ᠤᠷᠠᠳ ᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢᠶᠠᠨ ᠴᠢᠩᠭᠠᠳᠬᠠᠵᠤ ᠠᠵᠤ ᠠᠬᠤᠶᠢᠯᠠᠯ ᠤᠨ ᠨᠠᠷᠢᠯᠢᠭ ᠤᠨᠤᠪᠴᠢᠳᠠᠢ ᠭᠠᠶᠢᠯᠢ ᠲᠤᠰᠢᠶᠠᠬᠤ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/4/11
      ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠠᠵᠢᠯᠲᠠᠤᠨ ᠠᠵᠤ ᠠᠬᠤᠶᠢᠯᠠᠯ ᠳᠤ ᠬᠦᠨᠵᠡᠬᠡᠶᠢᠷᠡᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠭᠤᠶᠤᠴᠢᠯᠠᠨ ᠮᠡᠳᠡᠭᠦᠯᠬᠦ ᠶᠢ ᠤᠨᠢᠨ ᠲᠡᠭᠡᠷ᠎ᠡ ᠨᠢ ᠬᠠᠪᠰᠤᠷᠤᠨ ᠵᠢᠯᠣᠭᠤᠳᠴᠤ᠂ ᠠᠶᠢᠯ ᠡᠷᠦᠬᠡ ᠳᠤ ᠬᠦᠨᠵᠡᠬᠡᠶᠢᠷᠡᠨ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠨᠢᠭᠡᠳ ᠨᠢᠭᠡ ᠪᠠᠷ ᠬᠠᠪᠰᠤᠷᠤᠨ ᠵᠢᠯᠣᠭᠤᠳᠴᠤ᠂ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠭᠤᠶᠤᠴᠢᠯᠠᠨ ᠮᠡᠳᠡᠭᠦᠯᠬᠦ ᠠᠵᠢᠯ ᠤᠨ ᠶᠠᠰᠤ ᠴᠢᠨᠠᠷ ᠢ ᠪᠦᠳᠦᠮᠵᠢᠳᠡᠢ ᠪᠠᠷ ᠳᠡᠭᠡᠭᠰᠢᠯᠡᠭᠦᠯᠵᠦ ᠪᠤᠢ᠃       ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠠᠵᠢᠯᠲᠠᠤᠨ ᠤᠨ ᠪᠥᠬᠦ ᠶᠠᠪᠤᠴᠠ ᠳᠤ ᠬᠠᠪᠰᠤᠷᠤᠨ ᠵᠢᠯᠣᠭᠤᠳᠬᠤ ᠪᠠᠷ ᠳᠡᠮᠵᠢᠨ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠠᠵᠢᠯᠲᠠᠨ ᠳᠤ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠪᠠᠶᠢᠳᠠᠯ ᠢ ᠨᠠᠩ ᠰᠠᠶᠢᠲᠤᠷ ᠣᠶᠢᠯᠠᠭᠠᠭᠤᠯᠵᠤ᠂ ᠠᠵᠤ ᠠᠬᠤᠶᠢᠯᠠᠯ ᠤᠨ ᠬᠠᠮᠢᠶᠠᠷᠤᠯᠲᠠ ᠪᠠ ᠡᠳ᠋ ᠤᠨ ᠶᠠᠪᠤᠳᠠᠯ ᠤᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠤᠨ᠂ ᠠᠵᠤ ᠠᠬᠤᠶᠢᠯᠠᠯ ᠤᠨ ᠬᠤᠷᠢᠶᠠᠩᠭᠤᠶᠢᠯᠠᠨ ᠪᠤᠳᠤᠬᠤ ᠠᠵᠢᠯ ᠤᠨ ᠳᠤᠮᠳᠠᠬᠢ ᠬᠦᠴᠢᠷ ᠠᠰᠠᠭᠤᠳᠠᠯ ᠪᠠ ᠰᠡᠵᠢᠭᠲᠡᠶ ᠠᠰᠠᠭᠤᠳᠠᠯ ᠢ  ᠰᠢᠢᠳᠪᠦᠷᠢᠯᠡᠵᠦ᠂ ᠨᠠᠩ ᠴᠤ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠲᠦᠭᠰᠢᠭᠦᠷᠢ ᠠᠴᠠ ᠵᠠᠶᠢᠯᠠᠰᠬᠢᠬᠦ  ᠶᠢᠨ ᠬᠠᠮᠲᠤ ᠠᠵᠤ ᠠᠬᠤᠶᠢᠯᠠᠯ ᠤᠨ ᠠᠯᠤᠰ ᠬᠡᠲᠦ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠦᠭᠬᠦᠭᠰᠡᠨ ᠪᠠᠶᠢᠨ᠎ᠠ᠃       ᠵᠠᠯᠭᠠᠭᠠᠳ᠂ ᠤᠷᠠᠳ ᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠲᠤᠰᠢᠶᠠᠬᠤ ᠳᠤ ᠲᠥᠬᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ᠂ ᠭᠠᠶᠢᠯᠢ ᠲᠤᠰᠢᠶᠠᠭᠴᠢ ᠶᠢᠨ ᠰᠡᠳᠬᠢᠯ ᠬᠠᠨᠤᠮᠵᠢᠲᠠᠶ ᠪᠠᠶᠢᠬᠤ ᠪᠠᠷ ᠠᠵᠢᠯ ᠤᠨ ᠦᠨᠳᠦᠰᠦᠨ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠦᠨᠡᠨ ᠪᠣᠳᠠᠲᠠᠶ ᠬᠡᠷᠡᠭᠵᠢᠭᠦᠯᠦᠨ᠂ ᠭᠠᠶᠢᠯᠢ ᠲᠠᠲᠠᠪᠤᠷᠢ  ᠶᠢᠨ ᠴᠢᠨᠠᠷ ᠰᠠᠶᠢᠲᠠᠶ  ᠦᠢᠯᠡᠴᠢᠯᠡᠭᠡ ᠪᠠᠷ ᠭᠠᠶᠢᠯᠢ ᠲᠠᠲᠠᠪᠤᠷᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠠᠶᠢᠯᠢ ᠲᠤᠰᠢᠶᠠᠬᠤ  ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ