︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠪᠠᠶᠠᠨᠨᠠᠭᠤᠷ᠄ ︽ᠳ᠋ᠧᠩᠺᠸᠦ ᠶᠢᠨ ᠵᠠᠭᠪᠤᠷ︾᠎ ᠢ ᠳᠡᠯᠭᠡᠷᠡᠭᠦᠯᠵᠦ ᠡᠯᠡᠰᠦᠨ ᠴᠦᠯ ᠢ ᠨᠤᠭᠤᠭᠠᠨ ᠪᠦᠷᠢᠳᠤ ᠪᠤᠯᠭᠠᠨ ᠪᠦᠳᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/4/11
      ᠬᠠᠳᠤᠨ ᠭᠤᠣᠯ ᠤᠨ ︽ᠲᠤᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯ ᠳᠠᠶᠢᠯᠠᠯᠳᠤᠭᠠᠨ ᠤ ᠲᠠᠯᠠᠪᠤᠷ ᠪᠠ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠨᠢᠭᠡ ᠤᠳᠠᠭ᠎ᠠ ᠶᠢᠨ ᠭᠡᠷᠡᠯ ᠢᠶᠠᠷ ᠴᠠᠬᠢᠯᠭᠠᠨ ᠭᠠᠷᠭᠠᠬᠤ ᠮᠡᠷᠭᠡᠵᠢᠯ ᠢᠶᠠᠷ ᠠᠷᠭ᠎ᠠ ᠪᠠᠷᠢᠯ ᠪᠣᠯᠭᠠᠭᠰᠠᠨ ᠠᠮᠢ ᠠᠬᠤᠢ ᠶᠢᠨ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠮᠠᠨ ᠤ ᠬᠤᠳᠠ ᠳᠤ ᠪᠦᠬᠦ ᠲᠠᠯ᠎ᠠ ᠪᠠᠷ ᠡᠬᠢᠯᠡᠭᠦᠯᠪᠡ᠃ ᠮᠣᠳᠣ ᠪᠠᠷ ᠡᠯᠡᠰᠦ ᠶᠢ ᠬᠤᠷᠢᠭᠯᠠᠨ᠂ ᠡᠪᠡᠰᠦ ᠪᠠᠷ ᠡᠯᠡᠰᠦ ᠶᠢ ᠲᠤᠭᠳᠠᠪᠤᠷᠢᠵᠢᠭᠤᠯᠵᠤ᠂ ᠭᠡᠷᠡᠯ ᠢᠶᠠᠷ ᠡᠯᠡᠰᠤ ᠶᠢ ᠲᠤᠰᠢᠬᠤ ︽ᠳ᠋ᠧᠩᠺᠸᠦ ᠶᠢᠨ ᠵᠠᠭᠪᠤᠷ︾᠎ ᠨᠢ ᠪᠠᠶᠠᠨᠨᠠᠭᠤᠷ ᠬᠤᠲᠠ ᠶᠢᠨ ᠬᠢᠯᠢ ᠳᠠᠬᠢ 506 ᠲᠦᠮᠡᠨ ᠮᠤ᠋ ᠤᠯᠠᠭᠠᠨᠪᠤᠬ᠎ᠠ ᠶᠢᠨ ᠡᠯᠡᠰᠦᠨ ᠴᠦᠯ ᠢ ᠨᠤᠭᠤᠭᠠᠨ ᠪᠦᠷᠢᠳᠤ ᠪᠤᠯᠭᠠᠵᠤ ᠪᠠᠶᠢᠨ᠎ᠠ᠃       ᠬᠠᠲᠤᠨ ᠭᠤᠣᠯ ᠤᠨ ︽ᠲᠤᠬᠤᠢ︾᠎ ᠶᠢᠨ ᠭᠡᠰᠡᠭ ᠨᠢ ᠪᠠᠷᠠᠭᠤᠨᠰᠢ 40 ᠺᠢᠯᠣᠮᠧᠲᠷ᠂ ᠳᠠᠷᠤᠢ ᠳ᠋ᠧᠩᠺᠸᠤ ᠰᠢᠶᠠᠨ ᠤ 85 ᠲᠦᠮᠡᠨ ᠺᠢᠯᠣᠸᠠᠲ ᠤᠨ ᠬᠡᠷᠡᠯ ᠴᠡᠨᠡᠭ ᠪᠤᠯᠤᠨ ᠠᠮᠢ ᠠᠬᠤᠢ ᠶᠢᠨ ᠵᠠᠰᠠᠯᠲᠠ ᠶᠢᠨ ᠲᠥᠷᠥᠯ ᠵᠤᠶᠢᠯ ᠤᠨ ᠲᠤᠬᠠᠢ ᠶᠢᠨ ᠲᠠᠯᠠᠪᠠᠢ ᠪᠣᠯᠣᠨ᠎ᠠ᠃       ᠥᠪᠥᠷ ᠮᠣᠩᠭᠤᠯ ᠤᠨ ᠮᠧᠩ ᠨᠧᠩ ᠰᠢᠨ᠎ᠡ ᠡᠨᠧᠷᠭᠢ ᠶᠢᠨ ᠪᠠᠶᠠᠨᠨᠠᠭᠤᠷ ᠣᠷᠣᠨ ᠤ ᠲᠥᠪ ᠤᠨ ᠶᠡᠷᠦᠩᠬᠡᠢ ᠵᠢᠩᠯᠢ ᠶᠢᠨ ᠲᠤᠰᠠᠯᠠᠭᠴᠢ ᠵᠢᠶᠠ ᠯᠢᠩ ᠶᠠ ᠰᠤᠷᠪᠤᠯᠵᠢᠯᠠᠭᠴᠢ ᠳᠤ ᠡᠨᠡᠭᠦ ᠲᠦᠷᠦᠯ ᠵᠤᠶᠢᠯ ᠪᠤᠯ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠦᠷᠦᠯ ᠵᠦᠢᠯ ᠪᠣᠯᠣᠨ᠎ᠠ᠃ ᠭᠡᠷᠡᠯ ᠴᠡᠨᠡᠭ ᠤᠨ ᠬᠠᠪᠲᠠᠰᠤ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠵᠤ᠂ ᠬᠠᠪᠲᠠᠰᠤᠨ ᠤ ᠳᠣᠣᠷ᠎ᠠ ᠪᠢᠳᠠ ᠡᠯᠡᠰᠦ ᠶᠢ ᠵᠠᠰᠠᠬᠤ ᠤᠷᠭᠤᠮᠠᠯ ᠲᠠᠷᠢᠨ᠎ᠠ᠃ ᠡᠭᠦᠨ ᠤ ᠲᠠᠭᠤ ᠬᠡᠷᠡᠯ ᠴᠡᠨᠡᠭ ᠤᠨ ᠬᠠᠪᠲᠠᠰᠤᠨ ᠤ ᠥᠨᠳᠥᠷ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠯ ᠴᠡᠨᠡᠭ ᠤᠨ ᠬᠠᠪᠲᠠᠰᠤᠨ ᠤ ᠬᠤᠭᠤᠷᠣᠨᠳᠣᠬᠢ ᠵᠠᠢ ᠶᠢ ᠴᠤ ᠦᠷᠭᠡᠳᠭᠡᠭᠰᠡᠨ᠂ ᠢᠩᠭᠢᠪᠡᠯ ᠠᠮᠢ ᠠᠬᠤᠢ ᠶᠢ ᠵᠠᠰᠠᠬᠤ ᠲᠠᠷᠢᠮᠠᠯ ᠳᠤ ᠨᠡᠩ ᠰᠠᠶᠢᠨ ᠤᠷᠭᠤᠬᠤ ᠣᠷᠣᠨ ᠵᠠᠢ ᠬᠠᠩᠭᠠᠬᠤ ᠪᠣᠯᠣᠨ᠎ᠠ ᠭᠡᠪᠡ᠃       ᠳ᠋ᠧᠩᠺᠸᠤ ᠰᠢᠶᠠᠨ ᠤ ᠡᠯᠡᠰᠦᠨ ᠴᠥᠯ ᠤᠨ ᠲᠠᠯᠠᠪᠠᠶ ᠨᠢ ᠪᠦᠭᠦ ᠰᠢᠶᠠᠨ ᠤ ᠶᠡᠷᠦᠩᠬᠡᠢ ᠲᠠᠯᠠᠪᠠᠶ ᠶᠢᠨ ᠲᠤᠯᠤᠭᠠᠨ ᠬᠤᠪᠢ ᠶᠢ ᠡᠵᠡᠯᠡᠵᠦ᠂ ᠪᠥᠬᠦ ᠤᠯᠤᠰ ᠤᠨ ᠭᠠᠵᠠᠷ ᠰᠢᠷᠣᠢ ᠶᠢᠨ ᠡᠯᠡᠰᠦᠷᠬᠡᠭᠵᠢᠯ ᠪᠠ ᠡᠯᠡᠰᠦᠷᠬᠡᠭᠵᠢᠯ ᠤᠨ ᠠᠶᠤᠯ ᠲᠦᠭᠰᠢᠭᠦᠷᠢ ᠬᠦᠨᠳᠦ ᠰᠦᠷᠡᠬᠡᠢ ᠬᠤᠣᠷ ᠬᠥᠨᠥᠭᠡᠯ ᠲᠠᠢ ᠭᠠᠵᠠᠷ ᠣᠷᠣᠨ ᠤ ᠨᠢᠭᠡ ᠨᠢ ᠪᠣᠯᠣᠨ᠎ᠠ ᠃ ᠲᠤᠬᠠᠢ ᠶᠢᠨ ᠭᠠᠵᠠᠷ ᠤᠨ ᠬᠢᠨ ᠡᠯᠡᠰᠦᠨ ᠴᠥᠯ ᠤᠨ ᠠᠮᠢ ᠠᠬᠤᠢ ᠶᠢᠨ ᠵᠠᠰᠠᠯᠲᠠ ᠶᠢ ᠬᠡᠷᠡᠯ ᠴᠡᠨᠡᠭ᠂ ᠲᠠᠷᠢᠶᠠᠯᠠᠩ᠂ ᠮᠠᠯ ᠠᠵᠤ ᠠᠬᠤᠢ ᠪᠠ ᠣᠶ ᠰᠢᠭᠤᠢ ᠵᠡᠷᠭᠡ ᠠᠵᠤ ᠦᠢᠯᠡᠰ ᠲᠠᠢ ᠤᠶᠠᠯᠳᠤᠭᠤᠯᠤᠨ᠂ ᠠᠭᠠᠷ ᠲᠡᠭᠡᠷ᠎ᠡ ᠴᠠᠬᠢᠯᠭᠠᠨ ᠭᠠᠷᠭᠠᠬᠤ᠂ ᠭᠠᠵᠠᠷ ᠳᠡᠭᠡᠷ᠎ᠡ ᠡᠪᠡᠰᠦ ᠳᠠᠷᠢᠬᠤ᠂ ᠡᠪᠡᠰᠦᠨ ᠳᠡᠭᠡᠷ᠎ᠡ ᠮᠠᠯ ᠲᠡᠵᠢᠭᠡᠬᠦ᠂ ᠮᠠᠯ ᠤᠨ ᠪᠠᠭᠠᠰᠤ ᠰᠢᠭᠡᠰᠦ ᠪᠠᠷ  ᠲᠠᠷᠢᠶ᠎ᠠ ᠳᠠᠷᠢᠬᠤ᠂ ᠭᠠᠵᠠᠷ ᠳᠡᠭᠡᠷ᠎ᠡ ᠠᠴᠠ ᠭᠠᠵᠠᠷ ᠳᠣᠣᠷ᠎ᠠ ᠬᠦᠷᠲᠡᠯᠡᠬᠢ ᠪᠥᠬᠦ ᠲᠠᠯ᠎ᠠ ᠶᠢᠨ ᠠᠰᠢᠭ ᠣᠷᠣᠯᠭ᠎ᠠ ᠶᠢ ᠪᠡᠶᠡᠯᠡᠭᠦᠯᠦᠨ᠎ᠡ᠃ ᠡᠨᠡ ᠪᠣᠯ ᠳᠠᠷᠤᠢ ᠤᠯᠠᠭᠠᠨᠪᠤᠬ᠎ᠠ ᠶᠢᠨ ᠡᠯᠡᠰᠤᠨ ᠴᠦᠯ ᠢ ᠵᠠᠰᠠᠬᠤ ︽ᠳ᠋ᠧᠩᠺᠸᠦ ᠶᠢᠨ ᠵᠠᠭᠪᠤᠷ︾ ᠪᠤᠯᠤᠨ᠎ᠠ᠃       ᠳ᠋ᠧᠩᠺᠸᠤ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠣᠪᠴᠢᠶᠠᠨ ᠤ ᠲᠤᠬᠠᠶᠢᠯᠠᠭᠰᠠᠨ ᠠᠵᠢᠯ ᠤᠨ ᠲᠠᠰᠤᠭ ᠤᠨ ᠡᠷᠬᠢᠯᠡᠭᠴᠢ ᠵᠢᠶᠠᠩ ᠯᠦᠩ ᠸᠧᠨ ᠰᠤᠷᠪᠤᠯᠵᠢᠯᠠᠭᠴᠢ ᠳᠤ ᠤᠰᠤᠯᠠᠯᠲᠠ ᠳᠤ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠠᠷᠭ᠎ᠠ ᠪᠠᠷ ᠤᠰᠤ ᠨᠦᠭᠦᠪᠦᠷᠢᠯᠡᠳᠡᠭ᠂ ᠢᠩᠭᠢᠪᠡᠯ ᠴᠢᠬᠢ ᠮᠣᠳᠣ ᠶᠢ ᠵᠠᠶᠢᠯᠠᠬᠤ ᠳᠤ ᠬᠡᠷᠡᠭᠰᠡᠬᠦ ᠤᠰᠤᠨ ᠤ ᠬᠡᠮᠵᠢᠶ᠎ᠡ ᠨᠡᠯᠢᠶᠡᠳ ᠥᠨᠳᠥᠷ ᠦᠶ᠎ᠡ ᠳᠤ ᠪᠦᠲᠦᠮᠵᠢᠲᠡᠢ ᠤᠰᠤᠨ ᠤ ᠰᠤᠷᠪᠤᠯᠵᠢ ᠶᠢᠨ ᠪᠠᠲᠤᠯᠠᠭ᠎ᠠ ᠬᠠᠩᠭᠠᠵᠤ᠂ ᠴᠢᠬᠢ ᠮᠣᠳᠣᠨ ᠤ ᠤᠨᠳᠤᠷᠤᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠢᠯᠡᠳᠲᠡ ᠨᠡᠮᠡᠭᠳᠡᠭᠦᠯᠦᠨ᠎ᠡ ᠭᠡᠪᠡ᠃       ᠣᠲᠣ᠂ ᠳ᠋ᠧᠩᠺᠸᠦ ᠳᠤ ᠨᠢᠭᠡᠨᠲᠡ ᠤᠯᠠᠭᠠᠨᠪᠤᠬ᠎ᠠ ᠶᠢᠨ ᠡᠯᠡᠰᠦᠨ ᠴᠥᠯ ᠤᠨ ᠠᠮᠢ ᠠᠬᠤᠢ ᠶᠢᠨ ᠵᠠᠰᠠᠯᠲᠠ ᠲᠠᠢ ᠵᠣᠬᠢᠴᠠᠭᠰᠠᠨ ︽ᠨᠢᠭᠡ ᠭᠠᠵᠠᠷ ᠨᠢᠭᠡ ᠲᠤᠤᠷᠵᠢᠭᠰᠠᠨ ᠭᠤᠷᠪᠠᠨ ᠣᠷᠣᠨ︾᠎ ᠤ   ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠲᠤᠭᠳᠠᠯᠴᠠᠭ᠎ᠠ ᠶᠢ ᠪᠠᠶᠢᠭᠤᠯᠤᠨ᠂ ᠤᠯᠠᠭᠠᠨᠪᠤᠬ᠎ᠠ ᠶᠢᠨ ᠡᠯᠡᠰᠦᠨ ᠴᠥᠯ ᠤᠨ ᠵᠡᠭᠦᠨ ᠬᠤᠶᠢᠲᠤ ᠬᠡᠰᠡᠭ ᠤᠨ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠣᠲᠣ ᠶᠠᠭ ᠰᠠᠶᠢᠬᠠᠨ ᠪᠠᠶᠢᠭᠤᠯᠵᠤ ᠪᠠᠶᠢᠨ᠎ᠠ᠃      ᠳ᠋ᠧᠩᠺᠸᠤ ᠰᠢᠶᠠᠨ ᠤ ᠳᠡᠳ᠋ ᠳᠠᠷᠤᠭ᠎ᠠ ᠬᠠᠨ ᠷᠦᠢ ᠰᠤᠷᠪᠤᠯᠵᠢᠯᠠᠭᠴᠢ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠎ ᠶᠢᠨ ᠰᠡᠭᠦᠯᠴᠢ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠎ ᠶᠢᠨ ᠡᠬᠢᠨ ᠤ ᠦᠶ᠎ᠡ ᠪᠣᠯᠬᠤ ᠳᠤ ᠳ᠋ᠧᠩᠺᠸᠤ ᠰᠢᠶᠠᠨ ᠰᠢᠨ᠎ᠡ ᠡᠨᠧᠷᠭᠢ ᠎ ᠶᠢᠨ ᠰᠤᠷᠪᠤᠯᠵᠢ ᠎ ᠶᠢᠨ ᠮᠠᠰᠢᠨ ᠴᠣᠭᠴᠠᠯᠠᠪᠤᠷᠢ ᠎ ᠶᠢᠨ ᠬᠡᠪᠴᠢᠶ᠎ᠡ 1400 ᠲᠦᠮᠡᠨ ᠺᠢᠯᠣᠸᠠᠲ ᠎ ᠠᠴᠠ ᠳᠡᠭᠡᠭᠰᠢ ᠳᠤ ᠬᠦᠷᠴᠦ᠂ ᠭᠡᠷᠡᠯ ᠤᠨ ᠡᠨᠧᠷᠭᠢ ᠪᠠᠷ ᠡᠯᠡᠰᠦ ᠎ ᠶᠢ ᠵᠠᠰᠠᠬᠤ ᠲᠠᠯᠠᠪᠠᠶ 43 ᠲᠦᠮᠡᠨ ᠮᠦ ᠠᠴᠠ ᠳᠡᠭᠡᠭᠰᠢ ᠪᠤᠯᠵᠤ᠂ ᠪᠦᠭᠦ ᠰᠢᠶᠠᠨ ᠤ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 160 ᠳ᠋ᠦᠩᠰᠢᠭᠤᠷ ᠲᠥᠭᠦᠷᠢᠭ ᠠᠴᠠ ᠲᠡᠭᠡᠭᠰᠢ ᠪᠤᠯᠭᠠᠨ᠎ᠠ ᠭᠡᠪᠡ᠃       ᠡᠨᠡ ᠵᠢᠯ᠂ ᠮᠠᠨ ᠤ ᠬᠤᠲᠠ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 300 ᠲᠦᠮᠡᠨ ᠮᠤ᠋ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠤᠯᠠᠭᠠᠨᠪᠤᠬ᠎ᠠ ᠶᠢᠨ ᠡᠯᠡᠰᠦᠨ ᠴᠦᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠬᠡᠷᠡᠯ ᠴᠡᠨᠡᠭ᠂ ᠮᠧᠩ ᠨᠧᠩ 460 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠰᠠᠯᠬᠢᠨ ᠴᠠᠬᠢᠯᠭᠠᠨ᠂ ᠬᠡᠷᠡᠯ ᠴᠡᠨᠡᠭ ᠢ ᠪᠠᠶᠢᠭᠤᠯᠤᠨ ᠳᠠᠭᠤᠰᠬᠠᠵᠤ ᠲᠣᠣᠷ ᠲᠤ ᠨᠡᠶᠢᠯᠡᠭᠦᠯᠬᠦ ᠶᠢ ᠪᠡᠶᠡᠯᠡᠭᠦᠯᠭᠦ ᠪᠠᠷ ᠲᠥᠯᠥᠪᠯᠡᠵᠦ ᠪᠣᠶ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ