ᠤᠷᠠᠳ ᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠡᠷᠡᠭ ᠤᠨ ᠲᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠥᠷᠨᠢᠭᠦᠯᠵᠦ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠦ ᠪᠤᠢ
ᠨᠡᠶᠢᠲᠡᠯᠡᠭᠰᠡᠨ ᠴᠠᠭ᠄
2024/4/11
      ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂ ︽ᠤᠷᠠᠳ ᠤᠨ ᠳᠤᠮᠳᠠᠳᠤ ᠬᠤᠰᠢᠭᠤᠨ  ᠤ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠤᠷᠠᠳ ᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠲᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠲᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠪᠡ᠃       ᠡᠮᠦᠨᠡᠬᠢ ᠬᠤᠭᠤᠴᠠᠭᠠᠨ ᠤ ᠥᠪᠡᠰᠦᠪᠡᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠦᠨᠡᠯᠡᠨ ᠪᠠᠶᠢᠴᠠᠭᠠᠬᠤ ᠠᠵᠢᠯ ᠤᠨ ᠳᠤᠭᠤᠶᠢᠯᠠᠩ ᠬᠠᠮᠢᠶ᠎ᠠ ᠪᠥᠬᠦᠶ ᠬᠡᠷᠡᠭ ᠤᠨ ᠲᠠᠩᠰᠠ ᠡᠪᠬᠡᠮᠡᠯ ᠢ ᠲᠥᠪᠯᠡᠷᠡᠭᠦᠯᠦᠨ ᠰᠤᠭᠤᠴᠢᠨ ᠪᠠᠶᠢᠴᠠᠭᠠᠵᠤ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠬᠠᠤᠯᠢᠴᠢ ᠶᠢᠨ ᠣᠷᠣᠯᠠᠬᠤ ᠬᠡᠷᠡᠭ ᠤᠨ ᠲᠠᠩᠰᠠ ᠡᠪᠬᠡᠮᠡᠯ ᠢ ᠨᠡᠶᠢᠲᠡ 110 ᠭᠠᠷᠤᠶ ᠳᠡᠪᠲᠡᠷ ᠰᠤᠭᠤᠴᠢᠨ ᠪᠠᠶᠢᠴᠠᠭᠠᠵᠤ᠂ ᠭᠤᠤᠯᠳᠠᠭᠤ ᠬᠡᠷᠡᠭ ᠤᠨ ᠡᠪᠬᠡᠮᠡᠯ ᠢ ᠲᠠᠭᠯᠠᠨ ᠪᠢᠴᠢᠭᠰᠡᠨ ᠨᠢ ᠵᠢᠷᠤᠮᠵᠢᠯ ᠥᠬᠡᠶ᠂ ᠬᠠᠮᠢᠶ᠎ᠠ ᠪᠥᠬᠦᠶ ᠮᠠᠲ᠋ᠧᠷᠢᠶᠠᠯ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠢ ᠪᠠᠶᠢᠴᠠᠭᠠᠨ ᠭᠠᠷᠭᠠᠪᠠ᠃       ᠲᠠᠷᠠᠭᠠᠴᠢ ᠶᠢᠨ ᠠᠯᠬᠤᠮ ᠳᠤ᠂ ᠬᠠᠤᠯᠢ ᠴᠠᠭᠠᠵᠠ ᠶᠢᠨ ᠲᠣᠪᠴᠢᠶ᠎ᠠ ᠦᠨᠡᠯᠡᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠲᠥᠷᠥᠯᠵᠢᠭᠦᠯᠵᠦ᠂ ᠬᠢᠨᠠᠮᠠᠭᠠᠶ ᠵᠠᠳᠠᠯᠤᠨ ᠰᠤᠳᠤᠯᠵᠤ᠂ ᠭᠤᠤᠯᠳᠠᠯᠭ᠎ᠠ ᠲᠠᠢ ᠠᠰᠠᠭᠤᠳᠠᠯ ᠳᠤ ᠪᠣᠳᠠᠲᠠᠶ ᠵᠢᠯᠣᠭᠤᠳᠣᠯᠭ᠎ᠠ ᠥᠷᠨᠢᠭᠦᠯᠤᠨ᠂ ᠨᠡᠶᠢᠲᠡᠯᠢᠭ ᠴᠢᠨᠠᠷᠲᠠᠶ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠤᠨ᠂ ᠦᠨᠡᠯᠡᠨ ᠵᠢᠱᠢᠬᠦ ᠪᠠᠷ ᠰᠤᠷᠤᠯᠴᠠᠬᠤ ᠶᠢ ᠠᠬᠢᠭᠤᠯᠬᠤ᠂ ᠦᠨᠡᠯᠡᠨ ᠵᠢᠱᠢᠬᠦ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠦᠷ᠎ᠡ ᠪᠦᠲᠦᠮᠵᠢ ᠣᠯᠵᠤ᠂ ᠬᠡᠷᠡᠭ ᠤᠨ ᠲᠠᠩᠰᠠ ᠡᠪᠬᠡᠮᠡᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠤᠨ᠂ ᠬᠠᠤᠯᠢ ᠴᠠᠭᠠᠵᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ