ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 3 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ | ᠮᠣᠳᠣ ᠲᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ᠂ ᠬᠠᠩᠰᠢ ᠶᠢᠨ ᠡᠳᠦᠷ ᠤᠨ ᠤᠷᠢᠳ ᠬᠤᠵᠢᠳ ᠢᠶᠠᠷ ᠳᠤᠮᠳᠠᠳᠤ ᠶᠢᠨ ᠡᠬᠡ ᠭᠠᠵᠠᠷ ᠲᠤ ᠠᠮᠢᠵᠢᠷᠠᠯ ᠤᠨ | ᠬᠦᠴᠦᠨ ᠢᠶᠠᠷ ᠪᠢᠯᠬᠠᠵᠤ᠂ ᠶᠠᠭ ᠮᠣᠳᠣ ᠲᠠᠷᠢᠬᠤ ᠰᠠᠶᠢᠬᠠᠨ ᠴᠠᠭ ᠪᠣᠯᠣᠨ᠎ᠠ᠃ ᠡᠨᠡ ᠡᠳᠦᠷ ᠪᠢᠳᠡ ᠬᠠᠮᠲᠤ ᠪᠠᠷ ᠮᠣᠳᠣ ᠲᠠᠷᠢᠬᠤ ᠨᠢ ᠳᠠᠷᠤᠢ ᠤᠯᠠᠨ ᠢᠶᠠᠷ ᠢᠶᠠᠨ | ᠬᠥᠳᠡᠯᠦᠯᠴᠡᠵᠦ᠂ ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠬᠥᠮᠥᠨ ᠪᠦᠭᠦᠨ ᠨᠣᠭᠤᠭᠠᠨ ᠥᠩᠭᠡ ᠶᠢᠨ ᠡᠯᠴᠢᠨ᠂ ᠠᠮᠢ ᠠᠬᠤᠢ ᠶᠢᠨ | ᠬᠤᠰᠢᠭᠤᠴᠢ ᠪᠤᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠣᠭᠤᠭᠠᠨ ᠥᠩᠭᠡ ᠨᠡᠮᠡᠷᠢᠯᠡᠵᠦ᠂ ᠬᠥᠮᠥᠨ | ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ | ᠪᠢᠴᠢᠭᠯᠡᠬᠦ ᠶᠢ ᠤᠷᠢᠶᠠᠯᠠᠵᠤ ᠪᠠᠶᠢᠨ᠎ᠠ ᠭᠡᠵᠦ ᠴᠢᠬᠤᠯᠠᠴᠢᠯᠠᠪᠠ᠃ | | | | | | 4 ᠰᠠᠷ᠎ᠠ ᠶᠢᠨ 3 ᠤ ᠡᠳᠦᠷ᠂ ᠨᠠᠮ ᠪᠠ ᠲᠥᠷᠥ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠋ ᠨᠢᠩ᠂ ᠼᠠᠢ ᠴᠢ | ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠯᠦᠴᠧᠩ ᠪᠠᠯᠭᠠᠰᠤᠨ ᠳᠤ ᠬᠦᠷᠴᠦ᠂ ᠨᠡᠶᠢᠰᠯᠡᠯ ᠤᠨ | ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠵᠢᠷᠤᠭ ᠪᠣᠯ ᠰᠢ ᠶᠢᠨ ᠫᠢᠩ ᠤᠯᠠᠨ ᠲᠠᠢ ᠬᠠᠮᠲᠤ ᠮᠣᠳᠣ ᠲᠠᠷᠢᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠪᠡᠭᠡᠵᠢᠩ ᠤᠨ ᠬᠤᠳᠠ ᠶᠢᠨ ᠲᠡᠭᠦᠷᠭᠡ ᠳᠤ ᠬᠠᠪᠤᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠦᠳᠡ ᠶᠢᠨ ᠡᠮᠦᠨᠡᠬᠢ 10 ᠴᠠᠭ 40 ᠮᠢᠨᠦ᠋ᠲ ᠤᠨ | ᠦᠶ᠎ᠡ ᠪᠠᠷ ᠨᠠᠮ ᠪᠠ ᠲᠥᠷᠥ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ | ᠯᠢ ᠰᠢ᠂ ᠬᠠᠨ ᠵᠧᠩ ᠨᠠᠷ ᠬᠠᠮᠲᠤ ᠪᠠᠷ ᠮᠠᠰᠢᠨ ᠲᠡᠷᠭᠡᠨ ᠳᠤ ᠰᠠᠭᠤᠵᠤ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠯᠦᠴᠧᠩ ᠪᠠᠯᠭᠠᠰᠤᠨ ᠳᠤ ᠬᠦᠷᠴᠦ᠂ | ᠨᠡᠶᠢᠰᠯᠡᠯ ᠤᠨ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ | ᠮᠣᠳᠣ ᠲᠠᠷᠢᠬᠤ ᠭᠠᠵᠠᠷ ᠨᠢ ᠪᠡᠭᠡᠵᠢᠩ ᠬᠤᠳᠠ ᠶᠢᠨ ᠲᠦᠩᠵᠸᠤ ᠲᠣᠭᠤᠷᠢᠭ ᠪᠣᠯᠣᠨ ᠾᠧᠪᠧᠢ ᠮᠤᠵᠢ ᠶᠢᠨ ᠯᠠᠩᠹᠠᠩ ᠬᠤᠳᠠ ᠶᠢᠨ ᠬᠤᠶᠢᠲᠤ ᠭᠤᠷᠪᠠᠨ | ᠰᠢᠶᠠᠨ ᠤ ᠠᠭᠤᠯᠵᠠᠷ ᠲᠠᠬᠢ ᠴᠤᠤ ᠪᠠᠢ ᠾᠧ ᠭᠤᠣᠯ ᠤᠨ ᠬᠥᠪᠡᠭᠡᠨ ᠳᠠᠬᠢ ᠪᠡᠭᠡᠵᠢᠩ ᠾᠧᠪᠧᠢ ᠶᠢᠨ ᠠᠩᠬᠠᠳᠠᠭᠴᠢ ᠬᠢᠯᠢ ᠠᠯᠤᠰᠯᠠᠨ ᠬᠠᠮᠲᠤ ᠪᠠᠷ ᠪᠠᠶᠢᠭᠤᠯᠤᠭᠰᠠᠨ | ᠤᠢ ᠰᠢᠭᠤᠢ ᠶᠢᠨ ᠴᠡᠴᠡᠷᠯᠢᠭ ᠲᠤ ᠪᠠᠶᠢᠷᠢᠯᠠᠵᠤ᠂ ᠤᠰᠤ ᠶᠢ ᠬᠠᠪᠢᠳᠠᠭᠰᠠᠨ ᠮᠠᠰᠢ ᠰᠠᠶᠢᠨ ᠠᠮᠢ ᠠᠬᠤᠢ ᠶᠢᠨ ᠨᠥᠬᠦᠴᠡᠯ ᠲᠠᠢ ᠶᠤᠮ᠃ | ᠶᠡᠷᠦᠩᠬᠡᠢ ᠱᠦᠵᠢ ᠢᠷᠡᠭᠰᠡᠨ ᠢ ᠦᠵᠡᠭᠡᠳ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ ᠬᠠᠯᠠᠭᠤᠮᠰᠤᠭ ᠢᠶᠠᠷ ᠮᠡᠨᠳᠦᠴᠢᠯᠡᠪᠡ᠃ | ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠬᠦᠷᠵᠡ ᠪᠠᠷᠢᠨ ᠮᠣᠳᠣ ᠲᠠᠷᠢᠬᠤ ᠭᠠᠵᠠᠷ ᠲᠤ ᠬᠦᠷᠴᠦ᠂ ᠪᠡᠭᠡᠵᠢᠩ ᠬᠤᠳᠠ᠂ ᠤᠯᠤᠰ ᠤᠨ ᠤᠢ | ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠨᠡᠶᠢᠰᠯᠡᠯ ᠤᠨ ᠺᠠᠳ᠋ᠷ ᠤᠯᠠᠨ ᠲᠦᠮᠡᠨ᠂ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠳ ᠲᠠᠢ ᠬᠠᠮᠲᠤ ᠶᠠᠭᠠᠷᠠᠯᠳᠤᠵᠤ ᠡᠬᠢᠯᠡᠪᠡ᠃ | ᠬᠦᠷᠵᠡ ᠪᠠᠷᠢᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ ᠰᠢ ᠶᠢᠨ ᠫᠢᠩ ᠨᠠᠷᠠᠰᠤᠨ ᠮᠣᠳᠣ᠂ ᠰᠢᠷ᠎ᠠ | ᠴᠠᠶᠢᠷ ᠮᠣᠳᠣ᠂ ᠬᠠᠲᠠᠭᠤ ᠴᠠᠭᠠᠨ᠂ ᠢᠩᠲᠣᠣᠷ᠂ ᠤᠯᠠᠭᠠᠨ ᠨᠠᠪᠴᠢᠲᠤ ᠪᠢᠨᠳᠡᠷ ᠴᠡᠴᠡᠭ᠂ ᠬᠠᠪᠲᠠᠭᠠᠢ ᠠᠷᠴᠠ ᠵᠡᠷᠭᠡ ᠤᠯᠠᠨ ᠴᠢᠬᠢ ᠮᠣᠳᠣ ᠶᠢ ᠵᠠᠯᠭᠠᠭ᠎ᠠ ᠪᠠᠷ | ᠲᠠᠷᠢᠪᠠ᠃ ᠰᠢ ᠶᠢᠨ ᠫᠢᠩ ᠮᠣᠳᠣ ᠳᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ᠂ ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ ᠪᠠᠶᠢᠭ᠎ᠠ ᠪᠠᠶᠢᠳᠠᠯ ᠢ | ᠠᠰᠠᠭᠤᠪᠠ᠃ ᠲᠡᠷᠡ᠂ ᠥᠷᠭᠡᠨ ᠣᠯᠠᠨ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ ᠮᠥᠨ᠂ ᠬᠠᠷᠠᠬᠠᠨ ᠪᠠᠭ᠎ᠠ ᠠᠴᠠ ᠪᠠᠨ ᠭᠦᠳᠡᠯᠮᠦᠷᠢ ᠳᠤ | ᠢᠳᠡᠪᠬᠢᠲᠡᠢ ᠣᠷᠣᠯᠴᠠᠵᠤ᠂ ᠮᠣᠳᠣ ᠳᠠᠷᠢᠵᠤ ᠣᠶᠢᠵᠢᠭᠤᠯᠤᠨ᠂ ᠨᠣᠭᠤᠭᠠᠨ ᠦᠷ᠎ᠡ ᠶᠢ ᠰᠡᠳᠬᠢᠯ ᠳᠡᠭᠡᠨ ᠲᠠᠷᠢᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ | ᠬᠠᠶᠢᠷᠠᠯᠠᠬᠤ ᠤᠬᠠᠮᠰᠠᠷ ᠲᠠᠢ ᠪᠣᠯᠵᠤ᠂ ᠰᠢᠷᠭᠠᠭᠤ ᠰᠤᠷᠤᠯᠴᠠᠵᠤ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ᠂ ᠢᠳᠡᠷᠡᠭᠦᠨ ᠢᠶᠠᠷ ᠦᠰᠦᠨ ᠪᠤᠶᠢᠵᠢᠵᠤ᠂ | ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠵᠦ᠂ ᠤᠯᠤᠰ ᠤᠨ ᠨᠢᠷᠤᠭᠤ ᠲᠤᠯᠭᠠᠭᠤᠷᠢ | ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡ ᠭᠦᠭ ᠲᠠᠢ | ᠬᠥᠳᠡᠯᠮᠦᠷᠢᠯᠡᠵᠡᠭᠡᠵᠦ᠂ ᠤᠳᠤᠷᠢᠳᠬᠤ ᠨᠥᠬᠦᠳ ᠤᠯᠠᠨ ᠲᠠᠢ ᠬᠠᠮᠲᠤ ᠰᠢᠷᠣᠢ ᠨᠡᠮᠡᠨ ᠤᠰᠤ ᠬᠢᠵᠦ᠂ ᠭᠦᠷ ᠬᠥᠭᠵᠢᠶᠡᠨ ᠲᠠᠢ ᠠᠵᠢᠯᠯᠠᠨ᠎ᠠ᠃ | ᠮᠣᠳᠣ ᠲᠠᠷᠢᠬᠤ ᠬᠤᠭᠤᠴᠠᠭᠠᠨ ᠳᠤ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ | ᠲᠥᠪ ᠬᠤᠷᠢᠶ᠎ᠠ ᠳᠤ ᠢᠷᠡᠵᠦ ᠠᠵᠢᠯᠯᠠᠭᠰᠠᠨ ᠤ ᠲᠠᠷᠠᠭ᠎ᠠ ᠨᠢᠭᠡᠨᠲᠡ 17 ᠵᠢᠯ ᠳᠠᠷᠠᠭᠠᠯᠠᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠵᠤ ᠪᠠᠶᠢᠨ᠎ᠠ ᠭᠡᠪᠡ᠃ ᠲᠡᠷᠡ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠤᠨ ᠮᠣᠳᠣ ᠲᠠᠷᠢᠬᠤ ᠡᠳᠦᠷ ᠢ ᠲᠣᠭᠲᠠᠭᠠᠭᠰᠠᠨ 45 ᠵᠢᠯ ᠤᠨ ᠤᠢ ᠪᠣᠯᠣᠨ᠎ᠠ᠃ | ᠪᠦᠭᠦ ᠤᠯᠤᠰ ᠤᠨ ᠠᠷᠠᠳ ᠲᠦᠮᠡᠨ ᠮᠣᠳᠣ ᠲᠠᠷᠢᠵᠤ ᠣᠶᠢᠵᠢᠭᠤᠯᠬᠤ ᠶᠢ ᠪᠠᠷᠢᠮᠲᠠᠯᠠᠵᠤ᠂ ᠬᠤᠪᠠᠭ᠋ᠠᠢ ᠠᠭᠤᠯᠠ ᠦᠵᠡᠰᠭᠦᠯᠡᠩ ᠰᠠᠶᠢᠬᠠᠨ ᠪᠣᠯᠵᠤ᠂ ᠡᠯᠡᠰᠦ ᠮᠠᠩᠬ᠎ᠠ | ᠨᠣᠭᠤᠭᠠᠨ ᠪᠦᠷᠢᠳᠦ ᠪᠣᠯᠵᠤ᠂ ᠣᠯᠣᠭᠰᠠᠨ ᠠᠮᠵᠢᠯᠲᠠ ᠪᠦᠲᠦᠭᠡᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠠᠢ᠃ ᠡᠭᠦᠨ ᠤ ᠬᠠᠮᠲᠤ ᠮᠠᠨ ᠤ ᠤᠯᠤᠰ ᠤᠨ ᠣᠶ | ᠰᠢᠭᠤᠢ ᠶᠢᠨ ᠨᠣᠭᠤᠭᠠᠷᠠᠭᠤᠯᠤᠯᠲᠠ ᠲᠤᠲᠠᠭᠳᠠᠵᠤ ᠪᠠᠶᠢᠭ᠎ᠠ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠣᠶ ᠰᠢᠭᠤᠢ ᠶᠢᠨ ︽ᠡᠷᠳᠡᠨᠢ ᠶᠢᠨ ᠬᠥᠮᠥᠷᠭᠡ︾ ᠶᠢᠨ | ᠦᠢᠯᠡᠳᠦᠯ ᠢ ᠭᠦᠢᠴᠡᠳ ᠪᠠᠳᠠᠷᠠᠭᠤᠯᠤᠭᠠᠳᠤᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠨᠣᠭᠤᠭᠠᠷᠠᠭᠤᠯᠬᠤ ᠪᠣᠯ ᠳᠠᠷᠤᠢ ᠳᠠᠪᠠᠭᠤᠯᠢᠭ ᠢᠶᠠᠨ ᠨᠡᠮᠡᠭᠳᠡᠭᠦᠯᠵᠦ ᠪᠠᠶᠢᠭ᠎ᠠ | ᠶᠠᠪᠤᠳᠠᠯ ᠮᠥᠨ᠂ ᠮᠣᠳᠣ ᠳᠠᠷᠢᠬᠤ ᠪᠣᠯ ᠢᠷᠡᠭᠡᠳᠦᠢ ᠶᠢ ᠳᠠᠷᠢᠵᠤ ᠪᠠᠶᠢᠭ᠎ᠠ ᠶᠠᠪᠤᠳᠠᠯ ᠮᠥᠨ᠃ ᠨᠢᠭᠡ ᠨᠢᠭᠡ ᠡᠭᠡᠯᠵᠢ ᠪᠠᠷ ᠲᠠᠷᠢᠵᠤ᠂ ᠦᠶ᠎ᠡ ᠶᠢᠨ ᠦᠶ᠎ᠡ ᠵᠠᠯᠭᠠᠮᠵᠢᠯᠠᠨ | ᠠᠵᠢᠯᠯᠠᠵᠤ᠂ ᠮᠠᠨ ᠤ ︽ᠨᠣᠮᠢᠨ ᠨᠣᠭᠤᠭᠠᠨ ᠬᠥᠷᠥᠩᠭᠡ︾ ᠪᠠᠨ ᠲᠠᠰᠤᠷᠠᠯᠳᠠ ᠦᠭᠡᠢ ᠵᠤᠵᠠᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠨᠣᠭᠤᠭᠠᠷᠠᠭᠤᠯᠤᠯᠲᠠ ᠶᠢ ᠥᠷᠭᠡᠳᠬᠡᠵᠦ᠂ ᠨᠣᠭᠤᠭᠠᠷᠠᠭᠤᠯᠤᠯᠲᠠ ᠶᠢ ᠬᠥᠭᠵᠢᠭᠦᠯᠵᠦ᠂ | ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ᠃ ᠨᠣᠭᠤᠭᠠᠷᠠᠭᠤᠯᠤᠯᠲᠠ ᠶᠢ ᠥᠷᠭᠡᠳᠬᠡᠬᠦ ᠳᠤ ᠳᠠᠷᠤᠢ ᠶᠡᠭᠡ ᠬᠡᠪᠴᠢᠶᠡᠨ ᠤ | ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠶᠢ | ᠳᠠᠷᠢᠵᠤ᠂ ᠲᠣᠬᠢᠷᠠᠮᠵᠢᠲᠠᠢ ᠴᠠᠭ ᠲᠤ ᠲᠣᠬᠢᠷᠠᠮᠵᠢᠲᠠᠢ ᠠᠷᠭ᠎ᠠ ᠠᠪᠴᠤ᠂ ᠨᠢᠭᠡ ᠰᠠᠭᠤᠷᠢ ᠳᠠᠷᠢᠪᠠᠯ ᠨᠢᠭᠡ ᠰᠠᠭᠤᠷᠢ ᠶᠢ ᠡᠳᠡᠭᠡᠭᠡᠵᠦ᠂ ᠨᠢᠭᠡ ᠬᠡᠰᠡᠭ ᠣᠶᠢᠵᠢᠭᠤᠯᠪᠠᠯ | ᠨᠢᠭᠡ ᠬᠡᠰᠡᠭ ᠢ ᠨᠣᠭᠤᠭᠠᠷᠠᠭᠤᠯᠬᠤ ᠬᠡᠷᠡᠭᠲᠡᠢ᠃ ᠨᠣᠭᠤᠭᠠᠷᠠᠭᠤᠯᠤᠯᠲᠠ ᠶᠢ ᠬᠥᠭᠵᠢᠭᠦᠯᠬᠦ ᠳᠤ ᠳᠠᠷᠤᠢ ᠶᠠᠰᠤ ᠴᠢᠨᠠᠷ ᠦᠷ᠎ᠡ ᠠᠰᠢᠭ ᠢ ᠴᠢᠬᠤᠯᠠᠴᠢᠯᠠᠵᠤ᠂ ᠬᠥᠬᠡᠮᠳᠦᠭ | ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠤᠯᠭᠠᠬᠤ ᠠᠷᠭ᠎ᠠ ᠵᠠᠮ ᠢ ᠥᠷᠭᠡᠳᠬᠡᠵᠦ᠂ ᠤᠢ ᠰᠢᠭᠤᠢ ︽ᠤᠰᠤᠨ ᠴᠥᠭᠦᠷᠥᠮ᠂ ᠵᠣᠭᠤᠰᠤᠨ | ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ︾ ᠶᠢᠨ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ᠠᠮᠢ | ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ᠃ ᠨᠣᠭᠤᠭᠠᠷᠠᠭᠤᠯᠤᠯᠲᠠ ᠶᠢ | ᠬᠠᠮᠠᠭᠠᠯᠠᠬᠤ ᠳᠤ ᠳᠠᠷᠤᠢ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠲᠦᠢᠮᠡᠷ ᠢ ᠰᠡᠷᠭᠡᠶᠢᠯᠡᠨ ᠤᠨᠲᠠᠷᠠᠭᠠᠬᠤ | ᠠᠵᠢᠯ ᠢ ᠰᠠᠶᠢᠲᠤᠷ ᠬᠢᠵᠦ᠂ ᠬᠦᠨᠳᠦ ᠶᠡᠭᠡ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠭᠢᠯᠪᠠᠷ ᠪᠤᠰᠤ ᠪᠠᠷ ᠣᠯᠣᠭᠰᠠᠨ | ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠤᠮᠠᠷᠠᠲᠤ ᠶᠢᠨ ᠭᠤᠷᠪᠠᠨ ᠣᠷᠣᠨ ᠪᠣᠯ ᠤᠯᠤᠰ ᠤᠨ ᠨᠤᠲᠤᠭ | ᠳᠡᠪᠢᠰᠬᠡᠷ ᠤᠨ ᠨᠣᠭᠤᠭᠠᠷᠠᠭᠤᠯᠤᠯᠲᠠ ᠶᠢᠨ ᠭᠤᠣᠯ ᠲᠡᠶᠢᠨ ᠤ ᠲᠠᠯᠠᠪᠤᠷ ᠮᠥᠨ᠂ ᠨᠠᠩ ᠣᠯᠠᠨ ᠬᠦᠴᠦᠨ ᠢ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠡᠭᠡᠷ᠎ᠡ ᠲᠥᠪᠯᠡᠷᠡᠭᠦᠯᠵᠦ᠂ ᠤᠮᠠᠷᠠᠲᠤ ᠬᠢᠯᠢ ᠶᠢᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠠᠲᠤ ᠴᠣᠭᠴᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠣᠯᠠᠨ ᠲᠦᠮᠡᠨ ᠤ | ᠣᠷᠤᠯᠴᠠᠬᠤ ᠠᠷᠭ᠎ᠠ ᠵᠠᠮ ᠢ ᠰᠢᠯᠤᠭᠤᠳᠬᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠭᠡᠯᠪᠡᠷᠢ ᠶᠢᠨ ᠰᠢᠨ᠎ᠡ ᠶᠢ ᠡᠭᠦᠳᠴᠦ᠂ ᠣᠶ ᠶᠢᠨ ᠳᠠᠷᠤᠭ᠎ᠠ ᠶᠢᠨ ᠳᠦᠷᠢᠮ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠪᠦᠭᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ | ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ | ᠂ ᠲᠦᠷᠦ ᠶᠢᠨ ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ | | | |