ᠤᠷᠠᠳ ᠤᠨ ᠬᠤᠶᠢᠳᠤ ᠬᠤᠰᠢᠭᠤ ᠠᠵᠤ ᠠᠬᠤᠶᠢᠯᠠᠯ ᠢ ᠬᠠᠯᠠᠮᠵᠢᠯᠠᠵᠤ ᠠᠷᠠᠯᠵᠢᠶ᠎ᠠ ᠡᠵᠡᠩᠨᠡᠯᠲᠡ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/11
      ᠣᠶᠢᠷ᠎ᠠ ᠳᠤ᠂ ᠬᠤᠰᠢᠭᠤᠨ ᠤ ᠬᠥᠳᠡᠯᠮᠦᠷᠢ ᠪᠠ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ  ᠲᠠᠰᠤᠯᠬᠤ ᠺᠣᠮᠢᠰ ᠤᠨ ᠬᠥᠨᠳᠡᠯᠡᠨ ᠠᠴᠠ ᠲᠠᠰᠤᠯᠠᠬᠤ ᠰᠠᠶᠢᠨ ᠳᠤᠷ᠎ᠠ ᠶᠢᠨ ᠵᠠᠯᠠᠭᠤ ᠠᠵᠢᠯᠯᠠᠭᠴᠢ ᠬᠤᠰᠢᠭᠤᠨ ᠤ ᠠᠵᠢᠯᠴᠢᠨ ᠤ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯᠲᠠᠳ ᠲᠠᠢ ᠬᠠᠮᠲᠤᠷᠠᠨ ᠪᠠᠶᠠᠨᠨᠠᠭᠤᠷ ᠤᠨ ᠽᠢ ᠶᠢᠨ ᠥᠩᠭᠡᠲᠦ ᠲᠡᠮᠦᠷᠯᠢᠭ ᠤᠨ ᠬᠢᠵᠠᠭᠠᠷᠲᠤ ᠺᠤᠮᠫᠠᠨᠢ ᠳᠤ ᠬᠦᠷᠴᠤ᠂ ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠬᠦᠷᠭᠡᠵᠦ᠂ ᠠᠵᠤ ᠠᠬᠤᠶᠢᠯᠠᠯ ᠢ ᠬᠠᠯᠠᠮᠵᠢᠯᠠᠵᠤ᠂ ᠠᠷᠠᠯᠵᠢᠶ᠎ᠠ ᠡᠵᠡᠩᠨᠠᠯᠳᠠ ᠶᠢ ᠬᠠᠮᠠᠭᠠᠯᠠᠬᠤ︾ ᠬᠥᠨᠳᠡᠯᠡᠨ ᠠᠴᠠ ᠲᠠᠰᠤᠯᠤᠭᠴᠢ ᠰᠠᠶᠢᠨ ᠳᠤᠷ᠎ᠠ ᠶᠢᠨ ᠵᠠᠯᠠᠭᠤ ᠠᠵᠢᠯᠯᠠᠭᠴᠢ ᠶᠢᠨ ᠠᠵᠤ ᠠᠬᠤᠶᠢᠯᠠᠯ ᠲᠠᠢ ᠬᠠᠷᠢᠯᠴᠠᠬᠤ ᠠᠵᠢᠯᠯᠠᠭ᠎ᠠ ᠦᠷᠨᠢᠬᠦᠯᠪᠠ᠃ ᠠᠵᠤ ᠠᠬᠤᠶᠢᠯᠠᠯ ᠢ ᠬᠠᠪᠰᠤᠷᠤᠨ ᠬᠥᠳᠡᠯᠮᠦᠷᠢ ᠬᠦᠴᠦᠨ ᠢ ᠬᠡᠷᠡᠭᠯᠡᠬᠦ ᠬᠠᠮᠢᠶᠠᠷᠤᠯᠲᠠ ᠳᠤᠮᠳᠠᠬᠢ ᠬᠦᠴᠢᠷ ᠲᠦᠪᠡᠭ ᠠᠰᠠᠭᠤᠳᠠᠯ ᠢ ᠡᠮᠬᠢᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠳᠡᠯᠮᠦᠷᠢ ᠶᠢᠨ ᠬᠠᠷᠢᠴᠠᠭ᠎ᠠ ᠶᠢᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠵᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠠ᠃      ᠰᠠᠶᠢᠨ ᠳᠤᠷ᠎ᠠ ᠶᠢᠨ ᠦᠢᠯᠡᠴᠢᠯᠡᠭᠴᠢᠳ ᠬᠠᠤᠯᠢ ᠴᠠᠭᠠᠵᠠ ᠶᠢᠨ ᠬᠢᠴᠢᠶᠠᠯ᠂ ᠰᠦᠯᠵᠢᠶᠡᠨ ᠲᠡᠬᠡᠷᠡᠬᠢ ᠬᠢᠴᠢᠶᠡᠯ ᠤᠨ ᠲᠠᠩᠬᠢᠮ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠣᠨ ᠠᠵᠢᠯᠲᠠᠨ ᠠᠵᠢᠯᠴᠢᠨ ᠲᠠᠢ ᠨᠢᠭᠤᠷᠲᠠᠨ ᠶᠠᠷᠢᠯᠴᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠭᠰᠡᠨ ᠪᠣᠳᠠᠲᠠᠢ ᠪᠠᠶᠢᠳᠠᠯ ᠢ ᠣᠶᠢᠯᠠᠭᠠᠨ ᠂ ᠬᠥᠳᠡᠯᠮᠦᠷᠢ ᠶᠢᠨ ᠠᠵᠢᠯᠴᠢᠨ ᠢ ᠬᠡᠷᠡᠭᠯᠡᠬᠦ ᠳᠦᠷᠢᠮ ᠲᠣᠭᠲᠠᠭᠠᠯ ᠳᠤ ᠨᠡᠶᠢᠴᠡᠬᠦ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ᠂ ᠠᠵᠢᠯ ᠤᠨ ᠪᠠᠶᠢᠷᠢ ᠪᠠ ᠴᠠᠯᠢᠩ ᠢ ᠲᠣᠬᠢᠷᠠᠭᠤᠯᠬᠤ ᠵᠡᠷᠭᠡ ᠲᠠᠯ᠎ᠠ ᠶᠢᠨ ᠬᠠᠤᠯᠢ ᠴᠠᠭᠠᠵᠠ ᠶᠢᠨ ᠠᠰᠠᠭᠤᠳᠠᠯ ᠢ ᠡᠮᠬᠢᠯᠡᠨ ᠵᠠᠳᠠᠯᠵᠤ᠂ ᠠᠵᠤ ᠠᠬᠤᠶᠢᠯᠠᠯ ᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ ᠪᠠᠶᠢᠭᠠᠳ ᠬᠥᠳᠡᠯᠮᠦᠷᠢᠴᠢᠨ ᠪᠠ ᠬᠥᠷᠥᠩᠭᠡᠲᠡᠨ ᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠭᠦᠯᠵᠦ᠂ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠬᠠᠮᠲᠤ ᠬᠥᠳᠡᠯᠮᠦᠷᠢᠴᠢᠨ ᠳᠤ ᠥᠪᠡᠷ ᠤᠨ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠲᠤᠬᠠᠢ ᠰᠠᠨᠠᠭᠤᠯᠤᠬᠰᠠᠨ ᠪᠠᠶᠢᠨ᠎ᠠ᠃      ︽ᠡᠨᠡ ᠤᠳᠠᠭᠠᠨ ᠤ ᠲᠠᠶᠢᠯᠤᠮᠵᠢ ᠳᠤ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠬᠠᠤᠯᠢ ᠵᠦᠢ ᠶᠢᠨ ᠵᠠᠳᠠᠯᠤᠯᠲᠠ ᠬᠢᠭᠰᠡᠨ ᠪᠥᠭᠡᠳ ᠪᠣᠳᠠᠲᠠᠢ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠤᠭᠰᠠᠨ ᠪᠣᠯᠬᠤᠷ ᠪᠢᠳᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢ ᠨᠡᠩ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠲᠤᠰᠠᠲᠠᠢ ᠪᠠᠷ ᠪᠠᠷᠠᠬᠤ ᠦᠭᠡᠢ ᠪᠠᠰᠠ ᠠᠵᠢᠯᠲᠠᠨ ᠠᠵᠢᠯᠴᠢᠨ ᠤ ᠨᠢᠭᠲᠠᠷᠠᠯ ᠤᠨ ᠬᠦᠴᠦᠨ ᠢ ᠨᠡᠮᠡᠭᠳᠡᠭᠦᠯᠬᠦ ᠳᠤ ᠠᠰᠢᠭᠲᠠᠢ ᠪᠠᠶᠢᠵᠤ᠂ ᠠᠵᠤ ᠠᠬᠤᠶᠢᠯᠠᠯ ᠤᠨ ᠠᠯᠤᠰ ᠬᠡᠳᠦ ᠶᠢᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ︾᠃ ᠭᠡᠵᠦ ᠪᠠᠶᠠᠨᠨᠠᠭᠤᠷ ᠤᠨ ᠽᠢ ᠶᠢᠨ ᠥᠩᠭᠡᠲᠦ ᠲᠡᠮᠦᠷᠯᠢᠭ ᠤᠨ ᠬᠢᠵᠠᠭᠠᠷᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ ᠸᠠᠨ ᠶᠦᠩ ᠯᠢ ᠬᠡᠯᠡᠪᠡ᠃       ᠵᠠᠯᠭᠠᠭᠠᠳ ᠬᠤᠰᠢᠭᠤᠨ ᠤ ᠬᠥᠨᠳᠡᠯᠡᠨ ᠠᠴᠠ ᠲᠠᠰᠤᠯᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠦᠷᠭᠦᠯᠵᠢᠯᠡᠨ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠡᠯᠪᠡᠭ ᠪᠠᠶᠠᠯᠢᠭ ᠲᠤᠰᠬᠠᠢ ᠮᠡᠷᠭᠡᠵᠢᠯ ᠤᠨ ᠮᠡᠳᠡᠯᠭᠡ ᠪᠠᠷ ᠨᠠᠩ ᠣᠯᠠᠨ ᠠᠵᠤ ᠠᠬᠤᠶᠢᠯᠠᠯ ᠳᠤ ᠬᠦᠷᠴᠦ᠂ ᠬᠥᠳᠡᠯᠮᠦᠷᠢ ᠶᠢᠨ ᠬᠠᠤᠯᠢ ᠴᠠᠭᠠᠵᠠ ᠶᠢ ᠤᠬᠠᠭᠤᠯᠤᠨ ᠲᠠᠶᠢᠯᠪᠤᠷᠢᠯᠠᠵᠤ᠂ ᠪᠥᠬᠦ ᠨᠡᠶᠢᠭᠡᠮ ᠢᠶᠠᠷ ᠢᠶᠠᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ᠂ ᠬᠥᠳᠡᠯᠮᠦᠷᠢᠴᠢᠳ ᠤᠨ ᠬᠠᠤᠯᠢ ᠶᠣᠰᠣᠭᠠᠷ ᠣᠶᠤᠨᠴᠢ ᠪᠠᠷ ᠡᠷᠬᠡ ᠪᠠᠨ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠡᠶ᠎ᠡ ᠵᠣᠬᠢᠴᠠᠯ ᠲᠠᠢ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠬᠠᠮᠲᠤ ᠪᠠᠷ ᠪᠠᠶᠢᠭᠤᠯᠬᠤ ᠪᠠᠷ ᠬᠦᠴᠤᠯᠠᠬᠦ ᠶᠤᠮ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ