ᠣᠶᠢᠷ᠎ᠠ ᠳᠤ᠂ ᠪᠠᠶᠠᠨᠨᠠᠭᠤᠷ ᠬᠤᠲᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠦᠨᠡᠯᠡᠨ ᠲᠣᠭᠲᠠᠭᠠᠬᠤ ᠲᠤᠰᠬᠠᠢ | ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠶᠢᠯᠡᠭᠰᠡᠨ ᠦᠨᠡᠯᠡᠨ ᠲᠣᠭᠲᠠᠭᠠᠯᠲᠠ ᠪᠠᠷ ᠳᠡᠮᠵᠢᠨ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ ᠬᠡᠯᠲᠡᠰ ᠤᠨ | ᠰᠠᠭᠤᠷᠢᠨ ᠭᠠᠵᠠᠷ ᠨᠢ ᠤᠯᠤᠰ ᠤᠨ AA ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠥᠪᠰᠢᠶᠡᠷᠡᠭᠳᠡᠵᠡᠢ᠃ | ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠡᠵᠡᠯᠡᠬᠦ ᠲᠠᠯᠠᠪᠠᠶ ᠨᠢ 7.5 ᠲᠦᠮᠡᠨ ᠲᠡᠭᠰᠢ ᠳᠥᠷᠪᠡᠯᠵᠢᠨ | ᠮᠧᠲᠷ ᠲᠤ ᠬᠦᠷᠴᠦ᠂ ᠭᠤᠣᠯ ᠪᠣᠯᠬᠤ ᠣᠷᠣᠨ ᠪᠦᠰᠡ ᠨᠢ 14500 ᠲᠡᠭᠰᠢ ᠳᠥᠷᠪᠡᠯᠵᠢᠨ ᠮᠧᠲᠷ ᠲᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ 312 ᠮᠤᠵᠢ ᠶᠢᠨ ᠵᠠᠮ ᠤᠨ ᠡᠮᠦᠨ᠎ᠡ 200 ᠮᠧᠲᠷ ᠲᠤ ᠪᠠᠶᠢᠷᠢᠯᠠᠵᠤ ᠪᠣᠶ᠃ ᠡᠭᠦᠨ ᠳᠤ ᠪᠠᠶᠠᠨᠨᠠᠭᠤᠷ ᠤᠨ ᠠᠭᠤᠯᠠ | ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠦᠵᠡᠭᠦᠯᠦᠯᠭᠡ ᠶᠢᠨ ᠲᠣᠭᠤᠷᠢᠭ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠤᠨ | ᠪᠦᠲᠦᠭᠡᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠲᠣᠭᠤᠷᠢᠭ᠂ ᠠᠮᠤ ᠪᠤᠳᠠᠭ᠎ᠠ᠂ ᠮᠢᠬ᠎ᠠ ᠰᠦ ᠨᠣᠣᠯᠣᠭᠤᠷ᠂ ᠵᠢᠮᠢᠰ ᠨᠣᠭᠤᠭ᠎ᠠ᠂ ᠬᠢᠲᠠᠳ ᠡᠮ ᠤᠨ ᠮᠠᠲ᠋ᠧᠷᠢᠶᠠᠯ᠂ | ᠦᠷ᠎ᠡ ᠶᠢᠨ ᠲᠥᠷᠥᠯ ᠤᠨ ᠬᠠᠭᠤᠷᠤᠭᠰᠠᠨ ᠪᠠᠷᠠᠭ᠎ᠠ᠂ ᠨᠡᠷᠡᠵᠦ ᠡᠳ᠋ᠰᠢᠭᠦᠯᠬᠦ᠂ ᠦᠨᠳᠦᠰᠦᠲᠡᠨ ᠤ ᠣᠨᠴᠠᠯᠢᠭ ᠪᠦᠬᠦᠢ ᠲᠤᠯᠤᠭᠠᠨ ᠲᠣᠮᠣ ᠲᠥᠷᠥᠯ ᠵᠦᠢᠯ ᠤᠨ | ᠦᠵᠡᠭᠦᠯᠦᠯᠭᠡ ᠶᠢᠨ ᠲᠣᠭᠤᠷᠢᠭ᠂ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠦᠵᠡᠭᠦᠯᠦᠯᠭᠡ ᠶᠢᠨ | ᠲᠣᠭᠤᠷᠢᠭ᠂ ᠴᠢᠨᠠᠷ ᠰᠠᠶᠢᠲᠠᠢ ᠲᠠᠷᠢᠶᠠᠯᠠᠩ ᠤᠨ ᠭᠠᠷᠤᠯᠲᠠ ᠶᠢᠨ ᠦᠵᠡᠭᠦᠯᠦᠯᠭᠡ ᠶᠢᠨ ᠲᠣᠭᠤᠷᠢᠭ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠣᠷᠣᠨ ᠵᠠᠢ ᠶᠢᠨ | ᠦᠵᠡᠭᠦᠯᠦᠯᠭᠡ ᠶᠢᠨ ᠲᠣᠭᠤᠷᠢᠭ ᠵᠡᠷᠭᠡ ᠪᠣᠶ᠃ ᠲᠤᠰᠬᠠᠢ ᠲᠠᠶᠢᠯᠤᠮᠵᠢ ᠬᠢᠭᠴᠢ 3 ᠬᠥᠮᠥᠨ᠂ ᠲᠤᠰᠢᠶᠠᠯ ᠬᠠᠪᠰᠤᠷᠭᠠᠭᠰᠠᠨ ᠲᠠᠶᠢᠯᠤᠮᠵᠢ ᠬᠢᠭᠴᠢ 8 ᠬᠥᠮᠥᠨ ᠪᠣᠶ᠃ 2023 | ᠣᠨ ᠳᠤ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ ᠬᠡᠯᠲᠡᠰ ᠤᠨ ᠰᠠᠭᠤᠷᠢᠨ ᠳᠤ 370 ᠪᠦᠯᠦᠭ ᠵᠤᠭᠠᠴᠠᠭᠰᠠᠳ ᠢ ᠪᠠᠷᠤᠭ 2 ᠲᠦᠮᠡᠨ ᠬᠥᠮᠥᠨ ᠤᠳᠠᠭ᠎ᠠ | ᠬᠦᠯᠢᠶᠡᠨ ᠠᠪᠤᠪᠠ᠃ | | | |