡ ᠶᠢᠨ ᠬᠥᠮᠥᠰ ᠪᠦᠷ ᠲᠡᠭᠦᠨ ᠳᠤ ᠳᠤᠷᠠᠲᠠᠢ ᠪᠠᠶᠢᠳᠠᠭ᠃       ᠨᠢᠭᠡ ᠮᠥᠬᠦᠯᠢᠭ ᠰᠠᠶᠢᠨ ᠨᠠᠷᠠᠨ ᠬᠤᠸᠠᠷ ᠤᠨ ᠦᠷ᠎ᠡ ᠶᠢᠨ ᠠᠷᠤ ᠳᠤ ᠨᠢᠭᠡ ᠰᠠᠶᠢᠨ ᠠᠵᠤ ᠦᠢᠯᠡᠰ ᠠᠴᠠ ᠰᠠᠯᠵᠤ ᠴᠢᠳᠠᠬᠤ ᠦᠭᠡᠢ ᠶᠤᠮ᠃       ᠤᠯᠠᠨ ᠤ ᠮᠡᠳᠡᠭᠡᠵᠢ ᠪᠠᠷ᠂ ᠦᠷ᠎ᠡ ᠶᠢᠨ ᠲᠦᠷᠦᠯ ᠤᠨ ᠲᠠᠷᠢᠮᠠᠯ ᠤᠨ ᠦᠷ᠎ᠡ ᠪᠣᠯᠤᠭᠰᠠᠨ ᠤ ᠬᠤᠪᠢ ᠳᠤ᠂ ᠨᠡᠷᠡᠨ ᠬᠤᠸᠠᠷ ᠪᠣᠯ ︽ᠨᠠᠷᠠᠨ ᠬᠤᠸᠠᠷ ᠤᠨ ᠦᠷ᠎ᠡ ᠶᠢᠨ ᠪᠦᠯᠦᠭ︾ ᠤᠨ ᠲᠥᠯᠥᠭᠡᠯᠡᠭᠴᠢ ᠮᠥᠨ᠃ ᠳᠡᠯᠡᠬᠡᠢ ᠶᠢᠨ ᠨᠡᠷᠡᠨ ᠬᠤᠸᠠᠷ ᠳᠤᠮᠳᠠᠳᠤ ᠤᠯᠤᠰ ᠢ ᠬᠠᠷᠠᠨ᠎ᠠ᠂ ᠳᠤᠮᠳᠠᠳᠤ ᠤᠯᠤᠰ ᠤᠨ ᠨᠡᠷᠡᠨ ᠬᠤᠸᠠᠷ ᠥᠪᠥᠷ ᠮᠣᠩᠭᠤᠯ ᠢ ᠬᠠᠷᠠᠨ᠎ᠠ᠂ ᠥᠪᠥᠷ ᠮᠣᠩᠭᠤᠯ ᠤᠨ ᠨᠡᠷᠡᠨ ᠬᠤᠸᠠᠷ ᠪᠠᠶᠠᠨᠨᠠᠭᠤᠷ ᠢ ᠬᠠᠷᠠᠨ᠎ᠠ ᠭᠡᠳᠡᠭ ᠢ ᠠᠵᠢᠯ ᠲᠦᠷᠦᠯ ᠤᠨ ᠬᠢᠨ ᠰᠠᠶᠢᠨ ᠮᠡᠳᠡᠨ᠎ᠠ᠃       ᠨᠡᠷᠡᠨ ᠬᠤᠸᠠᠷ ᠤᠤᠯ ᠨᠢ ᠤᠮᠠᠷᠠᠲᠤ ᠠᠮᠧᠷᠢᠺᠠ ᠲᠢᠪ ᠤᠨ ᠪᠠᠷᠠᠭᠤᠨ ᠡᠮᠦᠨᠡᠲᠦ ᠬᠡᠰᠡᠭ ᠠᠴᠠ ᠭᠠᠷᠤᠯᠲᠠ ᠲᠠᠢ᠂ ᠮᠢᠩ ᠤᠯᠤᠰ ᠤᠨ ᠦᠶ᠎ᠡ ᠳᠤ ︽ᠳᠠᠯᠠᠶ ᠳᠡᠭᠡᠷᠡᠬᠢ ᠲᠣᠷᠭᠠᠨ ᠵᠠᠮ︾ ᠢᠶᠠᠷ ᠳᠡᠮᠵᠢᠨ ᠮᠠᠨ ᠤ ᠤᠯᠤᠰ ᠲᠤ ᠤᠯᠠᠮᠵᠢᠯᠠᠭᠳᠠᠨ ᠣᠷᠣᠵᠤ ᠢᠷᠡᠭᠡᠳ ᠮᠠᠰᠢ ᠲᠦᠷᠭᠡᠨ ᠳᠡᠯᠭᠡᠷᠡᠵᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠡᠷᠡᠨ ᠬᠤᠸᠠᠷ ᠳᠠᠷᠢᠬᠤ ᠲᠠᠯᠠᠪᠠᠶ ᠲᠠᠰᠤᠷᠠᠯᠲᠠ ᠦᠭᠡᠢ ᠥᠷᠭᠡᠳᠴᠦ᠂ ᠥᠪᠥᠷ ᠮᠣᠩᠭᠤᠯ ᠨᠢ ᠳᠤᠮᠳᠠᠳᠤ ᠤᠯᠤᠰ ᠤᠨ ᠬᠠᠮᠤᠭ ᠤᠨ ᠲᠣᠮᠣ ᠨᠡᠷᠡᠨ ᠬᠤᠸᠠᠷ ᠳᠠᠷᠢᠬᠤ ᠣᠷᠣᠨ ᠪᠣᠯᠤᠭᠰᠠᠨ ᠪᠠᠶᠠᠨᠨᠠᠭᠤᠷ ᠬᠤᠲᠠ ᠶᠢᠨ ᠪᠥᠬᠦ ᠵᠢᠯ ᠳᠤ ᠳᠠᠷᠢᠵᠤ ᠪᠠᠶᠢᠭ᠎ᠠ ᠨᠡᠷᠡᠨ ᠬᠤᠸᠠᠷ ᠵᠡᠷᠭᠡ ᠡᠯ᠎ᠡ ᠲᠥᠷᠥᠯ ᠤᠨ ᠦᠷ᠎ᠡ ᠶᠢᠨ ᠲᠠᠷᠢᠮᠠᠯ ᠤᠨ ᠲᠠᠯᠠᠪᠠᠶ ᠨᠢ 400 ᠭᠠᠷᠤᠢ ᠲᠦᠮᠡᠨ ᠮᠦ ᠳᠤ ᠬᠦᠷᠴᠡᠢ᠃ ᠪᠦᠬᠦ ᠤᠯᠤᠰ ᠤᠨ ᠲᠦᠷᠪᠡᠨ ᠤ ᠨᠢᠭᠡ ᠬᠤᠪᠢ ᠶᠢ ᠡᠵᠡᠯᠡᠵᠦ᠂ ᠭᠠᠷᠤᠯᠲᠠ ᠶᠢᠨ ᠬᠡᠮᠵᠢᠶ᠎ᠡ ᠨᠢ ᠪᠦᠬᠦ ᠤᠯᠤᠰ ᠤᠨ ᠭᠤᠷᠪᠠᠨ ᠤ ᠨᠢᠭᠡ ᠬᠤᠪᠢ ᠶᠢ ᠡᠵᠡᠯᠡᠵᠦ᠂ ᠳᠤᠮᠳᠠᠳᠤ ᠤᠯᠤᠰ ᠤᠨ ᠪᠠᠷᠠᠭᠤᠨ ᠣᠷᠣᠨ ᠤ ᠬᠠᠮᠤᠭ ᠤᠨ ᠶᠡᠭᠡ ᠢᠳᠡᠰᠢᠨ ᠤ ᠨᠡᠷᠡᠨ ᠬᠤᠸᠠᠷ ᠲᠠᠷᠢᠬᠤ ᠰᠠᠭᠤᠷᠢᠨ ᠪᠠ ᠲᠥᠪᠯᠡᠷᠡᠭᠦᠯᠵᠦ ᠲᠠᠷᠬᠠᠭᠠᠬᠤ ᠭᠠᠵᠠᠷ ᠪᠣᠯᠣᠨ᠎ᠠ᠂ ᠦᠷ᠎ᠡ ᠶᠢᠨ  ᠲᠦᠷᠦᠯ ᠤᠨ ᠪᠦᠲᠦᠭᠡᠭᠳᠡᠬᠦᠨ ᠢ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠣᠭ᠎ᠠ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ 40 ᠤᠯᠤᠰ ᠪᠠ ᠭᠠᠵᠠᠷ ᠣᠷᠣᠨ ᠳᠤ ᠭᠠᠷᠭᠠᠨ᠎ᠠ᠃       ᠥᠪᠥᠷ ᠮᠣᠩᠭᠤᠯ ᠤᠨ ᠺᠦᠢ  ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠳᠤ᠂ ᠦᠢᠯᠡᠳᠪᠦᠷᠢ ᠶᠢᠨ ᠲᠠᠰᠤᠭ ᠤᠨ ᠠᠵᠢᠯᠴᠢᠳ ᠨᠠᠷᠠᠨ ᠬᠤᠸᠠᠷ ᠤᠨ ᠦᠷ᠎ᠡ ᠶᠢ ᠤᠭᠤᠲᠠᠯᠠᠵᠤ᠂ ᠠᠮᠠᠰᠠᠷ ᠢ ᠨᠢ ᠪᠢᠲᠡᠭᠦᠮᠵᠢᠯᠡᠵᠦ᠂ ᠣᠪᠣᠭᠠᠯᠠᠵᠤ᠂ ᠮᠥᠷ ᠮᠥᠷ ᠰᠠᠶᠢᠨ ᠨᠠᠷᠠᠨ ᠬᠤᠸᠠᠷ ᠤᠨ ᠦᠷ᠎ᠡ ᠶᠢ ᠪᠦᠬᠦ ᠳᠡᠯᠡᠬᠡᠢ ᠶᠢᠨ ᠡᠯ᠎ᠡ ᠭᠠᠵᠠᠷ ᠲᠤ ᠬᠦᠷᠭᠡᠬᠦ ᠪᠠᠷ ᠬᠦᠯᠢᠶᠡᠵᠦ ᠪᠠᠶᠢᠯ᠎ᠠ᠃ ᠪᠦᠲᠦᠭᠡᠭᠳᠡᠬᠦᠨ ᠤ ᠰᠣᠩᠭᠤᠭᠤᠯᠢ ᠶᠢᠨ ᠲᠣᠭᠤᠷᠢᠭ ᠲᠤ᠂ ᠨᠠᠷᠠᠨ ᠬᠤᠸᠠᠷ ᠤᠨ ᠦᠷ᠎ᠡ ᠶᠢ ᠠᠳᠠᠯᠢ ᠨᠢᠭᠡᠨ ᠳᠡᠰ ᠲᠤ ᠬᠦᠷᠭᠡᠬᠦ ᠶᠢᠨ ᠲᠥᠯᠥᠭᠡ᠂ ᠡᠮᠡᠭᠲᠡᠢ ᠠᠵᠢᠯᠴᠢᠳ ᠳᠠᠮᠵᠢᠭᠤᠯᠬᠤ ᠪᠦᠰᠡ ᠶᠢᠨ ᠡᠮᠦᠨ᠎ᠡ ᠰᠠᠭᠤᠵᠤ᠂ ᠨᠠᠷᠠᠨ ᠬᠤᠸᠠᠷ ᠤᠨ ᠦᠷ᠎ᠡ ᠶᠢ ᠨᠠᠷᠢᠨ ᠨᠢᠮᠪᠠᠢ ᠰᠢᠯᠢᠵᠦ ᠰᠣᠩᠭᠤᠭᠠᠳ᠂ ᠥᠩᠭᠡ ᠨᠢ ᠭᠦᠨ᠂ ᠶᠡᠭᠡ ᠪᠠᠭ᠎ᠠ ᠨᠢ ᠠᠳᠠᠯᠢ ᠦᠭᠡᠢ᠂ ᠬᠡᠯᠪᠡᠷᠢ ᠳᠦᠷᠰᠦ ᠨᠢ ᠰᠠᠶᠢᠬᠠᠨ ᠦᠭᠡᠢ ᠶᠢ ᠨᠢ ᠪᠦᠷ ᠰᠢᠯᠢᠵᠦ ᠭᠠᠷᠭᠠᠳᠠᠭ᠃ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠲᠤ᠂ ᠪᠣᠭᠤᠳᠠᠯ ᠪᠠᠭᠯᠠᠭ᠎ᠠ ᠲᠠᠢ ︽ᠺᠦᠢ  ᠰᠢᠶᠠᠨ ᠱᠧᠩ︾ ᠲᠡᠮᠳᠡᠭᠲᠦ ᠭᠤᠸᠠ ᠶᠢᠨ ᠦᠷ᠎ᠡ ᠶᠢ ᠲᠡᠷᠢ ᠲᠡᠭᠰᠢ ᠦᠷᠦᠵᠦ ᠲᠠᠯᠪᠢᠨ᠎ᠠ᠃       ︽ᠮᠠᠨ ᠤ ᠺᠣᠮᠫᠠᠨᠢ ᠨᠢᠭᠡᠨᠲᠡ 7 ᠶᠡᠭᠡ ᠰᠢᠷᠢᠰ 20 ᠭᠠᠷᠤᠢ ᠲᠦᠷᠦᠯ ᠤᠨ ᠨᠡᠷᠡᠨ ᠬᠤᠸᠠᠷ ᠤᠨ ᠦᠷ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ᠂ ᠤᠤᠯ ᠠᠮᠲᠠ᠂ ᠵᠥᠭᠡᠬᠡᠢ ᠶᠢᠨ ᠠᠮᠲᠠ᠂ ᠲᠠᠪᠤᠨ ᠠᠩᠬᠢᠯᠤᠮ᠎ᠠ ᠦᠨᠦᠷ ᠵᠡᠷᠭᠡ ᠤᠯᠠᠨ ᠵᠦᠢᠯ ᠤᠨ ᠠᠮᠲᠠ ᠪᠠᠷ ᠠᠳᠠᠯᠢ ᠪᠤᠰᠤ ᠬᠡᠷᠡᠭᠴᠡᠭᠡ ᠶᠢ ᠬᠠᠩᠭᠠᠵᠤ ᠪᠠᠶᠢᠭ᠎ᠠ ᠵᠣᠴᠢᠨ ᠡᠷᠦᠬᠡ ᠶᠢ ᠦᠢᠯᠡᠳᠪᠦᠷᠢᠯᠡᠵᠦ᠂ ᠪᠦᠲᠦᠭᠡᠭᠳᠡᠬᠦᠨ ᠢᠶᠠᠨ ᠨᠢᠭᠡᠨᠲᠡ ᠺᠠᠨᠠᠳᠠ᠂ ᠲᠦᠷᠺ᠂ ᠢᠷᠡᠨ ᠵᠡᠷᠭᠡ 20 ᠭᠠᠷᠤᠢ ᠤᠯᠤᠰ ᠪᠠ ᠭᠠᠵᠠᠷ ᠣᠷᠣᠨ ᠳᠤ ᠭᠠᠷᠭᠠᠵᠤ ᠪᠠᠶᠢᠨ᠎ᠠ︾  ᠥᠪᠥᠷ ᠮᠣᠩᠭᠤᠯ ᠤᠨ ᠺᠦᠢ  ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ  ᠨᠢᠦ ᠴᠠᠩ ᠮᠢᠩ᠄ ︽ᠮᠠᠨ ᠤ ᠺᠣᠮᠫᠠᠨᠢ ᠶᠢᠨ ᠦᠢᠯᠡᠳᠬᠦᠨ ᠭᠠᠭᠴᠠᠮᠣᠳᠤ ᠪᠣᠭᠤᠮᠲᠠ ᠳᠤ ᠤᠷᠠᠳ ᠨᠡᠷᠡᠮᠵᠢᠲᠦ ᠵᠢᠰᠢᠶᠠᠨ ᠤ ᠭᠠᠯᠲᠤ ᠲᠡᠷᠭᠡᠨ ᠳᠤ ︿ᠰᠠᠭᠤᠭᠰᠠᠨ ﹀ ᠤ ᠳᠠᠷᠠᠭ᠎ᠠ ᠬᠤᠶᠠᠷ ᠱᠤᠭᠤᠮ ᠢᠶᠠᠷ ᠪᠦᠬᠦ ᠪᠥᠮᠪᠥᠷᠴᠡᠭ ᠤᠨ ᠡᠯ᠎ᠡ ᠭᠠᠵᠠᠷ ᠲᠤ ᠬᠦᠷᠦᠨ᠎ᠡ︾ ᠭᠡᠵᠦ ᠣᠮᠤᠭ ᠪᠠᠭ᠋ᠠᠳᠤᠯ ᠲᠠᠢ ᠪᠠᠷ ᠬᠡᠯᠡᠪᠡ᠃       ᠥᠪᠥᠷ ᠮᠣᠩᠭᠤᠯ ᠤᠨ ᠺᠦᠢ  ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠪᠣᠯ ᠥᠪᠥᠷ ᠮᠣᠩᠭᠤᠯ ᠤᠨ ᠳ᠋ᠢᠩ ᠶᠧ ᠢᠳᠡᠭᠡᠨ ᠤ ᠬᠢᠵᠠᠭᠠᠷᠲᠤ ᠺᠣᠮᠫᠠᠨᠢ ᠶᠢᠨ ᠬᠤᠪᠢᠶᠠᠷᠢ ᠺᠣᠮᠫᠠᠨᠢ ᠮᠥᠨ᠂ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠺᠦᠢ  ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠲᠦᠷᠺ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ︵ᠳ᠋ᠦᠪᠠᠢ︶ ᠲᠤ ᠭᠠᠳᠠᠭᠠᠳᠤ ᠬᠥᠮᠥᠷᠭᠡ ᠪᠠᠶᠢᠭᠤᠯᠤᠭᠰᠠᠨ ᠪᠥᠭᠡᠳ ᠲᠦᠷᠺ ᠤᠨ MRK ᠢᠳᠡᠭᠡᠨ ᠤ ᠠᠵᠤ ᠦᠢᠯᠡᠳᠪᠦᠷᠢ ᠶᠢᠨ ᠠᠷᠠᠯᠵᠢᠶᠠᠨ ᠤ ᠬᠢᠵᠠᠭᠠᠷᠲᠤ ᠺᠣᠮᠫᠠᠨᠢ ᠪᠠᠶᠢᠭᠤᠯᠤᠭᠰᠠᠨ ᠪᠠᠶᠢᠨ᠎ᠠ᠃ ᠥᠪᠥᠷ ᠮᠣᠩᠭᠤᠯ ᠤᠨ ᠺᠦᠢ  ᠰᠢᠶᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ︽ᠭᠠᠳᠠᠭᠰᠢ ᠭᠠᠷᠬᠤ︾ ᠶᠢ ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾  ᠤᠨ ᠤᠯᠤᠰ ᠤᠨ ᠡᠯ᠎ᠡ ᠲᠦᠷᠦᠯ ᠤᠨ ᠦᠵᠡᠰᠬᠦᠯᠡᠩ ᠳᠤ ᠢᠳᠡᠪᠬᠢᠲᠡᠢ ᠣᠷᠣᠯᠴᠠᠬᠤ ᠶᠢᠨ ᠬᠠᠮᠲᠤ ᠤᠷᠤᠰ᠂ ᠫᠠᠺᠢᠰᠲ᠋ᠠᠨ᠂ ᠢᠰᠫᠠᠨᠢ᠂ ᠢᠷᠡᠨ ᠵᠡᠷᠭᠡ ᠤᠯᠤᠰ ᠤᠨ 10 ᠭᠠᠷᠤᠢ ᠠᠵᠤ ᠠᠬᠤᠶᠢᠯᠠᠯ ᠤᠨ ᠲᠥᠯᠥᠭᠡᠯᠡᠭᠴᠢ ᠶᠢᠨ ᠪᠠᠶᠠᠨᠨᠠᠭᠤᠷ ᠬᠤᠳᠠ ᠳᠤ ᠢᠷᠡᠵᠤ ᠰᠢᠨᠵᠢᠯᠡᠨ ᠪᠠᠶᠢᠴᠠᠭᠠᠵᠤ ᠰᠣᠯᠢᠯᠴᠠᠬᠤ ᠶᠢ ᠬᠦᠯᠢᠶᠡᠨ ᠠᠪᠤᠪᠠ᠃       2023 ᠣᠨ ᠳᠤ ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠱᠠᠩᠬᠠᠢ ᠳᠤ ᠭᠤᠣᠯᠯᠠᠨ ᠡᠷᠬᠢᠯᠡᠭᠰᠡᠨ ︽ᠪᠣᠭᠤᠮᠲᠠ ᠶᠢᠨ ᠭᠠᠶᠢᠯᠢ ᠶᠢᠨ ᠪᠤᠰᠤ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠶᠠᠨ ᠤ ᠲᠠᠪᠴᠠᠩ︾ ᠳᠡᠭᠡᠷ᠎ᠡ᠂ 2023 ᠣᠨ ᠤ ᠪᠦᠬᠦ ᠤᠯᠤᠰ ᠤᠨ 6 ᠰᠢᠨ᠎ᠡ ᠪᠠᠷ ᠪᠠᠶᠢᠭᠤᠯᠤᠭᠰᠠᠨ ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠤᠨ ᠦᠨᠡᠯᠡᠬᠦ ᠰᠠᠭᠤᠷᠢᠨ ᠭᠠᠵᠠᠷ ᠤᠨ ᠨᠢᠭᠡ ᠪᠣᠯᠬᠤ ᠪᠠᠶᠠᠨᠨᠠᠭᠤᠷ ᠤᠨ ᠦᠷ᠎ᠡ ᠶᠢᠨ ᠲᠦᠷᠦᠯ ᠤᠨ ᠪᠦᠲᠦᠭᠡᠭᠳᠡᠬᠦᠨ ᠢ ᠦᠨᠡᠯᠡᠨ ᠶᠠᠷᠢᠯᠴᠠᠬᠤ ᠰᠠᠭᠤᠷᠢᠨ ᠭᠠᠵᠠᠷ ᠨᠢ ᠪᠦᠬᠦ ᠤᠯᠤᠰ ᠤᠨ ᠴᠤᠷ ᠤᠨ ᠭᠠᠭᠴᠠ ᠦᠷ᠎ᠡ ᠶᠢᠨ ᠲᠦᠷᠦᠯ ᠤᠨ ᠪᠦᠲᠦᠭᠡᠭᠳᠡᠬᠦᠨ ᠤ ᠬᠦᠷᠢᠶᠡᠨ ᠳᠤ ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠬᠤ ᠰᠠᠭᠤᠷᠢᠨ ᠭᠠᠵᠠᠷ ᠪᠣᠯᠵᠠᠢ᠃       ︽︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠠᠴᠠ ᠨᠠᠰᠢ᠂ ᠵᠠᠰᠠᠭ ᠤᠨ ᠣᠷᠳᠣᠨ ᠪᠣᠯᠣᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠪᠢᠳᠡᠨ ᠢ ᠳᠠᠭᠠᠭᠤᠯᠤᠨ ᠭᠠᠳᠠᠭᠰᠢ ᠭᠠᠷᠴᠤ᠂ ᠪᠢᠳᠡ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢᠶᠠᠨ ᠵᠢᠯ ᠳᠠᠷᠠᠭᠠᠯᠠᠨ ᠥᠷᠭᠡᠳᠬᠡᠵᠦ᠂ ︿ᠨᠢᠭᠡ ᠪᠦᠰᠡ ᠨᠢᠭᠡ ᠵᠠᠮ﹀ ᠤᠨ ᠬᠠᠮᠲᠤᠷᠠᠯᠴᠠᠭᠠᠨ ᠤ ᠬᠡᠪᠴᠢᠶᠡᠨ ᠳᠤ᠂ ᠪᠢᠳᠡ 36 ᠤᠯᠤᠰ ᠲᠠᠢ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠪᠠ︾ ᠥᠪᠥᠷ ᠮᠣᠩᠭᠤᠯ ᠤᠨ ᠯᠢ ᠨᠢᠦ ᠨᠢᠦ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠸᠧᠨ ︽ᠪᠠᠶᠠᠨᠨᠠᠭᠤᠷ ᠬᠤᠳᠠ ᠶᠢᠨ ᠬᠢᠯᠢ ᠶᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠲᠠᠢ ᠬᠠᠮᠲᠤᠷᠠᠯᠴᠠᠭᠰᠠᠨ ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠤᠨ ᠦᠨᠡᠯᠡᠬᠦ ᠰᠠᠭᠤᠷᠢᠨ ᠭᠠᠵᠠᠷ ᠤᠨ ᠬᠢᠨ ᠮᠠᠨ ᠤ ᠺᠣᠮᠫᠠᠨᠢ ᠳᠤ ᠨᠤᠲᠤᠭᠰᠢᠭᠰᠠᠨ ᠨᠢ ᠨᠡᠷᠡᠨ ᠬᠤᠸᠠᠷ ᠤᠨ ᠠᠵᠢᠯ ᠲᠦᠷᠦᠯ ᠤᠨ ᠬᠥᠰᠢᠶ᠎ᠡ ᠳᠤᠷᠠᠰᠬᠠᠯ ᠪᠣᠯᠣᠨ᠎ᠠ᠃ ᠲᠡᠷᠡ ᠨᠢ ᠪᠠᠶᠠᠨᠨᠠᠭᠤᠷ ᠤᠨ ᠨᠡᠷᠡᠨ ᠬᠤᠸᠠᠷ ᠤᠨ ᠳᠡᠯᠡᠬᠡᠢ ᠶᠢᠨ ᠪᠠ ᠪᠥᠬᠦ ᠤᠯᠤᠰ ᠲᠠᠬᠢ ᠪᠠᠶᠢᠷᠢ ᠰᠠᠭᠤᠷᠢ ᠶᠢ ᠲᠥᠯᠥᠭᠡᠯᠡᠵᠦ᠂ ᠲᠠᠷᠠᠭᠠᠴᠢ ᠶᠢᠨ ᠠᠯᠬᠤᠮ ᠳᠤ ᠨᠡᠷᠡᠨ ᠬᠤᠸᠠᠷ ᠢ ᠪᠠᠷᠢᠮᠵᠢᠶᠠᠵᠢᠭᠤᠯᠤᠨ ᠬᠡᠷᠡᠭᠯᠡᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠪᠠᠷᠢᠮᠵᠢᠶᠠᠵᠢᠭᠤᠯᠤᠨ ᠪᠣᠯᠪᠠᠰᠤᠷᠠᠭᠤᠯᠬᠤ ᠪᠠ ᠪᠠᠷᠢᠮᠵᠢᠶᠠᠵᠢᠭᠤᠯᠤᠨ ᠳᠠᠷᠢᠬᠤ ᠶᠢ ᠳᠡᠯᠭᠡᠷᠡᠭᠦᠯᠬᠦ ᠳᠤ ᠴᠥᠮ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ︾ ᠭᠡᠵᠡᠢ᠃       ᠥᠪᠥᠷ ᠮᠣᠩᠭᠤᠯ ᠤᠨ ᠮᠧᠩ ᠰᠢᠨ ᠴᠧᠨ ᠲᠠᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠨᠡᠷᠡᠨ ᠬᠤᠸᠠᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠪᠠ᠃ ︽ᠪᠢᠳᠡ ᠨᠢᠭᠡ ᠲᠠᠯ᠎ᠠ ᠪᠠᠷ ᠳᠤᠮᠳᠠᠳᠤ ᠤᠯᠤᠰ ᠤᠨ ᠨᠡᠷᠡᠨ ᠬᠤᠸᠠᠷ ᠤᠨ ᠦᠷ᠎ᠡ ᠶᠢ ᠭᠠᠳᠠᠭᠠᠳᠤ ᠳᠤ ᠭᠠᠷᠭᠠᠵᠤ᠂ ᠨᠥᠭᠦᠭᠡ ᠲᠠᠯ᠎ᠠ ᠪᠠᠷ ᠪᠤᠰᠤᠳ ᠤᠯᠤᠰ ᠤᠨ ᠨᠡᠷᠡᠨ ᠬᠤᠸᠠᠷ ᠤᠨ ᠴᠥᠮ᠎ᠡ ᠶᠢ ᠭᠠᠳᠠᠭᠠᠳᠤ ᠠᠴᠠ ᠣᠷᠣᠭᠤᠯᠵᠤ ᠨᠡᠷᠡᠨ ᠬᠤᠸᠠᠷ ᠤᠨ ᠴᠥᠮ᠎ᠡ ᠶᠢᠨ ᠲᠣᠰᠣ ᠦᠢᠯᠡᠳᠪᠦᠷᠢᠯᠡᠨ᠎ᠡ︾ ᠲᠣᠰ ᠺᠣᠮᠫᠠᠨᠢ ᠶᠢᠨ ᠶᠡᠷᠦᠩᠬᠡᠢ ᠳᠠᠭᠠᠭᠠᠮᠠᠯ ᠶᠠᠩ ᠪᠢᠨ ᠬᠡᠯᠡᠬᠦ ᠳᠡᠭᠡᠨ᠂ ︽︿ᠨᠢᠭᠡ ᠪᠦᠰᠡ ᠨᠢᠭᠡ ᠵᠠᠮ﹀ ᠤᠨ ᠰᠠᠨᠠᠭᠠᠴᠢᠯᠠᠭ᠎ᠠ ᠶᠢ ᠳᠤᠷᠠᠳᠤᠭᠰᠠᠨ ᠤ ᠳᠠᠷᠠᠭ᠎ᠠ᠂ ᠪᠢᠳᠡ ᠪᠠᠶᠠᠨᠨᠠᠭᠤᠷ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ︿ᠨᠢᠭᠡ ᠪᠦᠰᠡ ᠨᠢᠭᠡ ᠵᠠᠮ﹀ ᠤᠨ ᠱᠤᠭᠤᠮ ᠳᠠᠭᠠᠤ ᠶᠢᠨ ᠤᠯᠤᠰ ᠤᠳ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠬᠠᠶᠢᠯᠠᠭᠰᠠᠨ ᠠᠵᠢᠯ ᠢ ᠴᠢᠷᠮᠠᠶᠢᠨ ᠰᠦᠪᠡᠭᠴᠢᠯᠡᠨ ᠥᠷᠭᠡᠳᠬᠡᠨ᠎ᠡ᠃ ᠣᠳᠣᠬᠠᠨ ᠳᠤ᠂ ᠣᠷᠣᠰ ᠂ ᠲᠦᠷᠺ᠂ ᠺᠠᠲ᠋ᠠᠷ ᠵᠡᠷᠭᠡ ᠤᠯᠤᠰ ᠪᠠ ᠭᠠᠵᠠᠷ ᠣᠷᠣᠨ ᠲᠠᠢ ᠨᠢᠭᠡᠨᠲᠡ ᠠᠷᠠᠯᠵᠢᠶᠠᠨ ᠤ ᠬᠠᠷᠢᠴᠠᠭ᠎ᠠ ᠪᠠᠶᠢᠭᠤᠯᠵᠤ᠂ 2022 ᠣᠨ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ 1.41 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2023 ᠣᠨ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ 1.44 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠵᠢᠱᠢᠵᠦ ᠪᠠᠶᠢᠨ᠎ᠠ︾ ᠭᠡᠵᠡᠢ᠃       ᠡᠳᠦᠭᠡ᠂ ᠵᠡᠭᠦᠨ ᠡᠮᠦᠨᠡᠲᠦ ᠠᠽᠢᠶ᠎ᠠ  ᠠᠴᠠ  ᠳᠤᠮᠳᠠᠳᠤ ᠤᠯᠤᠰ  ᠠᠴᠠ ᠮᠣᠩᠭᠤᠯ ᠤᠯᠤᠰ  ᠠᠴᠠ ᠣᠷᠣᠰ ᠤᠨ ᠬᠢᠯᠢ ᠠᠯᠤᠰᠯᠠᠭᠰᠠᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠶᠡᠭᠡ ᠵᠠᠮ ᠪᠠ ᠲᠢᠶᠠᠨᠵᠢᠨ  ᠠᠴᠠ  ᠪᠠᠶᠠᠨᠨᠠᠭᠤᠷ  ᠠᠴᠠ ᠰᠢᠨᠵᠢᠶᠠᠩ ᠤᠨ ᠠᠯᠠᠱᠠᠨ ᠠᠳᠠᠭ ᠤᠨ ᠰᠢᠨ᠎ᠡ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ ᠶᠢᠨ ᠬᠥᠭᠦᠷᠭᠡ ᠶᠢᠨ ᠠᠭᠤᠯᠵᠠᠷ ᠲᠤ ᠪᠠᠶᠢᠷᠢᠯᠠᠵᠤ ᠪᠠᠶᠢᠭ᠎ᠠ ᠪᠠᠶᠠᠨᠨᠠᠭᠤᠷ ᠬᠤᠲᠠ ᠨᠢ ᠪᠥᠬᠦ ᠪᠥᠮᠪᠥᠷᠴᠡᠭ ᠤᠨ 102 ᠤᠯᠤᠰ ᠪᠠ ᠭᠠᠵᠠᠷ ᠣᠷᠣᠨ ᠯᠤᠭ᠎ᠠ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠥᠷᠨᠢᠭᠦᠯᠵᠦ᠂ ᠡᠭᠦᠨ ᠳᠤ ︽ᠨᠢᠭᠡ ᠪᠦᠰᠡ ᠨᠢᠭᠡ ᠵᠠᠮ︾ ᠤᠨ ᠱᠤᠭᠤᠮ ᠳᠠᠭᠠᠤ ᠶᠢᠨ 65 ᠤᠯᠤᠰ ᠪᠠ ᠭᠠᠵᠠᠷ ᠣᠷᠣᠨ ᠤ ᠳᠣᠲᠣᠷᠠᠬᠢ 40  ᠨᠢ ᠬᠤᠯᠪᠣᠭᠳᠠᠵᠤ᠂ ᠣᠷᠣᠨ ᠪᠦᠰᠡ ᠶᠢᠨ ᠪᠦᠷᠬᠦᠴᠡ ᠶᠢᠨ ᠨᠣᠷᠮ᠎ᠠ ᠨᠢ 60%  ᠠᠴᠠ ᠳᠡᠭᠡᠭᠰᠢ ᠳᠤ ᠭᠦᠷᠦᠭᠰᠡᠨ ᠪᠠᠶᠢᠨ᠎ᠠ᠃       ᠵᠢᠵᠢᠭᠬᠡᠨ ᠨᠡᠷᠡᠨ ᠬᠤᠸᠠᠷ ᠤᠨ ᠦᠷ᠎ᠡ ᠨᠢ ᠡᠨᠡᠬᠦ 60% ᠠᠴᠠ ᠳᠡᠭᠡᠭᠰᠢᠬᠢ ᠣᠷᠣᠨ ᠪᠦᠰᠡ ᠶᠢᠨ ᠪᠦᠷᠬᠦᠴᠡ ᠶᠢᠨ ᠨᠤᠷᠮ᠎ᠠ ᠳᠤ ᠲᠡᠭᠦᠨ ᠤ ᠲᠡᠦᠬᠡ ᠠᠴᠠ ᠳᠠᠪᠠᠵᠤ ᠢᠷᠡᠭᠰᠡᠨ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃       ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠠᠴᠠ ᠬᠡᠷᠡᠭᠯᠡᠭᠡᠨ ᠤ ᠵᠦᠢᠯ ᠬᠦᠷᠲᠡᠯ᠎ᠡ᠂ ᠨᠡᠷᠡᠨ ᠬᠤᠸᠠᠷ ᠤᠨ ᠦᠷ᠎ᠡ ᠬᠡᠳᠦᠨ ᠵᠠᠭᠤᠨ ᠵᠢᠯ ᠤᠨ ᠴᠠᠭ ᠬᠤᠭᠤᠴᠠᠭ᠎ᠠ ᠪᠠ ᠣᠷᠣᠨ ᠵᠠᠢ ᠶᠢ ︽ᠲᠤᠭᠤᠯᠤᠭᠰᠠᠨ︾ ᠪᠠᠶᠢᠨ᠎ᠠ᠃ ᠪᠠᠶᠠᠨᠨᠠᠭᠤᠷ ᠤᠨ ᠨᠡᠷᠡᠨ ᠬᠤᠸᠠᠷ ᠤᠨ ᠦᠷ᠎ᠡ ᠶᠢᠨ ᠠᠵᠤ ᠦᠢᠯᠡᠰ ᠨᠢ ᠥᠪᠡᠷ ᠤᠨ ᠪᠡᠶ᠎ᠡ ᠳᠡᠭᠡᠨ ᠲᠣᠬᠢᠷᠠᠬᠤ ᠰᠣᠳᠣᠨ ᠪᠦᠲᠦᠭᠡᠯ ᠤᠨ ᠵᠠᠮ ᠢᠶᠠᠷ ᠵᠠᠮᠨᠠᠵᠤ᠂ ᠪᠠᠶᠠᠨᠨᠠᠭᠤᠷ ᠤᠨ ᠨᠡᠷᠡᠨ ᠬᠤᠸᠠᠷ ᠤᠨ ᠦᠷ᠎ᠡ ᠨᠢ ᠴᠦ ᠪᠦᠬᠦ ᠪᠥᠮᠪᠥᠷᠴᠡᠭ ᠤᠨ ︽ᠬᠡᠯᠡᠨ ᠤ ᠦᠵᠦᠭᠦᠷ︾ ᠤᠨ ᠠᠮᠲᠠᠲᠤ ᠢᠳᠡᠭᠡᠨ ᠪᠣᠯᠤᠭᠰᠠᠨ ᠪᠠᠶᠢᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ